ᠲᠡᠦᠭᠡᠨ ᠣᠯᠠᠷᠢᠯ ︵ᠬᠤᠷᠢᠨ ᠲᠠᠪᠤ︶
ᠨᠡᠶᠢᠲᠡᠯᠡᠭᠰᠡᠨ ᠴᠠᠭ᠄
2022/12/2
ᠲᠡᠦᠭᠡᠨ ᠣᠯᠠᠷᠢᠯ ︵ᠬᠤᠷᠢᠨ‌‍ᠲ᠋ᠠᠪᠤ︶          2008 ᠤᠨ      1 ᠰᠠᠷ᠎ᠠ ᠶᠢᠨ 1 ᠤ ᠡᠳᠦᠷ    ᠦᠬᠠᠢ ᠬᠤᠳᠠ ᠠᠴᠠ ᠤᠨᠴᠠ ᠲᠡᠰ ᠤᠨ ᠪᠠᠭᠰᠢ ᠶᠢᠨ ᠨᠦᠬᠦᠪᠦᠷᠢ ᠮᠦᠩᠭᠦᠨ ᠤ ᠪᠠᠷᠢᠮᠵᠢᠶᠠᠨ ᠳᠤ ᠲᠤᠬᠢᠷᠠᠭᠤᠯᠤᠯᠳᠠ ᠬᠢᠵᠦ᠂ ᠤᠤᠯ ᠤᠨ ᠬᠦᠮᠦᠨ ᠨᠢᠭᠡᠪᠦᠷᠢ ᠶᠢᠨ ᠰᠠᠷ᠎ᠠ ᠪᠦᠷᠢ ᠶᠢᠨ 80 ᠲᠦᠭᠦᠷᠢᠭ ᠤᠨ ᠪᠠᠷᠢᠮᠵᠢᠶ᠎ᠠ ᠶᠢ ᠲᠡᠭᠡᠭᠰᠢᠯᠡᠭᠦᠯᠦᠭᠡᠳ 300 ᠲᠦᠭᠦᠷᠢᠭ ᠪᠤᠯᠭᠠᠵᠠᠢ᠃      △ᠪᠦᠬᠦ ᠤᠯᠤᠰ ᠤᠨ ᠬᠠᠮᠤᠭ ᠲᠤᠤᠷ᠎ᠠ ᠪᠠᠳᠤᠯᠭᠠᠳᠤ ᠠᠮᠢᠳᠤᠷᠠᠯ ᠤᠨ ᠨᠦᠬᠦᠪᠦᠷᠢ ᠮᠦᠩᠭᠦᠨ ᠤ ᠪᠠᠷᠢᠮᠵᠢᠶ᠎ᠠ  ᠶᠢ 2007 ᠤᠨ ᠤ ᠬᠦᠮᠦᠨ ᠨᠢᠭᠡᠪᠦᠷᠢ ᠶᠢᠨ ᠰᠠᠷ᠎ᠠ ᠪᠦᠷᠢ ᠶᠢᠨ 200 ᠲᠦᠭᠦᠷᠢᠭ ᠢ ᠲᠡᠭᠡᠭᠰᠢᠯᠡᠭᠦᠯᠦᠭᠡᠳ 220 ᠲᠦᠭᠦᠷᠢᠭ ᠪᠤᠯᠭᠠᠬᠤ ᠶᠢᠨ ᠬᠠᠮᠳᠤ A ᠪᠦᠯᠦᠭ ᠤᠨ ᠬᠦᠮᠦᠰ ᠲᠤ ᠤᠯᠭᠤᠬᠤ ᠨᠦᠬᠦᠪᠦᠷᠢ ᠮᠦᠩᠭᠦᠨ ᠤ ᠪᠠᠷᠢᠮᠵᠢᠶ᠎ᠠ  ᠶᠢ ᠬᠦᠮᠦᠨ ᠨᠢᠭᠡᠪᠦᠷᠢ ᠶᠢᠨ ᠰᠠᠷ᠎ᠠ ᠪᠦᠷᠢ ᠶᠢᠨ 236 ᠲᠦᠭᠦᠷᠢᠭ ᠢ ᠲᠡᠭᠡᠭᠰᠢᠯᠡᠭᠦᠯᠦᠭᠡᠳ 500 ᠲᠦᠭᠦᠷᠢᠭ ᠪᠤᠯᠭᠠᠵᠠᠢ᠃      1 ᠰᠠᠷ᠎ᠠ ᠶᠢᠨ 1 ~ 4 ᠤ ᠡᠳᠦᠷ    ᠦᠬᠠᠢ ᠬᠤᠳᠠ ᠶᠢᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠵᠤ᠂ ᠰᠢᠨ᠎ᠡ ᠨᠢᠭᠡᠨ ᠡᠭᠡᠯᠵᠢ ᠶᠢᠨ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠪᠠᠭ ᠪᠠ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ ᠲᠠᠷᠤᠭ᠎ᠠ ᠰᠤᠩᠭᠤᠭᠤᠯᠢ ᠪᠠᠷ ᠲᠤᠳᠤᠷᠠᠵᠠᠢ᠃ ᠯᠢᠦ ᠪᠢᠶᠤᠤ ᠦᠬᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ᠂ ᠪᠠᠢ ᠰᠢᠶᠠᠩ ᠴᠢᠶᠦ᠋ᠨ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠ ᠶᠢᠨ ᠲᠠᠷᠤᠭ᠎ᠠ᠂ ᠽᠤᠤ ᠹᠧᠩ ᠯᠦᠩ ᠦᠬᠠᠢ ᠬᠤᠳᠠ ᠶᠢᠨ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ᠂ ᠪᠤᠤ ᠮᠦᠩᠭᠡ ᠦᠬᠠᠢ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠲᠠᠷᠤᠭ᠎ᠠ ᠪᠠᠷ ᠰᠤᠩᠭᠤᠭᠳᠠᠵᠠᠢ᠃      1 ᠰᠠᠷ᠎ᠠ ᠶᠢᠨ 3 ᠤ ᠡᠳᠦᠷ     ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ ᠲᠤᠯᠤᠳᠤᠭᠠᠷ ᠬᠤᠭᠤᠴᠠᠭᠠᠨ ᠤ ᠬᠡᠰᠢᠭᠦᠳ ᠤᠨ ᠨᠢᠭᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠰᠢᠨ᠎ᠡ ᠨᠢᠭᠡᠨ ᠡᠭᠡᠯᠵᠢ ᠶᠢᠨ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠰᠤᠩᠭᠤᠭᠤᠯᠢ ᠪᠠᠷ ᠲᠤᠳᠤᠷᠠᠵᠦ᠂ ᠬᠠᠨ ᠴᠢ ᠶᠦᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠪᠠᠷ ᠰᠤᠩᠭᠤᠭᠳᠠᠵᠠᠢ᠃      1 ᠰᠠᠷ᠎ᠠ ᠶᠢᠨ 15 ᠤ ᠡᠳᠦᠷ    ᠲᠤᠮᠳᠠᠳᠤ ᠤᠯᠤᠰ ᠤᠨ ᠰᠢᠦᠳᠠᠨ ᠶᠠᠪᠤᠳᠠᠯ ᠤᠨ ᠬᠠᠳᠠᠭᠠᠯᠠᠮᠵᠢ ᠶᠢᠨ ᠪᠠᠩᠭᠢ ᠶᠢᠨ ᠦᠬᠠᠢ ᠬᠤᠳᠠ ᠶᠢᠨ ᠬᠤᠪᠢᠶᠠᠷᠢ ᠪᠠᠩᠭᠢ ᠪᠠᠶᠢᠭᠤᠯᠤᠭᠳᠠᠪᠠ᠃      3 ᠰᠠᠷ᠎ᠠ ᠳᠤ    ᠪᠠᠢ ᠰᠢᠶᠠᠩ ᠴᠢᠶᠦ᠋ᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ  ᠶᠢᠨ ᠬᠤᠷᠢᠶ᠎ᠠ ᠶᠢᠨ ᠱᠦᠵᠢ ᠪᠠᠷ ᠲᠤᠮᠢᠯᠠᠭᠳᠠᠵᠤ᠂ ᠾᠸᠦ ᠹᠧᠩ ᠴᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠬᠤᠷᠢᠶᠠᠨ ᠤ ᠲᠡᠳ᠋ ᠱᠦᠵᠢ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠷᠤᠯᠠᠭᠴᠢ ᠬᠤᠳᠠ ᠶᠢᠨ ᠲᠠᠷᠤᠭ᠎ᠠ ᠪᠠᠷ ᠲᠤᠮᠢᠯᠠᠭᠳᠠᠪᠠ᠃      4 ᠰᠠᠷ᠎ᠠ ᠶᠢᠨ 25 ᠤ ᠡᠳᠦᠷ    ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ︽ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ᠦᠪᠦᠷ ᠮᠤᠩᠭᠤᠯ ᠤᠨ ᠬᠠᠳᠤᠨ ᠭᠤᠤᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠳᠠ ᠶᠢᠨ ᠬᠦᠢᠰᠦ ᠪᠠᠷᠢᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ  ᠶᠢᠨ ᠪᠢᠴᠢᠭ ᠤᠨ ᠲᠤᠬᠠᠢ ᠴᠦ᠋ᠬᠤᠯᠡᠪᠦᠷᠢᠯᠡᠯ ᠭ᠋ᠠᠷᠢᠭᠤᠯᠳᠠ︾ ᠪᠠᠭᠤᠯᠭᠠᠵᠤ᠂ ︽ᠬᠠᠳᠤᠨ ᠭᠤᠤᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠳᠠ ᠶᠢᠨ ᠬᠦᠢᠰᠦ ᠪᠠᠷᠢᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠪᠢᠴᠢᠭ︾  ᠲᠤ ᠴᠦ᠋ᠬᠤᠯᠡᠪᠦᠷᠢᠯᠡᠯ ᠭ᠋ᠠᠷᠢᠭᠤᠯᠳᠠ ᠦᠭᠴᠡᠢ᠃      5 ᠰᠠᠷ᠎ᠠ ᠶᠢᠨ 19 ~ 21 ᠤ ᠡᠳᠦᠷ    ᠰᠧᠴᠦᠸᠠᠨ ᠤ ᠸᠧᠨ ᠴᠤᠸᠠᠨ ᠳᠤ ᠭᠠᠵᠠᠷ ᠬᠦᠳᠡᠯᠵᠦ᠂ ᠪᠦᠬᠦ ᠤᠯᠤᠰ ᠤᠨ ᠭᠠᠰᠢᠭᠤᠳᠠᠯ ᠤᠨ ᠡᠳᠦᠷ ᠤᠳ ᠲᠤ᠂ ᠦᠬᠠᠢ ᠬᠤᠳᠠ ᠵᠢᠴᠢ ᠭᠤᠷᠪᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠲᠤᠭ ᠪᠠᠭᠤᠯᠭᠠᠵᠤ ᠭᠠᠵᠠᠷ ᠬᠦᠳᠡᠯᠦᠯᠳᠡ ᠳᠤ ᠭᠠᠮᠰᠢᠭᠳᠠᠭᠰᠠᠨ ᠤᠷᠤᠨ ᠤ ᠠᠳᠡᠭᠰᠡᠳ ᠢ ᠭᠠᠰᠢᠭᠤᠳᠠᠵᠠᠢ᠂ ᠬᠤᠳᠠ ᠶᠢᠨ ᠬᠡᠪᠴᠢᠶᠡᠨ ᠳᠤ ᠨᠠᠶᠢᠷ ᠨᠠᠭᠠᠳᠤᠮ ᠤᠨ ᠬᠦᠳᠡᠯᠭᠡᠭᠡᠨ ᠢ ᠴᠦᠮ ᠵᠤᠭᠰᠤᠭᠠᠵᠤ᠂ ᠵᠠᠰᠠᠭ  ᠤᠨ ᠤᠷᠳᠤᠨ ᠠᠵᠢᠯ ᠶᠠᠪᠤᠳᠠᠯ ᠤᠨ ᠰᠠᠯᠠᠭ᠎ᠠ ᠮᠦᠴᠢᠷ ᠤᠨ ᠪᠠᠶᠢᠭᠤᠯᠤᠯᠭ᠎ᠠ ᠨᠤᠭᠤᠳ ᠠᠷᠠᠳ ᠤᠨ ᠲᠠᠯᠠᠪᠠᠢ ᠳᠤ ᠨᠡᠶᠢᠳᠡ ᠶᠢᠨ ᠭᠠᠰᠢᠭᠤᠳᠠᠯ ᠤᠨ ᠶᠤᠰᠤᠯᠠᠯ ᠳᠤ ᠤᠷᠤᠯᠴᠠᠵᠠᠢ᠂ ᠲᠤᠰ ᠰᠠᠷ᠎ᠠ ᠶᠢᠨ 12 ~ 19 ᠡᠳᠦᠷ᠂ ᠦᠬᠠᠢ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠵᠤᠬᠢᠶᠠᠨ ᠪᠠᠶᠢᠭᠤᠯᠤᠯᠳᠠ ᠨᠤᠭᠤᠳ ᠭᠠᠮᠰᠢᠭᠳᠠᠭᠰᠠᠨ ᠤᠷᠤᠨ ᠳᠤ ᠬᠦᠷᠴᠦ 6 523 419.7 ᠲᠦᠭᠦᠷᠢᠭ ᠤᠨ ᠲᠤᠰᠠᠯᠠᠮᠵᠢ  ᠶᠢᠨ ᠮᠦᠩᠭᠦ ᠪᠠ ᠶᠡᠭᠡ ᠬᠡᠮᠵᠢᠶᠡᠨ ᠤ ᠬᠤᠪᠴᠠᠰᠤ ᠬᠤᠨᠠᠷ ᠬᠦᠷᠭᠡᠵᠡᠢ᠃      △ 21 ᠤ ᠡᠳᠦᠷ ᠤᠨ 13᠄ 50 ᠲᠤ ᠦᠬᠠᠢ ᠬᠤᠳᠠ ᠶᠢᠨ ᠵᠤᠬᠢᠶᠠᠨ ᠪᠠᠶᠢᠭᠤᠯᠤᠭᠰᠠᠨ ᠡᠷᠡᠬᠦᠯ ᠬᠠᠮᠠᠭᠠᠯᠠᠯ ᠠᠪᠤᠷᠠᠨ ᠲᠤᠰᠠᠯᠠᠬᠤ ᠠᠩᠭᠢ ᠰᠧᠴᠦᠸᠠᠨ ᠤ ᠭᠠᠵᠠᠷ ᠬᠦᠳᠡᠯᠦᠯᠳᠡ ᠶᠢᠨ ᠭᠠᠮᠰᠢᠭᠳᠠᠭᠰᠠᠨ ᠤᠷᠤᠨ ᠳᠤ ᠤᠴᠢᠵᠤ ᠠᠵᠢᠯᠯᠠᠬᠤ ᠪᠠᠷ ᠬᠦᠳᠡᠯᠵᠡᠢ᠃      6 ᠰᠠᠷ᠎ᠠ ᠶᠢᠨ 19 ᠤ ᠡᠳᠦᠷ     ᠦᠬᠠᠢ ᠬᠤᠳᠠ᠂ ᠰᠧᠴᠦᠸᠠᠨ ᠤ ᠭᠠᠵᠠᠷ ᠬᠦᠳᠡᠯᠦᠯᠳᠡ ᠶᠢᠨ ᠭᠠᠮᠰᠢᠭᠳᠠᠭᠰᠠᠨ ᠤᠷᠤᠨ ᠳᠤ ᠤᠴᠢᠵᠦ ᠠᠪᠤᠷᠠᠨ ᠲᠤᠰᠠᠯᠠᠬᠤ ᠨᠢᠭᠡᠳᠦᠭᠡᠷ ᠹᠷᠦᠨᠲ ᠶᠢᠨ ᠠᠵᠢᠯᠯᠠᠭ᠎ᠠ ᠳᠤ ᠤᠷᠤᠯᠴᠠᠭᠰᠠᠨ ᠡᠷᠡᠬᠦᠯ ᠬᠠᠮᠠᠭᠠᠯᠠᠯ ᠠᠪᠤᠷᠠᠨ ᠲᠤᠰᠠᠯᠠᠬᠤ ᠠᠩᠭᠢ ᠶᠢ ᠤᠭᠳᠤᠬᠤ ᠦᠪᠡᠳᠡᠭᠰᠢ ᠶᠤᠰᠤᠯᠠᠯ ᠬᠢᠵᠦ ᠤᠭᠳᠤᠵᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠬᠤᠷᠢᠶᠠᠨ ᠠᠴᠠ ᠬᠤᠳᠠ ᠶᠢᠨ ᠭᠠᠵᠠᠷ ᠬᠦᠳᠡᠯᠦᠯᠳᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠩᠭᠢ ᠶᠢᠨ ᠲᠦᠷ ᠴᠠᠭ ᠤᠨ ᠨᠠᠮ ᠤᠨ ᠡᠬᠦᠷ ᠲᠤ ᠲᠡᠷᠢᠭᠦᠨ ᠤ ᠨᠠᠮ ᠤᠨ ᠵᠤᠬᠢᠶᠠᠨ ᠪᠠᠶᠢᠭᠤᠯᠤᠯᠳᠠ ᠬᠡᠮᠡᠬᠦ ᠢᠷᠠᠭᠤ ᠠᠯᠳᠠᠷ ᠢ ᠤᠯᠭᠤᠨ᠂ 9 ᠨᠠᠮ ᠤᠨ ᠬᠡᠰᠢᠭᠦᠨ ᠳᠤ ᠰᠢᠯᠢᠳᠡᠭ ᠡᠪ ᠬᠠᠮᠳᠤ ᠨᠠᠮ ᠤᠨ ᠭᠡᠰᠢᠭᠦᠨ ᠤ ᠢᠷᠠᠭᠤ ᠠᠯᠳᠠᠷ ᠢ ᠤᠯᠭᠤᠭᠰᠠᠨ ᠢᠶᠠᠷ ᠪᠠᠷᠠᠬᠤ ᠦᠭᠡᠢ ᠠᠪᠤᠷᠠᠨ ᠲᠤᠰᠠᠯᠠᠬᠤ ᠠᠩᠭᠢ ᠶᠢᠨ ᠬᠦᠮᠦᠨ ᠨᠢᠭᠡᠪᠦᠷᠢ ᠳᠤ ᠲᠦᠮᠡᠨ ᠲᠦᠭᠦᠷᠢᠭ ᠤᠨ ᠲᠤᠬᠤᠨᠢᠭᠤᠯᠭ᠎ᠠ ᠶᠢᠨ ᠮᠦᠩᠭᠦ ᠭᠠᠷᠳᠠᠭᠤᠯᠵᠠᠢ᠃      7 ᠰᠠᠷ᠎ᠠ ᠶᠢᠨ1 ᠤ ᠡᠳᠦᠷ  ︽ᠦᠬᠠᠢ ᠶᠢᠨ ᠦᠵᠦᠮ︾ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ  ᠤᠨ ᠲᠡᠷᠢᠶᠡᠯᠡᠩ ᠤᠨ ᠪᠦᠳᠦᠭᠡᠭᠳᠡᠭᠦᠨ ᠤ ᠭᠠᠵᠠᠷ ᠵᠦᠢ ᠶᠢᠨ ᠪᠡᠯᠭᠡ ᠲᠡᠮᠳᠡᠭ ᠪᠤᠯᠤᠭᠰᠠᠨ ᠢ ᠲᠡᠮᠳᠡᠭᠯᠡᠭᠰᠡᠨ ᠦᠨᠡᠮᠯᠡᠯ  ᠢ ᠬᠦᠷᠳᠡᠵᠠᠢ᠂ ᠡᠨᠡ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠤᠷᠢ ᠶᠢᠨ ᠭᠠᠭᠴᠠ ᠭᠠᠵᠠᠷ ᠵᠦᠢ  ᠶᠢᠨ ᠪᠡᠯᠭᠡ ᠲᠡᠮᠳᠡᠭ ᠪᠤᠯᠤᠭᠰᠠᠨ ᠦᠨᠡᠮᠯᠡᠯ ᠢ ᠬᠦᠷᠳᠡᠭᠰᠡᠨ ᠲᠡᠷᠢᠶᠡᠯᠡᠩ ᠤᠨ ᠪᠦᠳᠦᠭᠡᠭᠳᠡᠭᠦᠨ ᠪᠤᠯᠤᠨ᠎ᠠ᠃      7 ᠰᠠᠷ᠎ᠠ ᠶᠢᠨ 10 ᠤ ᠡᠳᠦᠷ     ᠦᠬᠠᠢ ᠬᠤᠳᠠ ᠶᠢᠨ ᠦᠵᠦᠮ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠨᠢ ᠪᠦᠬᠦ ᠤᠯᠤᠰ ᠤᠨ ᠰᠢᠯᠢᠳᠡᠭ ᠦᠵᠦᠮ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢᠶᠠᠷ ᠲᠤᠭᠳᠠᠭᠠᠭᠳᠠᠨ᠂ ︽ᠴᠦᠮᠡᠬᠦᠢ ᠴᠠᠭᠠᠨ︾ ᠪᠠ ︽ᠤᠯᠠᠭᠠᠨ ᠪᠦᠮᠪᠦᠷᠴᠡᠭ︾ ᠬᠤᠶᠠᠷ ᠭᠤᠤᠯᠯᠠᠭᠴᠢ ᠡᠭᠦᠯᠳᠡᠷ ᠤᠨ ᠦᠵᠦᠮ ᠨᠢ ︽ᠲᠤᠮᠳᠠᠳᠤ ᠤᠯᠤᠰ ᠤᠨ ᠨᠡᠷᠡᠳᠦ ᠵᠢᠮᠢᠰ︾ ᠢᠶᠠᠷ ᠦᠨᠡᠯᠡᠭᠳᠡᠵᠡᠢ᠃      7 ᠰᠠᠷ᠎ᠠ ᠶᠢᠨ 25 ᠤ ᠡᠳᠦᠷ      ᠦᠬᠠᠢ ᠶᠢᠨ ᠨᠢᠰᠭᠡᠯ ᠤᠨ ᠲᠠᠯᠠᠪᠤᠷ ᠢ ᠦᠷᠭᠡᠳᠭᠡᠨ ᠪᠠᠶᠢᠭᠤᠯᠬᠤ ᠢᠨᠵᠧᠨᠧᠷᠢᠩ ᠪᠠᠷᠢᠯᠭ᠎ᠠ ᠲᠠᠭᠤᠰᠴᠠᠢ᠂ ᠬᠠᠶᠢᠨᠠᠨ ᠤ ᠠᠭᠠᠷ ᠤᠨ ᠠᠶᠠᠯᠠᠯ ᠤᠨ ᠺᠤᠮᠫᠠᠨᠢ ᠶᠢᠨ 737 —800 ᠬᠡᠯᠪᠡᠷᠢ  ᠶᠢᠨ ᠨᠡᠪᠳᠡᠷᠡᠭᠦᠯᠭᠡ ᠶᠢᠨ ᠨᠢᠰᠭᠡᠯ ᠦᠬᠠᠢ ᠶᠢᠨ ᠨᠢᠰᠭᠡᠯ ᠤᠨ ᠲᠠᠯᠠᠪᠤᠷ ᠲᠤ ᠠᠮᠵᠢᠯᠳᠠ ᠲᠠᠢ ᠪᠠᠷ ᠪᠠᠭᠤᠵᠠᠢ᠃      8 ᠰᠠᠷ᠎ᠠ ᠶᠢᠨ 13 ᠤ ᠡᠳᠦᠷ    ᠦᠪᠦᠷ ᠮᠤᠩᠭᠤᠯ ᠤᠨ ᠦᠬᠠᠢ ᠶᠢᠨ ᠨᠢᠰᠭᠡᠯ ᠤᠨ ᠲᠠᠯᠠᠪᠤᠷ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢ ᠦᠪᠦᠷ ᠮᠤᠩᠭᠤᠯ ᠤᠨ ᠠᠷᠠᠳ ᠤᠨ ᠭᠡᠷᠡᠭᠯᠡᠭᠡᠨ ᠤ ᠠᠭᠠᠷ ᠤᠨ ᠠᠶᠠᠯᠠᠯ  ᠤᠨ ᠨᠢᠰᠭᠡᠯ ᠤᠨ ᠲᠠᠯᠠᠪᠤᠷ ᠤᠨ ᠪᠦᠯᠦᠭᠯᠡᠯᠳᠦ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠬᠠᠮᠢᠶᠠᠷᠤᠯᠳᠠ ᠳᠤ ᠰᠢᠯᠵᠢᠭᠦᠯᠬᠦ ᠶᠤᠰᠤᠯᠠᠯ ᠬᠢᠵᠦ ᠭᠠᠷ ᠤᠨ ᠦᠰᠦᠭ ᠵᠢᠷᠤᠵᠠᠢ᠃ ᠦᠬᠠᠢ ᠶᠢᠨ ᠨᠢᠰᠭᠡᠯ ᠤᠨ ᠲᠠᠯᠠᠪᠤᠷ ᠨᠢ ᠨᠡᠶᠢᠳᠡ ᠶᠢᠨ ᠭᠠᠭᠴᠠᠭᠠᠷ  ᠪᠡᠯᠡ ᠣᠷᠣᠭᠤᠯᠤᠭᠰᠠᠨ ᠺᠤᠮᠫᠠᠨᠢ ᠶᠢᠨ ᠬᠤᠪᠢ ᠪᠠᠷ ᠦᠪᠦᠷ ᠮᠤᠩᠭᠤᠯ ᠤᠨ ᠠᠷᠠᠳ ᠤᠨ ᠭᠡᠷᠡᠭᠯᠡᠭᠡᠨ ᠤ ᠠᠭᠠᠷ ᠤᠨ ᠠᠶᠠᠯᠠᠯ ᠤᠨ ᠨᠢᠰᠭᠡᠯ ᠤᠨ ᠲᠠᠯᠠᠪᠤᠷ ᠤᠨ ᠪᠦᠯᠦᠭᠯᠡᠯᠳᠦ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠪᠦᠬᠦ ᠪᠡᠯᠡᠳᠦ ᠬᠦᠦ ᠺᠤᠮᠫᠠᠨᠢ ᠪᠤᠯᠵᠠᠢ᠃      9 ᠰᠠᠷ᠎ᠠ ᠶᠢᠨ 1 ᠤ ᠡᠳᠦᠷ     ᠦᠬᠠᠢ ᠬᠤᠳᠠ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠤᠨ ᠰᠦᠢᠳᠭᠡᠯ ᠬᠢᠭᠡᠳ ᠬᠤᠳᠠ ᠶᠢᠨ ᠠᠮᠢᠳᠦᠷᠡᠯ ᠤᠨ ᠬᠤᠭ ᠨᠤᠪᠰᠢ ᠶᠢ ᠰᠢᠢᠳᠪᠦᠷᠢᠯᠡᠬᠦ ᠰᠦᠢᠳᠭᠡᠯ ᠢ ᠬᠤᠷᠢᠶᠠᠬᠤ ᠪᠠᠨ ᠵᠤᠭᠰᠤᠬᠤ ᠶᠢᠨ ᠬᠠᠮᠳᠤ ᠤᠯᠤᠰ ᠤᠨ ᠬᠠᠮᠢᠶ᠎ᠠ ᠪᠦᠬᠦᠢ ᠲᠤᠭᠳᠠᠭᠠᠯ ᠶᠤᠰᠤᠭᠠᠷ᠂ ᠬᠤᠪᠢ ᠶᠢᠨ ᠡᠵᠡᠩᠨᠡᠯᠳᠡ ᠶᠢᠨ ᠠᠷᠠᠯᠵᠢᠶ᠎ᠠ ᠬᠤᠳᠠᠯᠳᠤᠭᠠᠨ ᠤ ᠡᠷᠦᠭᠡ ᠠᠴᠠ ᠬᠠᠮᠢᠶᠠᠷᠤᠯᠳᠠ ᠶᠢᠨ ᠰᠦᠢᠳᠭᠡᠯ ᠪᠠ ᠴᠣᠬᠯᠠᠭ᠎ᠠ ᠮᠠᠶᠢᠮᠠᠢ ᠶᠢᠨ ᠵᠠᠬ᠎ᠠ ᠳᠠᠯᠬᠡᠬᠦᠷ ᠤᠨ ᠬᠠᠮᠢᠶᠠᠷᠤᠯᠳᠠ ᠶᠢᠨ ᠰᠦᠢᠳᠭᠡᠯ ᠬᠤᠷᠢᠶᠠᠬᠤ ᠪᠠᠨ ᠵᠤᠭᠰᠤᠵᠠᠢ᠃      △ᠦᠬᠠᠢ ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠤᠯᠳᠠ ᠶᠢᠨ ᠬᠡᠯᠳᠡᠰ ᠬᠢᠭᠡᠳ ᠠᠵᠢᠯᠳᠠᠨ  ᠤ ᠶᠠᠪᠤᠳᠠᠯ ᠤᠨ ᠲᠤᠪᠴᠢᠶ᠎ᠠ ᠶᠡᠭᠡ ᠰᠤᠷᠭᠠᠭᠤᠯᠢ ᠲᠡᠭᠦᠰᠦᠭᠰᠡᠨ ᠤᠶᠤᠳᠠᠳ ᠢ ᠬᠦᠳᠡᠭᠡ ᠲᠤᠰᠬᠤᠨ ᠳᠤ ᠰᠤᠩᠭᠤᠨ ᠲᠤᠮᠢᠯᠠᠬᠤ ᠠᠵᠢᠯ ᠤᠨ ᠬᠤᠷᠠᠯ ᠬᠤᠷᠠᠯᠳᠤᠵᠤ᠂ 3 ᠲᠤᠭᠤᠷᠢᠭ ᠤᠨ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ  ᠠᠴᠠ ᠪᠦᠬᠦ ᠬᠤᠳᠠ ᠳᠤ ᠰᠤᠩᠭᠤᠨ ᠲᠤᠮᠢᠯᠠᠬᠤ 10 ᠤᠶᠤᠳᠠᠨ ᠲᠠᠢ ᠬᠤᠶᠠᠷ ᠵᠢᠯ ᠤᠨ ᠬᠤᠭᠤᠴᠠᠭ᠎ᠠ ᠲᠠᠢ ᠠᠵᠢᠯᠯᠠᠬᠤ ᠭᠡᠷ᠎ᠡ ᠲᠤᠭᠳᠠᠵᠠᠢ᠂ ᠡᠬᠦᠨᠴᠡ ᠦᠬᠠᠢ ᠬᠤᠳᠠ ᠡᠬᠢᠯᠡᠨ ᠤᠶᠤᠳᠠᠨ ︽ᠲᠤᠰᠬᠤᠨ ᠤ ᠲᠠᠷᠤᠭ᠎ᠠ︾ ᠲᠠᠢ ᠪᠤᠯᠵᠠᠢ᠃      9 ᠰᠠᠷ᠎ᠠ ᠶᠢᠨ 10 ᠤ ᠡᠳᠦᠷ    ᠬᠤᠶᠠᠳᠤᠭᠠᠷ ᠬᠤᠭᠤᠴᠠᠭᠠᠨ ᠤ ᠬᠠᠳᠤᠨ ᠭᠤᠤᠯ ᠤᠨ ᠬᠡᠷᠡᠯᠳᠦ ᠰᠤᠪᠤᠳ᠂ ᠦᠬᠠᠢ ᠶᠢᠨ ᠰᠤᠶᠤᠯ ᠤᠨ ᠨᠠᠶᠢᠷ ᠤᠨ ᠡᠬᠢᠯᠡᠯᠳᠡ ᠶᠢᠨ ᠶᠤᠰᠤᠯᠠᠯ ᠵᠢᠴᠢ ᠲᠦᠮᠡᠨ ᠬᠦᠮᠦᠨ ᠨᠠᠷᠠᠨ ᠰᠠᠭᠢᠭᠤᠯᠰᠤᠨ ᠢ ᠪᠢᠴᠢᠭᠯᠡᠬᠦ ᠬᠦᠳᠡᠯᠭᠡᠭᠡᠨ ᠬᠤᠳᠠ ᠶᠢᠨ ᠠᠷᠠᠳ ᠤᠨ ᠲᠠᠯᠠᠪᠤᠷ ᠲᠤ ᠶᠠᠪᠤᠭᠳᠠᠪᠠ᠂ ᠡᠬᠢᠯᠡᠯᠳᠡ ᠶᠢᠨ ᠶᠤᠰᠤᠯᠠᠯ ᠲᠡᠭᠡᠷ᠎ᠡ᠂ ᠪᠦᠬᠦ ᠤᠯᠤᠰ ᠤᠨ ᠤᠷᠠᠨ ᠪᠢᠴᠢᠯᠭᠡ ᠶᠢᠨ ᠨᠡᠶᠢᠭᠡᠮᠯᠢᠭ ᠤᠨ ᠲᠡᠳ᠋ ᠲᠡᠷᠢᠭᠦᠯᠡᠭᠴᠢ᠂ ᠨᠠᠷᠢᠨ ᠪᠢᠴᠢᠭ ᠤᠨ ᠲᠠᠷᠤᠭ᠎ᠠ ᠵᠤᠤ ᠴᠠᠩ ᠴᠢᠩ ᠲᠤᠮᠳᠠᠳᠤ ᠤᠯᠤᠰ ᠤᠨ ᠤᠷᠠᠨ ᠪᠢᠴᠢᠯᠭᠡ ᠶᠢᠨ ᠨᠡᠶᠢᠭᠡᠮᠯᠢᠭ ᠠᠴᠠ ᠲᠤᠭᠳᠠᠭᠠᠭᠰᠠᠨ ︽ᠲᠤᠮᠳᠠᠳᠤ ᠤᠯᠤᠰ  ᠤᠨ ᠤᠷᠠᠨ ᠪᠢᠴᠢᠯᠭᠡ ᠶᠢᠨ ᠬᠤᠳᠠ᠂ ᠦᠬᠠᠢ︾ ᠨᠡᠷᠡᠶᠢᠳᠬᠦ ᠰᠢᠢᠳᠪᠦᠷᠢ ᠬᠢᠭᠡᠳ ᠬᠤᠳᠠ ᠶᠢᠨ ᠲᠤᠷᠰᠢᠯᠳᠠ ᠶᠢᠨ ᠪᠠᠭ᠎ᠠ ᠰᠤᠷᠭᠠᠭᠤᠯᠢ ᠶᠢ ︽ᠲᠤᠮᠳᠠᠳᠤ ᠤᠯᠤᠰ ᠤᠨ ᠤᠷᠠᠨ ᠪᠢᠴᠢᠯᠭᠡ ᠶᠢᠨ ᠯᠠᠨ ᠲᠢᠩ ᠪᠠᠭ᠎ᠠ ᠰᠤᠷᠭᠠᠭᠤᠯᠢ︾ ᠨᠡᠷᠡᠶᠢᠳᠦᠭᠰᠡᠨ ᠰᠢᠢᠳᠪᠦᠷᠢ ᠶᠢ ᠵᠠᠷᠯᠠᠵᠠᠢ᠃ ᠲᠦᠮᠡᠨ ᠬᠦᠮᠦᠨ ᠤ ᠤᠷᠠᠨ ᠪᠢᠴᠢᠯᠭᠡ ᠶᠢᠨ ᠬᠦᠳᠡᠯᠭᠡᠭᠡᠨ~ ᠱᠠᠩᠬᠠᠢ ᠶᠢᠨ ᠲᠡᠯᠡᠭᠡᠢ ᠶᠢᠨ ᠬᠢᠨᠢᠰ ᠤᠨ ᠲᠦᠪ ᠭᠠᠵᠠᠷ ᠠᠴᠠ ︽ᠬᠡᠪᠴᠢᠶ᠎ᠡ ᠪᠠᠷ ᠬᠠᠮᠤᠭ ᠲᠤᠮᠤ ᠤᠷᠠᠨ ᠪᠢᠴᠢᠯᠭᠡ ᠶᠢᠨ ᠬᠦᠳᠡᠯᠭᠡᠭᠡᠨ︾ ᠬᠡᠮᠡᠨ ᠲᠤᠬᠠᠢ ᠶᠢᠨ ᠲᠠᠯᠠᠪᠤᠷ ᠲᠤᠨᠢ ᠵᠠᠷᠯᠠᠵᠤ᠂ ︽ᠶᠢᠷᠳᠢᠨᠴᠦ ᠶᠢᠨ ᠬᠢᠨᠢᠰ ᠤᠨ ᠬᠠᠮᠤᠭ︾ ᠫᠠᠶᠢᠰᠠ ᠭᠠᠷᠳᠠᠭᠤᠯᠵᠠᠢ᠃      9 ᠰᠠᠷ᠎ᠠ ᠶᠢᠨ 29 ᠤ ᠡᠳᠦᠷ ~ 10 ᠰᠠᠷ᠎ᠠ ᠶᠢᠨ 6 ᠤ ᠡᠳᠦᠷ    ᠲᠦᠷᠪᠡᠳᠦᠭᠡᠷ ᠬᠤᠭᠤᠴᠠᠭᠠᠨ ᠤ ᠤᠮᠠᠷᠠᠳᠤ ᠤᠷᠤᠨ ᠤ ᠲᠠᠪᠤᠨ ᠮᠤᠵᠢ ᠬᠤᠳᠠ ᠤᠷᠤᠨ ︵ᠪᠡᠭᠡᠵᠢᠩ᠂ ᠲᠢᠶᠠᠨᠵᠢᠨ᠂ ᠾᠧᠪᠸᠢ᠂ ᠦᠪᠦᠷ ᠮᠤᠩᠭᠤᠯ᠂ ᠱᠠᠨ ᠰᠢ︶ ᠤ ᠪᠦᠵᠢᠭ ᠤᠨ ᠤᠷᠤᠯᠳᠤᠭᠠᠨ ᠱᠠᠨ ᠰᠢ ᠮᠤᠵᠢ ᠶᠢᠨ ᠲᠠᠶᠢᠶᠤᠸᠠᠨ ᠬᠤᠳᠠ ᠳᠤ ᠶᠠᠪᠤᠭᠳᠠᠪᠠ᠂ ᠦᠬᠠᠢ ᠬᠤᠳᠠ  ᠶᠢᠨ ᠠᠷᠠᠳ ᠤᠨ ᠤᠷᠠᠯᠢᠭ ᠤᠨ ᠤᠷᠳᠤᠨ ᠤ ᠤᠷᠠᠯᠢᠭ ᠤᠨ ᠪᠦᠯᠭᠦᠮ ᠤᠨ ᠲᠤᠭᠯᠠᠭᠰᠠᠨ ᠮᠤᠩᠭᠤᠯ ᠦᠨᠳᠦᠰᠦᠳᠡᠨ ᠤ ᠪᠦᠵᠢᠭ ︽ᠦᠵᠡᠰᠭᠦᠯᠡᠩᠳᠦ ᠰᠠᠶᠢᠬᠠᠨ ᠮᠤᠩᠭᠤᠯ ᠪᠦᠰᠡᠭᠦᠢ︾ ᠨᠢ ᠮᠡᠷᠭᠡᠵᠢᠯ ᠤᠨ ᠪᠤᠰᠤ199 ᠲᠤᠭᠯᠠᠯᠳᠠ ᠶᠢᠨ ᠲᠤᠳᠤᠷ᠎ᠠ ᠲᠤᠭᠯᠠᠭᠰᠠᠨ ᠬᠢᠭᠡᠳ ᠪᠦᠳᠦᠭᠡᠭᠰᠡᠨ ᠬᠤᠶᠠᠷ ᠲᠡᠷᠢᠭᠦᠨ ᠱᠠᠩ ᠢ ᠲᠤᠰᠴᠤ᠂ ᠱᠠᠩᠨᠠᠯ ᠭᠠᠷᠳᠠᠭᠤᠯᠬᠤ ᠦᠳᠡᠰᠢᠯᠡᠭᠡ ᠳᠤ ᠲᠤᠭᠯᠠᠬᠤ ᠲᠤᠭᠯᠠᠯᠳᠠ ᠪᠠᠷ ᠰᠤᠩᠭᠤᠭᠳᠠᠵᠠᠢ᠃ ᠲᠤᠰ ᠪᠦᠵᠢᠭ ᠪᠤᠯ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠲᠤᠳᠤᠷ᠎ᠠ ᠴᠤᠷᠢ ᠶᠢᠨ ᠭᠠᠭᠴᠠ ᠦᠵᠡᠬᠦᠯᠬᠡ ᠳᠤ ᠤᠷᠤᠯᠴᠠᠭᠰᠠᠨ ᠲᠤᠭᠯᠠᠯᠳᠠ ᠪᠤᠯᠵᠠᠢ᠃      10 ᠰᠠᠷ᠎ᠠ ᠶᠢᠨ 26 ᠤ ᠡᠳᠦᠷ    ᠱᠧᠨ ᠬᠤᠸᠠ ᠦᠬᠠᠢ ᠶᠢᠨ ᠡᠨᠧᠷᠭᠢ ᠶᠢᠨ ᠰᠣᠷᠪᠤᠯᠵᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠪᠠᠶᠢᠭᠤᠯᠤᠭᠳᠠᠪᠠ᠂ ᠲᠤᠰ ᠺᠤᠮᠫᠠᠨᠢ ᠨᠢ ᠱᠧᠨ ᠬᠤᠸᠠ ᠪᠦᠯᠦᠭᠯᠡᠯ ᠤᠨ ᠬᠠᠶᠢᠷᠤᠪ ᠤᠨ ᠲᠤᠬᠤᠢ ᠠᠭᠤᠷᠬᠠᠢ ᠶᠢᠨ ᠶᠠᠪᠤᠳᠠᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠱᠧᠨ ᠬᠤᠸᠠ ᠪᠦᠯᠦᠭᠯᠡᠯ ᠤᠨ ᠤᠳᠠ ᠶᠢᠨ ᠠᠭᠤᠷᠬᠠᠢ ᠶᠢᠨ ᠶᠠᠪᠤᠳᠠᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠱᠧᠨ ᠬᠤᠸᠠ ᠪᠦᠯᠦᠭᠯᠡᠯ ᠤᠨ ᠦᠬᠠᠢ ᠶᠢᠨ ᠨᠡᠭᠦᠷᠡᠰᠦ ᠬᠡᠦᠷᠡᠰᠦᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠮᠧᠩ ᠰᠢ ᠨᠡᠭᠦᠷᠡᠰᠦ ᠬᠡᠦᠷᠡᠰᠦᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠵᠡᠷᠭᠡ ᠲᠦᠷᠪᠡᠨ ᠠᠵᠤ ᠠᠬᠤᠶᠢᠯᠠᠯ ᠢ ᠨᠡᠶᠢᠯᠡᠭᠦᠯᠦᠭᠡᠳ ᠪᠦᠷᠢᠯᠳᠦᠵᠡᠢ᠂ ᠰᠢᠨ᠎ᠡ ᠪᠠᠷ ᠪᠠᠶᠢᠭᠤᠯᠤᠭᠳᠠᠭᠰᠠᠨ ᠱᠧᠨ ᠬᠤᠸᠠ ᠦᠬᠠᠢ ᠶᠢᠨ ᠡᠨᠧᠷᠭᠢ ᠶᠢᠨ ᠰᠣᠷᠪᠤᠯᠵᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠨᠢ ᠨᠡᠭᠦᠷᠡᠰᠦ ᠬᠡᠦᠷᠡᠰᠦᠨ ᠤ ᠦᠢᠯᠡᠳᠪᠦᠷᠢᠯᠡᠬᠦ᠂ ᠬᠦᠨᠵᠡᠭᠡᠢ ᠡᠳ᠋ᠰᠢᠭᠦᠯᠭᠦ ︵ᠪᠤᠯᠪᠠᠰᠤᠷᠠᠭᠤᠯᠬᠤ︶ ᠪᠠᠷ ᠭᠤᠤᠯ ᠪᠤᠯᠭᠠᠭᠰᠠᠨ᠂ ᠬᠡᠦᠷᠡᠰᠦᠨ ᠨᠡᠭᠦᠷᠡᠰᠦ ᠦᠢᠯᠡᠳᠪᠦᠷᠢᠯᠡᠬᠦ᠂ ᠤᠬᠢᠶᠠᠵᠤ ᠰᠤᠩᠭᠤᠬᠤ᠂ ᠬᠡᠦᠷᠡᠰᠦᠵᠢᠭᠦᠯᠭᠦ᠂ ᠨᠡᠭᠦᠷᠡᠰᠦ ᠬᠢᠮᠢ ᠶᠢᠨ ᠦᠢᠯᠡᠳᠪᠦᠷᠢ᠂ ᠨᠡᠭᠦᠷᠡᠰᠦᠨ ᠴᠢᠯᠠᠭᠤ ᠪᠠᠷ ᠴᠠᠭᠢᠯᠭᠠᠨ ᠭᠠᠷᠭᠠᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠤᠯᠠᠨ ᠲᠦᠷᠦᠯᠳᠦ ᠰᠢᠨ᠎ᠡ ᠬᠡᠯᠪᠡᠷᠢ ᠶᠢᠨ ᠡᠨᠧᠷᠭᠢ ᠶᠢᠨ ᠰᠣᠷᠪᠤᠯᠵᠢ ᠶᠢᠨ ᠠᠵᠤ ᠠᠬᠤᠶᠢᠯᠠᠯ᠂ ᠮᠦᠨᠴᠦ ᠦᠪᠦᠷ ᠮᠤᠩᠭᠤᠯ ᠤᠨ ᠬᠠᠮᠤᠭ ᠲᠤᠮᠤ ᠬᠡᠦᠷᠡᠰᠦᠨ ᠨᠡᠭᠦᠷᠡᠰᠦ ᠦᠢᠯᠡᠳᠪᠦᠷᠢᠯᠡᠬᠦ ᠰᠠᠭᠤᠷᠢᠨ ᠭᠠᠵᠠᠷ ᠪᠤᠯᠤᠨ᠎ᠠ᠃      11 ᠰᠠᠷ᠎ᠠ ᠶᠢᠨ 4 ᠤ ᠡᠳᠦᠷ    ᠦᠬᠠᠢ ᠬᠤᠳᠠ ᠨᠢ ᠤᠯᠤᠰ ᠤᠨ ᠬᠦᠮᠦᠨ ᠤ ᠬᠦᠴᠦ ᠡᠬᠢ ᠪᠠᠶᠠᠯᠢᠭ ᠪᠤᠯᠤᠨ ᠨᠡᠶᠢᠭᠡᠮ ᠤᠨ ᠲᠠᠭᠠᠳᠬᠠᠯ ᠤᠨ ᠶᠠᠮᠤᠨ ᠠᠴᠠ ᠤᠯᠤᠰ ᠤᠨ ᠲᠡᠰ ᠤᠨ ᠦᠢᠯᠡᠰ ᠪᠦᠳᠦᠭᠡᠬᠦ ᠪᠠᠷ ᠠᠵᠢᠯ ᠤᠯᠭᠤᠯᠳᠠ ᠶᠢ ᠲᠠᠶᠢᠴᠢᠯᠠᠬᠤ ᠠᠩᠬᠠᠨ ᠤ ᠪᠦᠯᠦᠭ ᠤᠨ ᠲᠤᠷᠰᠢᠯᠳᠠ ᠶᠢᠨ ᠬᠤᠳᠠ ᠪᠠᠷ ᠵᠢᠭᠰᠠᠭᠠᠭᠳᠠᠵᠠᠢ᠃      11 ᠰᠠᠷ᠎ᠠ ᠶᠢᠨ 18 ~ 19 ᠤ ᠡᠳᠦᠷ    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠴᠦᠪ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠠᠷᠢᠨ ᠪᠢᠴᠢᠭᠡᠴᠢ ᠶᠢᠨ ᠲᠠᠷᠤᠭ᠎ᠠ ᠹᠦ᠋ ᠲᠠᠢ ᠽᠧᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠤᠤ ᠱᠤᠸᠠᠩ ᠯᠢᠶᠠᠨ ᠨᠠᠷ ᠦᠬᠠᠢ ᠬᠤᠳᠠ ᠳᠤ ᠢᠷᠡᠵᠦ ᠠᠵᠢᠯ ᠤᠨ ᠪᠠᠶᠢᠴᠠᠭᠠᠯᠳᠠ ᠬᠢᠵᠦ᠂ ᠬᠤᠳᠠ ᠶᠢᠨ ᠨᠠᠮ ᠤᠨ ᠬᠤᠷᠢᠶᠠᠨ ᠤ ᠭᠤᠤᠯᠠᠭᠴᠢ ᠤᠳᠤᠷᠢᠳᠤᠯᠭ᠎ᠠ ᠨᠠᠷ ᠤᠨ ᠪᠠᠷᠠᠳᠠᠯᠭ᠎ᠠ ᠪᠠᠷ ᠬᠠᠮᠢᠶ᠎ᠠ ᠪᠦᠬᠦᠢ ᠠᠵᠤ ᠠᠬᠤᠶᠢᠯᠠᠯ ᠤᠳ ᠢᠶᠠᠷ ᠲᠤᠭᠤᠷᠢᠨ ᠪᠠᠶᠢᠴᠠᠭᠠᠵᠠᠢ᠃      12 ᠰᠠᠷ᠎ᠠ ᠶᠢᠨ 9 ᠤ ᠡᠳᠦᠷ     ᠤᠯᠤᠰ ᠤᠨ ᠴᠠᠭᠢᠯᠭᠠᠨ ᠡᠨᠧᠷᠭᠢ ᠶᠢ ᠨᠡᠭᠡᠭᠡᠨ ᠬᠦᠭᠵᠢᠭᠦᠯᠭᠦ ᠬᠢᠵᠠᠭᠠᠷᠳᠤ ᠺᠤᠮᠫᠠᠨᠢ ᠶᠢᠨ ᠲᠤᠮᠳᠠᠳᠤ ᠤᠯᠤᠰ ᠤᠨ ᠡᠨᠧᠷᠭᠢ ᠶᠢᠨ ᠦᠬᠠᠢ ᠳᠠᠬᠢ ᠲᠦᠷᠦᠯ ᠵᠦᠢᠯ ᠢ ᠪᠦᠳᠦᠭᠡᠨ ᠪᠠᠶᠢᠭᠤᠯᠬᠤ ᠪᠠᠯᠠᠤᠠᠭᠡᠯ ᠤᠨ ᠭᠠᠵᠠᠷ ᠦᠬᠠᠢ ᠬᠤᠳᠠ ᠳᠤ ᠫᠠᠶᠢᠰᠠ ᠡᠯᠬᠦᠨ ᠪᠠᠶᠢᠭᠤᠯᠤᠭᠳᠠᠪᠠ᠃      12 ᠰᠠᠷ᠎ᠠ ᠶᠢᠨ 10 ᠤ ᠡᠳᠦᠷ     2006 ~2007 ᠤᠨ ᠤ ᠪᠦᠬᠦ ᠤᠯᠤᠰ ᠤᠨ ᠲᠦᠯᠦᠪᠦᠷᠢ ᠦᠬᠡᠢ  ᠪᠠᠷ ᠴᠢᠰᠦ ᠶᠡᠭᠦᠯᠡᠬᠦ ᠰᠠᠶᠢᠰᠢᠶᠠᠯ ᠤᠨ ᠬᠤᠷᠠᠯ ᠲᠡᠭᠡᠷ᠎ᠡ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ᠂ ᠪᠦᠬᠦ ᠤᠯᠤᠰ  ᠤᠨ ᠤᠯᠠᠭᠠᠨ ᠵᠠᠭᠠᠯᠮᠠᠶᠢᠳᠠᠨ ᠤ ᠶᠡᠷᠦᠩᠭᠡᠢ ᠨᠡᠶᠢᠭᠡᠮᠯᠢᠭ᠂ ᠴᠢᠯᠦᠭᠡᠯᠡᠬᠦ ᠴᠡᠷᠢᠭ ᠤᠨ ᠶᠡᠷᠦᠩᠭᠡᠢ ᠠᠷᠤ ᠬᠡᠯᠳᠡᠰ ᠤᠨ ᠡᠷᠡᠭᠦᠯ ᠬᠠᠮᠠᠭᠠᠯᠠᠯ ᠤᠨ ᠬᠡᠯᠳᠡᠰ ᠠᠴᠠ ᠦᠬᠠᠢ ᠬᠤᠳᠠ ᠳᠤ ︽ᠪᠦᠬᠦ ᠤᠯᠤᠰ ᠤᠨ ᠲᠦᠯᠦᠪᠦᠷᠢ ᠦᠬᠡᠢ ᠪᠠᠷ ᠴᠢᠰᠦ ᠶᠡᠭᠦᠯᠡᠬᠦ ᠲᠡᠷᠢᠭᠦᠨ ᠤ ᠨᠢᠭᠡᠴᠡ︾ ᠶᠢᠨ ᠱᠠᠩᠨᠠᠯ ᠤᠯᠭᠤᠵᠠᠢ᠃ ᠡᠨᠡ ᠨᠢ ᠦᠬᠠᠢ ᠬᠤᠳᠠ ᠵᠠᠯᠭᠠᠯᠳᠤᠭ᠎ᠠ ᠪᠠᠷ ᠭᠤᠷᠪᠠᠳᠠᠬᠢ ᠤᠳᠠᠭ᠎ᠠ ᠬᠦᠷᠳᠡᠵᠦ ᠪᠠᠶᠢᠭ᠎ᠠ ᠪᠤᠯᠬᠤ ᠶᠢᠨ ᠬᠠᠮᠳᠤ᠂ ᠸᠠᠩ ᠵᠢᠶᠠᠨ ᠮᠢᠨ᠂ ᠾᠧ ᠵᠢᠩ ᠯᠢᠶᠠᠩ᠂ ᠵᠢᠶᠠᠩ ᠱᠦ ᠯᠢᠨ ᠵᠡᠷᠭᠡ ᠭᠤᠷᠪᠠᠨ ᠬᠦᠮᠦᠨ ︽ᠪᠦᠬᠦ ᠤᠯᠤᠰ ᠤᠨ ᠲᠦᠯᠦᠪᠦᠷᠢ ᠦᠬᠡᠢ ᠪᠠᠷ ᠴᠢᠰᠦ ᠶᠡᠭᠦᠯᠡᠬᠦ ᠳᠤ ᠬᠤᠪᠢ ᠨᠡᠮᠡᠷᠢ ᠪᠠᠨ ᠦᠵᠡᠭᠦᠯᠦᠭᠰᠡᠨ ᠢᠷᠠᠭᠤ ᠠᠯᠳᠠᠷ︾ ᠲᠣᠰᠴᠠᠢ᠃      12 ᠰᠠᠷ᠎ᠠ ᠶᠢᠨ 12 ᠤ ᠡᠳᠦᠷ    ᠦᠬᠠᠢ ᠶᠢᠨ ᠨᠢᠰᠭᠡᠯ ᠤᠨ ᠲᠠᠯᠠᠪᠤᠷ ᠠᠶᠠᠯᠠᠯ ᠨᠡᠪᠳᠡᠷᠡᠭᠰᠡᠨ 5 ᠵᠢᠯ ᠤᠨ ᠤᠢ ᠶᠢ ᠲᠡᠮᠳᠡᠭᠯᠡᠬᠦ ᠵᠢᠴᠢ ᠵᠢᠯ ᠤᠨ ᠠᠶᠠᠨᠴᠢᠳ ᠢ ᠣᠷᠣᠭᠤᠯᠵᠤ ᠭᠠᠷᠭᠠᠬᠤ ᠴᠢᠳᠠᠪᠤᠷᠢ 7 ᠲᠦᠮᠡᠨ ᠬᠦᠮᠦᠨ ︵ᠤᠳᠠᠭ᠎ᠠ︶ ᠶᠢ ᠲᠠᠪᠠᠭᠰᠠᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠡᠢ᠃ ᠦᠬᠠᠢ ᠶᠢᠨ ᠨᠢᠰᠭᠡᠯ ᠤᠨ ᠲᠠᠯᠠᠪᠤᠷ ᠨᠢ 2003 ᠤᠨ ᠤ 12 ᠰᠠᠷ᠎ᠠ ᠶᠢᠨ 12 ᠡᠳᠦᠷ ᠵᠢᠩᠭᠢᠨᠢ ᠪᠠᠷ ᠠᠶᠠᠯᠠᠯ ᠨᠡᠪᠳᠡᠷᠡᠭᠰᠡᠨ ᠠᠴᠠ ᠠᠪᠤᠭᠠᠳ ᠨᠡᠶᠢᠳᠡ 19.96 ᠲᠦᠮᠡᠨ ᠬᠦᠮᠦᠨ ︵ᠤᠳᠠᠭ᠎ᠠ︶ ᠶᠢ ᠣᠷᠣᠭᠤᠯᠵᠤ ᠭᠠᠷᠭᠠᠨ᠂ ᠨᠢᠰᠭᠡᠯ 5 523 ᠤᠳᠠᠭ᠎ᠠ ᠠᠮᠤᠷ ᠲᠦᠪᠰᠢᠨ ᠨᠢᠰᠴᠦ ᠪᠠᠭᠤᠭᠰᠠᠨ ᠢ ᠪᠠᠳᠤᠯᠠᠵᠠᠢ᠃ 2008 ᠤᠨ ᠳᠤ ᠠᠶᠠᠨᠴᠢᠳ ᠢ ᠣᠷᠣᠭᠤᠯᠵᠤ ᠭᠠᠷᠭᠠᠬᠤ ᠴᠢᠳᠠᠪᠤᠷᠢ ᠠᠩᠬ᠎ᠠ ᠤᠳᠠᠭ᠎ᠠ 7 ᠲᠦᠮᠡᠨ ᠬᠦᠮᠦᠨ ︵ᠤᠳᠠᠭ᠎ᠠ︶ ᠶᠢ ᠲᠠᠪᠠᠭᠰᠠᠨ ᠪᠠᠶᠢᠨ᠎ᠠ᠃      12 ᠰᠠᠷ᠎ᠠ ᠶᠢᠨ 28 ᠤ ᠡᠳᠦᠷ    ᠦᠬᠠᠢ ᠬᠤᠳᠠ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦ ᠡᠬᠢ ᠪᠠᠶᠠᠯᠢᠭ ᠪᠤᠯᠤᠨ ᠨᠡᠶᠢᠭᠡᠮ ᠤᠨ ᠲᠠᠭᠠᠳᠬᠠᠯ ᠤᠨ ᠲᠢᠩᠭᠢᠮ ᠠᠴᠠ ᠤᠯᠤᠰ ᠤᠨ ᠲᠡᠰ ᠤᠨ ᠦᠢᠯᠡᠰ ᠪᠦᠳᠦᠭᠡᠬᠦ ᠬᠡᠯᠪᠡᠷᠢ ᠶᠢᠨ ᠬᠤᠳᠠ ᠶᠢ ᠪᠦᠳᠦᠭᠡᠨ ᠪᠠᠶᠢᠭᠤᠯᠬᠤ ᠦᠪᠡᠷᠳᠡᠭᠡᠨ ᠵᠠᠰᠠᠬᠤ ᠤᠷᠤᠨ ᠤ ᠠᠩᠬᠠᠨ ᠤ ᠪᠦᠯᠦᠭ ᠤᠨ ᠬᠤᠳᠠ ᠪᠠᠷ ᠲᠤᠭᠳᠠᠭᠠᠭᠳᠠᠵᠠᠢ᠃      △ᠦᠬᠠᠢ ᠬᠤᠳᠠ ᠲᠤᠮᠳᠠᠳᠤ ᠤᠯᠤᠰ ᠤᠨ ᠠᠰᠠᠷᠠᠮᠵᠢ ᠶᠢᠨ ᠯᠣᠲᠲ᠋ᠣᠷᠢ ᠶᠢ 5 160.66 ᠲᠦᠮᠡᠨ ᠲᠦᠭᠦᠷᠢᠭ ᠬᠤᠳᠠᠯᠳᠤᠵᠤ᠂ ᠨᠡᠶᠢᠲᠡ ᠶᠢᠨ ᠠᠰᠠᠷᠠᠮᠵᠢ ᠶᠢᠨ ᠰᠠᠭᠤᠷᠢ ᠮᠦᠩᠭᠦᠨ ᠳᠤ 1 806.23 ᠲᠦᠮᠡᠨ ᠲᠦᠭᠦᠷᠢᠭ ᠡᠷᠭᠦᠵᠡᠢ᠃      2008 ᠤᠨ ᠤ ᠡᠴᠦᠰ ᠢᠶᠠᠷ᠂ ᠦᠬᠠᠢ ᠬᠤᠳᠠ ᠨᠣᠣᠷᠬᠠᠢ ᠤᠷᠤᠨ ᠰᠠᠭᠤᠴᠠᠳᠤ ᠲᠤᠭᠤᠷᠢᠭ᠂ ᠨᠡᠭᠦᠷᠡᠰᠦ ᠮᠠᠯᠳᠠᠭᠰᠠᠨ ᠠᠴᠠ ᠰᠠᠭᠤᠭᠳᠠᠭᠰᠠᠨ ᠤᠷᠤᠨ ᠤ ᠰᠠᠭᠤᠭᠤᠯᠢ ᠠᠷᠠᠳ ᠤᠨ ᠰᠠᠭᠤᠬᠤ ᠭᠡᠷ ᠪᠠᠶᠢᠰᠢᠩ ᠢ 100 ᠭᠠᠷᠦᠢ ᠲᠦᠮᠡᠨ ᠲᠡᠭᠰᠢ ᠲᠦᠷᠪᠡᠯᠵᠢᠨ ᠮᠧᠲᠷ ᠪᠠᠷᠢᠵᠦ᠂ 1 300 ᠡᠷᠦᠭᠡ ᠠᠭᠤᠷᠬᠠᠢ ᠶᠢᠨ ᠤᠷᠤᠨ ᠤ ᠰᠠᠭᠤᠭᠠᠯᠢ ᠠᠷᠠᠳ ᠲᠤᠬᠢᠯᠢᠭ ᠰᠢᠨ᠎ᠡ ᠠᠮᠤᠷ ᠲᠠᠶᠢᠪᠤᠩ ᠤᠷᠤᠨ ᠭᠡᠷ ᠲᠤ ᠨᠡᠭᠦᠵᠦ ᠤᠷᠤᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号