ᠠᠷᠠᠳ ᠤᠯᠠᠨ ᠤ ᠡᠷᠡᠭᠦᠯ ᠮᠡᠨᠳᠦ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ — ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠷᠧᠨ ᠵᠢᠢ ᠬᠤᠸᠠ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/11/8
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠶ᠎ᠠ — ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠰᠣᠷᠪᠤᠯᠵᠢᠯᠠᠭ᠎ᠠ      ︽ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠳᠤᠷᠠᠳᠪᠠ᠃ ᠠᠷᠠᠳ ᠲᠦᠮᠡᠨ ᠤ ᠡᠷᠡᠭᠦᠯ ᠮᠡᠨᠳᠤ ᠶᠢ ᠪᠠᠲᠤᠯᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠡᠭᠦᠯ ᠮᠡᠨᠳᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠣᠳᠣᠬᠠᠨ ᠳᠤ ᠠᠷᠠᠳ ᠣᠯᠠᠨ ᠡᠷᠡᠭᠦᠯ ᠮᠡᠨᠳᠦ ᠶᠢᠨ ᠦᠢᠯᠡᠴᠢᠯᠡᠭᠡ ᠳᠤ ᠨᠡᠩ ᠶᠡᠭᠡ ᠬᠦᠰᠡᠯ ᠡᠷᠡᠮᠡᠯᠵᠡᠯ ᠲᠠᠢ ᠪᠣᠯᠵᠤ᠂ ᠠᠷᠠᠳ ᠣᠯᠠᠨ ᠪᠣᠯᠣᠨ ᠨᠡᠶᠢᠭᠡᠮ ᠤᠨ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠵᠤ᠂ ᠦᠢᠯᠡᠴᠢᠯᠡᠭᠡᠨ ᠤ ᠲᠣᠣᠷ ᠢ ᠨᠢᠭᠲᠠ ᠰᠦᠯᠵᠢᠵᠦ ᠪᠠᠶᠢᠭ᠎ᠠ ᠨᠢ ᠬᠥᠮᠥᠨ ᠨᠢᠭᠡᠪᠦᠷᠢ ᠶᠢ ᠣᠷᠬᠢᠭᠳᠠᠭᠤᠯᠬᠤ ᠦᠭᠡᠢ ᠶᠢᠨ ᠲᠥᠯᠥᠭᠡ ᠶᠤᠮ︾ ᠭᠡᠵᠦ ᠬᠤᠷᠢᠳᠤᠭᠠᠷ ᠶᠡᠭᠡ ᠬᠤᠷᠠᠯ ᠤᠨ ᠢᠯᠡᠳᠬᠡᠯ   ᠢ ᠨᠠᠷᠢᠨ ᠬᠢᠨᠠᠮᠠᠭᠠᠢ ᠳᠠᠬᠢᠨ ᠳᠠᠪᠲᠠᠨ ᠰᠤᠷᠤᠯᠴᠠᠭᠰᠠᠨ ᠤ ᠳᠠᠷᠠᠭ᠎ᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠷᠧᠨ ᠵᠢᠢ ᠬᠤᠸᠠ ᠭᠦᠨ ᠰᠡᠳᠬᠢᠭᠳᠡᠯ ᠲᠠᠢ ᠪᠣᠯᠵᠠᠢ᠃ ᠣᠶᠢᠷ᠎ᠠ ᠳᠤ᠂ ᠷᠧᠨ ᠵᠢᠢ ᠬᠤᠸᠠ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠢᠮᠠᠭᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠮᠠᠨ ᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠭᠤᠣᠯᠳᠠᠯᠭ᠎ᠠ ᠲᠠᠢ ᠪᠡᠷᠬᠡ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠶᠢᠨ ᠴᠢᠨᠠᠷᠲᠠᠢ ᠪᠠᠷ ᠲᠥᠯᠥᠪᠯᠡᠵᠦ᠂ ᠪᠥᠬᠦ ᠲᠠᠯ᠎ᠠ ᠶᠢᠨ ᠴᠢᠨᠠᠷᠲᠠᠢ ᠪᠠᠷ ᠲᠦᠯᠬᠢᠨ ᠠᠬᠢᠭᠤᠯᠤᠨ᠎ᠠ ᠭᠡᠵᠡᠢ᠃      ᠷᠧᠨ ᠵᠢᠢ ᠬᠤᠸᠠ ᠬᠡᠯᠡᠬᠦ ᠳᠡᠭᠡᠨ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠨ ᠳᠣᠷᠣᠭᠰᠢ ᠪᠠᠭᠤᠯᠭᠠᠵᠤ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠣᠳᠣᠬᠢᠴᠢᠯᠠᠭᠰᠠᠨ ᠡᠷᠡᠭᠦᠯ ᠮᠡᠨᠳᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠪᠤᠷᠠᠨ ᠵᠠᠰᠠᠬᠤ ᠰᠢᠰᠲ᠋ᠧᠮ ᠪᠣᠯᠣᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠬᠢᠯᠡᠩᠭᠦᠲᠡ ᠪᠠᠨ ᠬᠢᠴᠢᠶᠡᠨ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ᠃ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ︽ᠨᠢᠭᠡ ᠨᠠᠰᠤᠲᠠᠨ ᠨᠢᠭᠡ ᠨᠢᠯᠬ᠎ᠠ︾ ᠶᠢ ᠬᠠᠶᠢᠷᠠᠯᠠᠨ ᠬᠠᠮᠠᠭᠠᠯᠠᠵᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号