| | | | | ᠦᠬᠠᠶ ᠵᠠᠰᠠᠭ ᠲᠠᠷᠬᠠᠭᠠᠭᠰᠠᠨ ︹ 2022 ︺ 26 ᠳ᠋ᠤᠭᠠᠷ ᠲᠣᠭᠠᠲᠤ | | ︽ᠦᠬᠠᠶ ᠬᠤᠲᠠ ᠶᠢᠨ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠬᠡᠷᠡᠭᠵᠢᠭᠦᠯᠬᠦ | ᠲᠥᠯᠥᠪᠯᠡᠭᠡ ︵2021 — 2025 ᠣᠨ︶︾ ᠶᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠬᠡᠷᠡᠭᠵᠢᠭᠦᠯᠬᠦ | ᠲᠥᠯᠥᠪᠯᠡᠭᠡ ︵2021 — 2025 ᠣᠨ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | | 2022 ᠣᠨ ᠤ 9 ᠰᠠᠷ᠎ᠠ ᠶᠢᠨ 14 ᠤ ᠡᠳᠦᠷ | | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠦᠬᠠᠶ ᠬᠤᠲᠠ ᠶᠢᠨ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠬᠡᠷᠡᠭᠵᠢᠭᠦᠯᠬᠦ | ᠲᠥᠯᠥᠪᠯᠡᠭᠡ ︵2021 — 2025 ᠣᠨ︶ | ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠣᠯᠠᠨ ᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠡᠷᠡᠭᠦᠯ | ᠮᠡᠨᠳᠦ ᠶᠢᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠦᠯᠦᠭᠡ᠂ ︽ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ︿ᠪᠡᠶ᠎ᠡ ᠲᠠᠮᠢᠷ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ﹀ ᠶᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ︹ 2019 ︺40 ᠳ᠋ᠤᠭᠡᠷ | ᠲᠣᠭᠠᠲᠤ︶᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ︽︿ᠡᠷᠡᠭᠦᠯ ᠮᠡᠨᠲᠤ ᠳᠤᠮᠳᠠᠳᠤ ᠤᠯᠤᠰ ︵2030﹀﹀ ᠤᠨ ᠲᠥᠯᠥᠪᠵᠢᠭᠦᠯᠭᠡ ᠶᠢᠨ ᠬᠥᠲᠥᠯᠪᠦᠷᠢ﹀ | ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠥᠪ ᠲᠠᠷᠬᠠᠭᠠᠭᠰᠠᠨ︹ 2016 ︺23 ᠳ᠋ᠤᠭᠠᠷ | ᠲᠣᠭᠠᠲᠤ︶᠂ ︽ᠲᠥᠷᠥ ᠶᠢᠨ ᠶᠠᠪᠤᠳᠠᠯ ᠤᠨ ᠬᠤᠷᠢᠶᠠᠨ ᠤ ︿ᠪᠥᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠲᠥᠯᠥᠪᠯᠡᠭᠡ ︵2021 — 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ︾ ︵ᠲᠥᠷᠥ ᠲᠠᠷᠬᠠᠭᠠᠭᠰᠠᠨ ︹ 2021 ︺11 ᠳ᠋ᠤᠭᠡᠷ ᠲᠣᠭᠠᠲᠤ︶ ᠪᠠ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠬᠡᠷᠡᠭᠵᠢᠭᠦᠯᠬᠦ | ᠲᠥᠯᠥᠪᠯᠡᠭᠡ ︵2021 — 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ | ︹ 2022 ︺ 13 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠦᠨᠳᠦᠰᠦᠯᠡᠵᠦ᠂ | ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠯᠥᠪᠯᠡᠭᠡ ᠶᠢ | ᠲᠣᠭᠲᠠᠭᠠᠪᠡ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ | ᠱᠦᠵᠢ ᠶᠢᠨ ᠪᠡᠶ᠎ᠡ ᠲᠠᠮᠢᠷ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠠᠵᠢᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠷᠡᠭᠦᠯ ᠮᠡᠨᠲᠤ ᠳᠤᠮᠳᠠᠳᠤ | ᠤᠯᠤᠰ ᠪᠣᠯᠤᠨ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠡᠶ᠎ᠡ ᠲᠠᠮᠢᠷ ᠤᠨ ᠬᠦᠴᠦᠷᠬᠡᠭ ᠬᠤᠳᠠ ᠶᠢᠨ ᠪᠠᠶᠢᠭᠤᠯᠤᠯᠲᠠ ᠪᠠᠨ | ᠲᠦᠷᠭᠡᠳᠬᠡᠵᠦ᠂ ᠨᠡᠩ ᠥᠨᠳᠥᠷ ᠲᠦᠪᠰᠢᠨ᠂ ᠨᠡᠩ ᠥᠨᠳᠥᠷ ᠶᠠᠰᠤ ᠴᠢᠨᠠᠷ ᠲᠠᠢ᠂ ᠨᠡᠩ ᠡᠷᠬᠡ ᠲᠡᠭᠰᠢ᠂ ᠨᠡᠩ | ᠠᠮᠤᠷ ᠲᠦᠪᠰᠢᠨ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠦᠬᠠᠢ ᠶᠢᠨ ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ︵ᠬᠤᠶᠠᠷ︶ ᠶᠡᠷᠦᠩᠬᠡᠶ ᠬᠠᠷᠠᠯᠲᠠ᠃ 2025 ᠣᠨ ᠪᠣᠯᠬᠤ ᠳᠤ᠂ ᠪᠥᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠᠨ ᠨᠠᠩ ᠲᠡᠭᠦᠯᠳᠡᠷᠵᠢᠭᠦᠯᠵᠦ᠂ ᠠᠷᠠᠳ | ᠣᠯᠠᠨ ᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠳᠤ ᠨᠠᠩ ᠲᠥᠬᠦᠮ ᠪᠣᠯᠭᠠᠵᠤ᠂ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠡᠶ᠎ᠡ ᠲᠠᠮᠢᠷ ᠤᠨ | ᠬᠥᠳᠡᠯᠭᠡᠭᠡᠨ ᠤ ᠡᠯ᠎ᠡ ᠲᠥᠷᠥᠯ ᠵᠦᠢᠯ ᠳᠤ ᠣᠷᠣᠯᠴᠠᠬᠤ ᠬᠥᠮᠦᠨ ᠤ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ | ᠮᠠᠨ ᠤ ᠬᠤᠲᠠ ᠶᠢᠨ ᠪᠡᠶ᠎ᠡ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ | 38.6% ᠠᠴᠠ ᠳᠡᠭᠡᠭᠰᠢ ᠳᠤ ᠬᠦᠷᠦᠭᠦᠯᠦᠨ᠎ᠡ᠃ ᠡᠯ᠎ᠡ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ | ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠣᠯᠠᠨ ᠨᠡᠶᠢᠲᠡ ᠶᠢᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠪᠡᠯᠡᠳᠬᠡᠮᠵᠢ ᠪᠠ ᠨᠡᠶᠢᠭᠡᠮ ᠲᠣᠭᠤᠷᠢᠭ ᠤᠨ 15 ᠮᠢᠨᠦ᠋ᠲ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠬᠦᠷᠢᠶ᠎ᠡ ᠬᠡᠪᠴᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠬᠥᠮᠦᠨ ᠪᠦᠷᠢ ᠶᠢᠨ ᠳᠤᠮᠳᠠᠴᠢ | ᠪᠡᠶ᠎ᠡ ᠲᠠᠮᠢᠷ ᠤᠨ ᠲᠠᠯᠠᠪᠠᠶ ᠶᠢᠨ ᠲᠠᠯᠠᠪᠠᠶ ᠶᠢ 2.6 ᠲᠡᠭᠰᠢ ᠳᠥᠷᠪᠡᠯᠵᠢᠨ ᠮᠧᠲᠷ ᠲᠤ ᠬᠦᠷᠦᠭᠦᠯᠦᠨ᠎ᠡ᠃ ᠪᠥᠬᠦ | ᠬᠤᠲᠠ ᠶᠢᠨ ᠨᠡᠶᠢᠭᠡᠮ ᠤᠨ ᠪᠡᠶ᠎ᠡ ᠲᠠᠮᠢᠷ ᠤᠨ ᠵᠢᠭᠠᠨ ᠵᠢᠯᠣᠭᠤᠳᠣᠭᠴᠢ ᠶᠢᠨ ᠲᠤᠭ᠎ᠠ ᠶᠢ 2300 ᠬᠥᠮᠦᠨ ᠠᠴᠠ | ᠳᠡᠭᠡᠭᠰᠢ ᠪᠤᠯᠭᠠᠵᠤ᠂ ᠮᠢᠩᠭᠠᠨ ᠬᠥᠮᠦᠨ ᠪᠦᠷᠢ ᠳᠤ 4.1 ᠨᠡᠶᠢᠭᠡᠮ ᠤᠨ ᠪᠡᠶ᠎ᠡ ᠲᠠᠮᠢᠷ ᠤᠨ ᠵᠢᠭᠠᠨ | ᠵᠢᠯᠣᠭᠤᠳᠣᠭᠴᠢ ᠲᠠᠢ ᠪᠤᠯᠭᠠᠨ᠎ᠠ᠃ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠶᠢᠨ ᠬᠢᠷᠢ | ᠲᠡᠩᠴᠡᠭᠰᠡᠨ ᠨᠣᠷᠮ᠎ᠠ ᠶᠢ 91% ᠠᠴᠠ ᠳᠡᠭᠡᠭᠰᠢ ᠪᠤᠯᠭᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ ᠪᠠᠷ ᠮᠠᠨ ᠤ ᠬᠤᠲᠠ ᠶᠢᠨ ᠠᠷᠠᠳ ᠲᠦᠮᠡᠨ ᠤ ᠴᠢᠨᠠᠷ | ᠰᠠᠶᠢᠲᠠᠶ ᠠᠮᠢᠳᠤᠷᠠᠯ ᠢ ᠠᠬᠢᠭᠤᠯᠬᠤ ᠶᠢᠨ ᠡᠭᠢᠯᠡᠯᠳᠡ ᠪᠠ ᠲᠡᠭᠦᠰᠬᠡᠯ ᠪᠣᠯᠭᠠᠨ᠎ᠠ᠃ | ︵ᠬᠤᠶᠠᠷ︶ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠪᠡᠶ᠎ᠡ ᠲᠠᠮᠢᠷ ᠤᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠦᠨᠡᠨᠬᠦ ᠰᠢᠯᠢᠳᠡᠭᠵᠢᠭᠦᠯᠵᠦ᠂ ᠡᠬᠢ ᠪᠠᠶᠠᠯᠢᠭ ᠤᠨ | ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢᠶᠠᠨ ᠬᠦᠢᠴᠡᠳ | ᠪᠠᠳᠠᠷᠠᠭᠤᠯᠤᠨ᠂ ᠨᠡᠶᠢᠭᠡᠮ ᠤᠨ ᠠᠮᠢᠵᠢᠷᠠᠯ ᠤᠨ ᠬᠦᠴᠦᠨ ᠪᠠ ᠠᠵᠤ ᠠᠬᠤᠶᠢᠯᠠᠯ ᠤᠨ ᠬᠥᠳᠡᠯᠭᠡᠬᠦ ᠬᠦᠴᠦᠨ ᠢ | ᠬᠥᠭᠵᠢᠭᠡᠵᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢ ᠬᠠᠮᠲᠤᠪᠠᠷ ᠪᠠᠶᠢᠭᠤᠯᠤᠨ ᠬᠠᠮᠲᠤᠪᠠᠷ | ᠡᠳ᠋ᠯᠡᠵᠦ᠂ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠤ ᠦᠢᠯᠡᠰ ᠤᠨ ᠰᠢᠰᠲ᠋ᠧᠮᠵᠢ ᠶᠢ | ᠪᠦᠷᠢᠨᠰᠢᠭᠦᠯᠦᠨ᠎ᠡ᠃ | ︵ᠭᠤᠷᠪᠠ︶ ᠬᠡᠷᠡᠭᠯᠡᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠨ᠎ᠠ᠃ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠶᠢᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠡᠯ᠎ᠡ | ᠱᠠᠲᠤᠨ ᠤ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠥᠲᠥᠯᠦᠨ ᠳᠠᠭᠠᠭᠤᠯᠬᠤ ᠦᠢᠯᠡᠳᠦᠯ ᠢ ᠨᠢ | ᠪᠠᠳᠠᠷᠠᠭᠤᠯᠤᠨ᠂ ᠪᠡᠶ᠎ᠡ ᠲᠠᠮᠢᠷ ᠤᠨ ᠠᠵᠤ ᠠᠬᠤᠶᠢᠯᠠᠯ ᠤᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ | ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠡᠷᠢᠭᠦᠨ ᠤ ᠬᠡᠷᠡᠭᠯᠡᠭᠡᠨ ᠤ ᠣᠷᠴᠢᠨ ᠲᠤᠭᠤᠷᠢᠨ ᠢ ᠪᠤᠢ | ᠪᠤᠯᠭᠠᠨ᠎ᠠ᠃ | ︵ᠳᠥᠷᠪᠡ︶ ᠣᠨᠴᠠᠯᠢᠠᠠᠳᠣ ᠨᠠᠷᠠᠲᠤ ᠲᠥᠷᠥᠯ ᠲᠡᠮᠳᠡᠭᠲᠦ ᠶᠢ ᠪᠠᠷᠢᠮᠲᠠᠯᠠᠨ᠎ᠠ᠃ ︽ᠠᠭᠤᠯᠠ᠂ ᠤᠰᠤ᠂ | ᠡᠯᠡᠰᠦ᠂ ᠬᠤᠲᠠ︾ ᠶᠢᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠣᠷᠣᠨ | ᠪᠦᠰᠡ ᠶᠢᠨ ᠣᠨᠴᠠᠯᠢᠭ ᠪᠠ ᠠᠵᠤ ᠦᠢᠯᠡᠰ ᠤᠨ ᠣᠨᠴᠠᠯᠢᠭ ᠲᠠᠢ ᠪᠥᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠦᠢᠯᠡᠳᠬᠦᠨ ᠪᠠ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠶᠢ ᠤᠬᠠᠭᠤᠯᠤᠨ ᠳᠡᠯᠭᠡᠷᠡᠭᠦᠯᠬᠦ ᠪᠠ ᠵᠠᠬ᠎ᠠ ᠳᠡᠯᠭᠡᠭᠦᠷ ᠨᠡᠭᠡᠭᠡᠬᠦ ᠶᠢ ᠨᠡᠮᠡᠭᠳᠡᠭᠦᠯᠦᠨ | ᠂ ᠪᠡᠶ᠎ᠡ ᠲᠠᠮᠢᠷ ᠵᠢᠭᠤᠯᠴᠢᠯᠠᠯ᠂ ᠪᠡᠶ᠎ᠡ ᠲᠠᠮᠢᠷ ᠰᠤᠷᠭᠠᠨ ᠬᠥᠮᠦᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ | ᠮᠠᠨ ᠤ ᠬᠤᠲᠠ ᠶᠢᠨ ᠬᠡᠷ ᠤᠨ ᠭᠠᠳᠠᠨᠠᠬᠢ ᠬᠥᠳᠡᠯᠭᠡᠭᠡᠨ ᠤ ᠬᠤᠲᠠ ᠶᠢᠨ ᠨᠥᠯᠥᠭᠡᠯᠡᠬᠦ ᠬᠦᠴᠦᠨ ᠪᠠ ᠠᠯᠳᠠᠷᠰᠢᠯ ᠢᠶᠠᠨ | ᠥᠷᠭᠡᠳᠬᠡᠨ ᠳᠡᠭᠡᠭᠰᠢᠯᠡᠭᠦᠯᠦᠨ᠎ᠡ᠃ | ︵ᠲᠠᠪᠤ︶ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠎ᠠ᠃ ᠪᠣᠬᠢᠷᠲᠤᠯ ᠥᠬᠡᠶ ᠬᠥᠭᠵᠢᠯᠲᠡ ᠶᠢᠨ | ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠦᠷᠭᠦᠯᠵᠢᠯᠡᠬᠦ ᠬᠥᠭᠵᠢᠯᠲᠡ ᠲᠠᠢ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠵᠤ᠂ ᠮᠠᠨ ᠤ ᠬᠤᠲᠠ ᠶᠢᠨ ᠪᠥᠬᠦ | ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠦᠢᠯᠡᠳᠬᠦᠨ ᠤ ᠠᠮᠢ ᠠᠬᠤᠶᠢᠵᠢᠯᠲᠠ ᠶᠢ ᠠᠬᠢᠭᠤᠯᠵᠤ᠂ | ᠮᠠᠨ ᠤ ᠬᠤᠲᠠ ᠶᠢᠨ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠭᠤᠷᠪᠠ᠂ ᠭᠤᠣᠯ ᠡᠭᠦᠷᠭᠡ | ︵ᠨᠢᠭᠡ︶ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ | ᠬᠠᠩᠭᠠᠯᠭ᠎ᠠ ᠪᠠᠨ ᠴᠢᠩᠭᠠᠳᠬᠠᠨ᠎ᠠ | 1. ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠠᠯᠠᠪᠤᠷ ᠤᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠳᠦᠯᠲᠡᠶ ᠲᠥᠯᠥᠪᠵᠢᠭᠦᠯᠦᠨ᠎ᠡ᠃ ︽ᠦᠬᠠᠶ ᠬᠤᠲᠠ ᠶᠢᠨ ᠪᠥᠬᠦ | ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢᠨ ᠬᠡᠷᠡᠭᠵᠢᠭᠦᠯᠬᠦ ᠲᠥᠰᠦᠯ︾ | ︽ᠦᠬᠠᠶ ᠬᠤᠲᠠ ᠶᠢᠨ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢᠨ | ᠳᠤᠲᠠᠭᠤᠳᠠᠯ ᠢᠶᠠᠨ ᠨᠥᠬᠦᠪᠥᠷᠢᠯᠡᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ︵2021 — 2025 ᠣᠨ | ︶︾ ᠶᠢ ᠲᠣᠭᠲᠠᠭᠠᠨ ᠬᠡᠷᠡᠭᠵᠢᠭᠦᠯᠦᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠪᠡᠶ᠎ᠡ ᠲᠠᠮᠢᠷ ᠤᠨ | ᠴᠡᠴᠡᠷᠯᠢᠭ ᠤᠨ ᠪᠣᠬᠢᠷᠲᠤᠯ ᠥᠬᠡᠶ ᠣᠷᠣᠨ ᠵᠠᠶ ᠬᠢᠭᠡᠳ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢᠨ | ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ ᠬᠤᠲᠠ ᠶᠢᠨ ᠰᠤᠯᠠ ᠪᠠᠶᠢᠭ᠎ᠠ ᠭᠠᠵᠠᠷ ᠰᠢᠷᠣᠶ ᠶᠢ ᠴᠢᠯᠥᠭᠡᠲᠡᠶ | ᠪᠣᠯᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ | ᠰᠠᠶᠢᠲᠤᠷ ᠬᠡᠷᠡᠭᠯᠡᠨ᠂ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠭᠠᠵᠠᠷ ᠰᠢᠷᠣᠶ ᠬᠠᠩᠭᠠᠬᠤ ᠶᠢ ᠳᠡᠮᠵᠢᠵᠦ᠂ ᠭᠠᠵᠠᠷ | ᠰᠢᠷᠣᠶ ᠶᠢ ᠨᠡᠶᠢᠯᠡᠭᠦᠯᠦᠨ ᠠᠰᠢᠭᠯᠠᠬᠤ ᠶᠢ ᠰᠠᠨᠠᠭᠠᠴᠢᠯᠠᠨ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠶ ᠶᠢᠨ ᠦᠯᠡᠳᠡᠭᠡᠯ ᠳᠠᠯᠳᠠ ᠬᠦᠴᠦᠨ ᠢ ᠬᠦᠢᠴᠡᠳ ᠠᠭᠤᠳᠠᠯᠵᠤ᠂ ᠨᠡᠶᠢᠭᠡᠮ ᠲᠣᠭᠤᠷᠢᠭ ᠲᠤ ᠣᠶᠢᠷᠠᠲᠤᠭᠰᠠᠨ᠂ | ᠬᠡᠷᠡᠭᠯᠡᠬᠦ ᠳᠤ ᠲᠥᠬᠦᠮ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ | ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠨᠡᠶᠢᠭᠡᠮ ᠤᠨ ᠬᠦᠴᠦᠨ ᠤ ᠪᠠᠯᠠ ᠣᠷᠣᠭᠤᠯᠤᠨ ᠵᠢᠵᠢᠭ ᠬᠡᠯᠪᠡᠷᠢ ᠶᠢᠨ | ᠪᠡᠶ᠎ᠡ ᠲᠠᠮᠢᠷ ᠤᠨ ᠲᠠᠯᠠᠪᠤᠷ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠪᠥᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢᠨ ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ | ᠬᠦᠭᠵᠢᠬᠦᠯᠦᠯᠳᠡ ᠶᠢᠨ ᠲᠥᠪ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ | ᠨᠢᠭᠡᠳᠦᠭᠡᠷ ᠲᠤ ᠵᠢᠭᠰᠠᠭᠠᠭᠰᠠᠨ ᠢ ᠲᠦᠷᠦᠭᠦᠯᠡᠨ ᠬᠢᠬᠦ ᠨᠢᠭᠡᠴᠡ ᠪᠣᠯᠭᠠᠨ᠎ᠠ᠂ ᠳᠣᠷᠣᠭᠰᠢ ᠠᠳᠠᠯᠢ︶ | 2. ᠣᠯᠠᠨ ᠲᠦᠮᠡᠨ ᠤ ᠳᠡᠷᠭᠡᠳᠡᠬᠢ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠨᠥᠬᠦᠴᠡᠯ ᠢ | ᠰᠠᠶᠢᠵᠢᠷᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠪᠠ ᠨᠡᠶᠢᠭᠡᠮ | ᠲᠣᠭᠤᠷᠢᠭ ᠤᠨ ᠪᠡᠶ᠎ᠡ ᠲᠠᠮᠢᠷ ᠤᠨ ᠪᠡᠯᠡᠳᠬᠡᠮᠵᠢ ᠶᠢ ᠣᠷᠣᠨ ᠰᠠᠭᠤᠴᠠ ᠶᠢᠨ ᠲᠣᠭᠤᠷᠢᠭ ᠤᠨ ᠭᠤᠤᠯ ᠴᠣᠭᠴᠠᠲᠤ | ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠠᠷᠢᠯᠭ᠎ᠠ ᠪᠠᠷᠢᠵᠤ᠂ ᠵᠡᠷᠭᠡ ᠳᠤᠨᠢ | ᠠᠰᠢᠭᠯᠠᠯᠲᠠ ᠳᠤ ᠣᠷᠣᠭᠤᠯᠬᠤ ᠬᠡᠷᠡᠭᠳᠡᠢ᠃ ᠨᠢᠭᠡᠨᠲᠡ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠨᠢ ᠲᠥᠯᠥᠪᠵᠢᠭᠦᠯᠭᠡ ᠶᠢᠨ ᠱᠠᠭᠠᠷᠳᠠᠯᠭ᠎ᠠ | ᠪᠤᠶᠤ ᠪᠥᠲᠥᠭᠡᠨ ᠪᠠᠶᠢᠭᠤᠯᠬᠤ ᠪᠠᠷᠢᠮᠵᠢᠶ᠎ᠠ ᠳᠤ ᠬᠦᠷᠦᠭᠰᠡᠨ ᠥᠬᠡᠶ ᠪᠠᠶᠢᠪᠠᠯ᠂ ᠬᠤᠲᠠ ᠪᠠᠯᠭᠠᠰᠤ ᠶᠢᠨ ᠬᠠᠭᠤᠴᠢᠨ | ᠵᠢᠵᠢᠭ ᠲᠣᠭᠤᠷᠢᠭ ᠤᠨ ᠥᠭᠡᠷᠡᠴᠢᠯᠡᠯᠲᠡ ᠵᠢᠴᠢ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠲᠠᠢ ᠨᠢᠭᠲᠠ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠬᠤ ᠬᠡᠷᠡᠭᠳᠡᠢ᠃ ᠬᠤᠲᠠ ᠶᠢᠨ ᠨᠡᠶᠢᠭᠡᠮ | ᠲᠣᠭᠤᠷᠢᠭ ᠨᠢ ᠪᠠᠷᠢᠮᠵᠢᠶᠠᠲᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠠᠶᠢᠪᠠᠯ᠂ ᠬᠤᠳᠠᠯᠳᠤᠭ᠎ᠠ᠂ ᠰᠣᠶᠣᠯ᠂ ᠵᠤᠭ᠎ᠠ ᠴᠡᠩᠭᠡᠯ | ᠵᠡᠷᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠯᠦᠭᠡ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠪᠠ | ᠠᠰᠢᠭᠯᠠᠬᠤ ᠶᠢ ᠵᠣᠷᠢᠭᠵᠢᠭᠤᠯᠵᠤ᠂ ᠪᠠᠷᠢᠮᠵᠢᠶᠠᠲᠤ ᠪᠤᠰᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢ | ᠠᠮᠢᠳᠤᠯᠢᠭ ᠢᠶᠠᠷ ᠪᠥᠲᠥᠭᠡᠨ ᠪᠠᠶᠢᠭᠤᠯᠬᠤ ᠬᠡᠷᠡᠭᠳᠡᠢ᠃ ᠬᠤᠲᠠ ᠶᠢᠨ ᠰᠢᠨᠡᠴᠢᠯᠡᠯᠳᠡ ᠶᠢᠨ ᠠᠵᠢᠯᠯᠠᠭ᠎ᠠ ᠪᠠ ︽ᠦᠬᠠᠶ | ᠬᠤᠲᠠ ᠶᠢᠨ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶᠡᠨ ᠤ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠠᠵᠢᠯ ᠤᠨ ᠲᠥᠰᠦᠯ︾ ᠲᠠᠢ ᠤᠶᠠᠯᠳᠤᠭᠤᠯᠤᠨ ᠪᠡᠶ᠎ᠡ ᠲᠠᠮᠢᠷ ᠤᠨ ᠰᠠᠭᠤᠷᠢ ᠪᠡᠯᠡᠳᠬᠡᠮᠵᠢ ᠪᠠᠨ | ᠲᠡᠭᠦᠯᠳᠡᠷᠵᠢᠭᠦᠯᠦᠨ᠎ᠡ᠃ ︵ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ | ᠬᠦᠭᠵᠢᠬᠦᠯᠦᠯᠳᠡ ᠶᠢᠨ ᠲᠥᠪ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | | 3. ᠣᠯᠠᠨ ᠨᠡᠶᠢᠲᠡ ᠶᠢᠨ ᠪᠡᠶ᠎ᠡ ᠲᠠᠮᠢᠷ ᠤᠨ ᠲᠠᠯᠠᠪᠤᠷ ᠣᠷᠳᠣᠨ ᠤ ᠨᠡᠭᠡᠭᠡᠯᠲᠡᠲᠦ ᠦᠢᠯᠡᠴᠢᠯᠡᠭᠡ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠤᠶᠤ | ᠳᠣᠣᠷ᠎ᠠ ᠰᠦᠢᠳᠬᠡᠯ ᠬᠤᠷᠢᠶᠠᠵᠤ ᠨᠡᠭᠡᠭᠡᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠲᠠᠯᠠᠪᠤᠷ ᠣᠷᠳᠣᠨ ᠢ ᠵᠠᠯᠠᠭᠤᠴᠤᠳ | ᠪᠠᠭᠠᠴᠤᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠠᠮᠲᠤᠯᠢᠭ ᠲᠤ ᠨᠡᠭᠡᠭᠡᠬᠦ ᠡᠷᠴᠢᠮ ᠢᠶᠠᠨ | ᠴᠢᠩᠭᠠᠷᠠᠭᠤᠯᠵᠤ᠂ ᠲᠠᠯᠠᠪᠤᠷ ᠣᠷᠳᠣᠨ ᠤ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠪᠠᠨ ᠪᠠᠶᠢᠭᠤᠯᠤᠨ | ᠲᠡᠭᠦᠯᠳᠡᠷᠵᠢᠭᠦᠯᠵᠦ᠂ ᠲᠠᠯᠠᠪᠤᠷ ᠣᠷᠳᠣᠨ ᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠴᠢᠳᠠᠮᠵᠢ | ᠪᠠᠨ ᠬᠤᠪᠢᠷᠠᠭᠤᠯᠬᠤ ᠪᠡᠯᠡᠳᠬᠡᠯ ᠲᠥᠰᠦᠯ ᠢᠶᠠᠨ ᠰᠠᠶᠢᠲᠤᠷ ᠬᠢᠵᠦ᠂ ᠲᠠᠯᠠᠪᠤᠷ ᠣᠷᠳᠣᠨ ᠤ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠪᠠᠶᠢᠩᠭᠤᠵᠢᠭᠤᠯᠤᠭᠰᠠᠨ ᠤᠷᠢᠲᠠᠯ ᠳᠣᠤᠷ᠎ᠠ᠂ ᠨᠡᠭᠡᠭᠡᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠭᠤᠯᠭ᠎ᠠ᠂ | ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠡᠶ᠎ᠡ ᠲᠠᠮᠢᠷ ᠤᠨ ᠲᠠᠯᠠᠪᠤᠷ᠂ ᠪᠡᠯᠡᠳᠬᠡᠮᠵᠢ ᠶᠢ | ᠰᠦᠢᠳᠬᠡᠯ ᠬᠤᠷᠢᠶᠠᠬᠤ ᠥᠬᠡᠶ ᠪᠠᠷ ᠪᠤᠶᠤ ᠳᠣᠤᠷ᠎ᠠ ᠰᠦᠢᠳᠬᠡᠯ ᠢᠶᠠᠷ ᠨᠡᠶᠢᠭᠡᠮ ᠨᠡᠶᠢᠲᠡ ᠳᠤ ᠨᠡᠭᠡᠭᠡᠬᠦ ᠶᠢ | ᠵᠣᠷᠢᠭᠵᠢᠭᠤᠯᠵᠤ᠂ ᠭᠠᠷᠠᠭ ᠪᠦᠷᠢ ᠶᠢᠨ ᠨᠡᠭᠡᠭᠡᠬᠦ ᠴᠠᠭ ᠢ 35 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ | ᠪᠥᠬᠦ ᠵᠢᠯ ᠳᠤ 330 ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ︵ᠬᠤᠲᠠ ᠶᠢᠨ ᠰᠣᠶᠣᠯ ᠪᠡᠶ᠎ᠡ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠭᠵᠢᠬᠦᠯᠦᠯᠳᠡ ᠶᠢᠨ ᠲᠥᠪ᠂ ᠡᠯ᠎ᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 4. ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ ︽ᠪᠡᠶ᠎ᠡ ᠲᠠᠮᠢᠷ ᠤᠨ ᠣᠷᠳᠣᠨ ᠲᠠᠯᠠᠪᠠᠶ ᠶᠢᠨ ᠮᠡᠳᠡᠭᠡ ᠵᠠᠩᠭᠢᠵᠢᠯᠲᠠ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠤᠨ ᠮᠡᠷᠭᠡᠵᠢᠯ ᠤᠨ ᠵᠢᠷᠤᠮᠵᠢᠯ︾ ︽ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠲᠤᠭ᠎ᠠ ᠪᠠᠷᠢᠮᠲᠠ ᠶᠢᠨ | ᠵᠠᠯᠭᠠᠭᠠᠰᠤ ᠶᠢᠨ ᠵᠢᠷᠤᠮᠵᠢᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠪᠡᠶ᠎ᠡ ᠲᠠᠮᠢᠷ ᠤᠨ ᠣᠷᠳᠣᠨ ᠲᠠᠯᠠᠪᠠᠶ ᠨᠤᠭᠤᠳ | ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠣᠶᠤᠨᠯᠢᠭ ᠢᠶᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠷᠭ᠎ᠠ | ᠬᠡᠯᠪᠡᠷᠢ᠂ ᠣᠶᠤᠨᠯᠢᠭ ᠢᠶᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠵᠠᠮ ᠱᠣᠭᠤᠮ᠂ ᠣᠶᠤᠨᠯᠢᠭ ᠪᠡᠶ᠎ᠡ ᠲᠠᠮᠢᠷ ᠤᠨ | ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠪᠡᠶ᠎ᠡ ᠲᠠᠮᠢᠷ ᠤᠨ ᠲᠥᠪ᠂ ᠰᠣᠶᠣᠯ | ᠪᠡᠶ᠎ᠡ ᠲᠠᠮᠢᠷ ᠤᠨ ᠲᠥᠪ ᠵᠡᠷᠭᠡ ᠣᠯᠠᠨ ᠨᠡᠶᠢᠲᠡ ᠶᠢᠨ ᠪᠡᠶ᠎ᠡ ᠲᠠᠮᠢᠷ ᠤᠨ ᠲᠠᠯᠠᠪᠤᠷ ᠣᠷᠳᠣᠨ ᠤ ᠪᠡᠯᠡᠳᠬᠡᠮᠵᠢ ᠶᠢᠨ | ᠣᠶᠤᠨᠴᠢ ᠲᠠᠯᠠᠪᠤᠷ ᠣᠷᠳᠣᠨ ᠤ ᠮᠡᠳᠡᠭᠡ ᠵᠠᠩᠭᠢᠵᠢᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠣᠶᠤᠨᠴᠢᠯᠠᠭᠰᠠᠨ | ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ | ᠪᠠᠨ ᠳᠡᠭᠡᠭᠰᠢᠯᠡᠭᠦᠯᠦᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ︵ᠬᠤᠲᠠ ᠶᠢᠨ ᠰᠣᠶᠣᠯ ᠪᠡᠶ᠎ᠡ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠭᠵᠢᠬᠦᠯᠦᠯᠳᠡ ᠶᠢᠨ ᠲᠥᠪ᠂ ᠶᠡᠭᠡ ᠳ᠋ᠠᠶᠢᠲ᠋ᠠ ᠶᠢᠨ ᠲᠥᠪ᠂ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠬᠤᠶᠠᠷ︶ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠦᠨ᠎ᠡ | 1. ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢᠨ ᠠᠴᠢᠶᠠᠯᠠᠪᠤᠷᠢ ᠪᠠᠨ | ᠪᠠᠶᠠᠯᠢᠭᠵᠢᠭᠤᠯᠤᠨ᠎ᠠ᠃ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠶ᠎ᠡ ᠲᠠᠮᠢᠷ ᠤᠨ ᠴᠤᠭᠯᠠᠭᠠᠨ | ᠪᠠ ᠪᠡᠶ᠎ᠡ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠤᠯᠲᠠ ᠶᠢ ᠲᠦᠮᠡᠨ ᠡᠷᠦᠬᠡ ᠳᠤ ᠬᠦᠷᠭᠡᠬᠦ᠂ ᠨᠡᠶᠢᠭᠡᠮ | ᠲᠣᠭᠤᠷᠢᠭ ᠤᠨ ᠪᠡᠶ᠎ᠡ ᠲᠠᠮᠢᠷ ᠤᠨ ᠴᠤᠭᠯᠠᠭᠠᠨ᠂ ᠪᠡᠶ᠎ᠡ ᠲᠠᠮᠢᠷ ᠤᠨ ᠬᠥᠳᠡᠯᠭᠡᠭᠡᠨ ᠤ ᠲᠥᠷᠥᠯ ᠤᠨ ᠰᠢᠷᠢᠰ | ᠬᠤᠯᠪᠤᠭᠠᠲᠤ ᠣᠷᠣᠯᠳᠣᠭᠠᠨ ᠤ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠦᠨ᠎ᠡ᠃ ᠡᠯᠡᠰᠦᠨ ᠲᠠᠩ ᠤᠨ ᠬᠥᠯ | ᠪᠥᠮᠪᠦᠭᠡ᠂ ᠮᠠᠷᠠᠽᠤᠨ ᠤᠷᠤᠯᠳᠤᠭᠠᠨ᠂ ᠳᠤᠭᠤᠶ ᠲᠡᠷᠭᠡ᠂ ᠢᠳᠡᠷᠡᠭᠦᠨ ᠠᠯᠬᠤᠭ᠎ᠠ᠂ ᠳᠠᠷᠪᠠᠭᠤᠯᠲᠤ ᠣᠩᠭᠤᠴᠠ᠂ | ᠳᠠᠷᠪᠠᠭᠤᠯᠲᠤ ᠬᠠᠪᠲᠠᠰᠤ᠂ ᠰᠡᠯᠢᠭᠦᠷ ᠲᠤᠯᠤᠮ ᠣᠩᠭᠤᠴᠠ᠂ ᠥᠲᠥᠨ ᠪᠥᠮᠪᠦᠭᠡ᠂ ᠡᠯᠡᠰᠦᠨ ᠴᠥᠯ ᠤᠨ ᠬᠡᠬᠡᠷᠯᠡᠬᠦ | ᠤᠷᠤᠯᠳᠤᠭᠠᠨ᠂ ᠣᠯᠠᠨ ᠨᠡᠶᠢᠲᠡ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠵᠡᠷᠭᠡ ᠤᠷᠤᠯᠳᠤᠭᠠᠨ ᠤ | ᠠᠵᠢᠯᠯᠠᠭᠠᠨ ᠤ ᠴᠢᠨᠠᠷ ᠴᠢᠨᠰᠠᠭ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠦᠯ ᠪᠥᠮᠪᠦᠭᠡ᠂ ᠰᠠᠭᠰᠤᠨ | ᠪᠥᠮᠪᠦᠭᠡ᠂ ᠠᠯᠠᠭᠠᠳᠠᠬᠤ ᠪᠥᠮᠪᠦᠭᠡ᠂ ᠲᠠᠯᠠᠪᠠᠢ ᠶᠢᠨ ᠪᠥᠵᠢᠭ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠠᠮᠢᠷ᠂ | ᠨᠡᠷᠡᠭᠦᠢ ᠨᠢᠳᠤᠷᠭ᠎ᠠ᠂ ᠳᠤᠭᠤᠶ ᠲᠡᠷᠭᠡ ᠵᠡᠷᠭᠡ ᠪᠡᠶ᠎ᠡ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠬᠥᠭᠵᠢᠭᠦᠯᠦᠨ | ᠪᠤᠵᠠᠭᠠᠶᠢᠷᠠᠭᠤᠯᠤᠨ᠎ᠠ᠃ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ᠂ ᠡᠮᠡᠭᠲᠡᠶᠢᠴᠦᠳ ᠬᠡᠦᠬᠡᠳ ᠤᠨ ᠪᠡᠶ᠎ᠡ ᠲᠠᠮᠢᠷ | ᠂ ᠨᠠᠰᠤᠲᠠᠶᠢᠴᠤᠳ ᠤᠨ ᠪᠡᠶ᠎ᠡ ᠲᠠᠮᠢᠷ᠂ ᠵᠡᠮᠳᠡᠭᠴᠦᠳ ᠤᠨ ᠪᠡᠶ᠎ᠡ ᠲᠠᠮᠢᠷ ᠪᠠ ᠠᠵᠢᠯᠳᠠᠨ ᠠᠵᠢᠯᠴᠢᠨ ᠤ ᠲᠠᠮᠢᠷ ᠤᠨ | ᠬᠦᠳᠡᠯᠭᠡᠭᠡᠨ ᠢ ᠢᠳᠡᠪᠬᠢᠳᠡᠢ ᠦᠷᠨᠢᠬᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ | ᠪᠠᠶᠢᠳᠠᠯ ᠳᠤ ᠵᠣᠬᠢᠴᠠᠭᠤᠯᠤᠨ᠂ ᠬᠡᠷ ᠲᠡᠭᠡᠨ ᠰᠠᠭᠤᠵᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠪᠥᠬᠦ | ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠰᠦᠯᠵᠢᠶᠡᠨ ᠤ ᠤᠷᠤᠯᠳᠤᠭᠠᠨ ᠤ ᠠᠵᠢᠯᠯᠠᠭ᠎ᠠ ᠶᠢ ᠶᠡᠬᠡᠪᠡᠷ | ᠳᠡᠯᠭᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠥᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢᠨ ᠬᠠᠷᠢᠯᠴᠠᠨ ᠬᠥᠳᠡᠯᠦᠯᠴᠡᠬᠦ ᠰᠢᠨ᠎ᠡ ᠵᠠᠭᠪᠤᠷ ᠢ | ᠲᠡᠭᠦᠯᠳᠡᠷᠵᠢᠭᠦᠯᠦᠨ᠎ᠡ᠃ ︵ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠭᠵᠢᠬᠦᠯᠦᠯᠳᠡ ᠶᠢᠨ ᠲᠥᠪ᠂ ᠶᠡᠭᠡ ᠳ᠋ᠠᠶᠢᠲ᠋ᠠ ᠶᠢᠨ ᠲᠥᠪ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ | ︶ | 2. ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠨᠠᠷᠠᠲᠤ ᠲᠥᠷᠥᠯ ᠲᠡᠮᠳᠡᠭᠲᠦ | ᠤᠷᠤᠯᠳᠤᠭᠠᠨ ᠤ ᠠᠵᠢᠯᠯᠠᠭ᠎ᠠ ᠶᠢ ᠪᠣᠶ ᠪᠣᠯᠭᠠᠨ᠎ᠠ᠃ ︽ᠠᠭᠤᠯᠠ᠂ ᠤᠰᠤ᠂ ᠡᠯᠡᠰᠦ᠂ ᠬᠤᠲᠠ︾ ᠵᠡᠷᠭᠡ | ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ | ᠡᠳᠦᠷ ᠵᠡᠷᠭᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠲᠤ ︽ᠪᠥᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠡᠳᠦᠷ︾᠂ ᠨᠡᠶᠢᠭᠡᠮ ᠲᠣᠭᠤᠷᠢᠭ ᠤᠨ ᠤᠨᠴᠠᠯᠢᠬᠳᠤ ᠪᠡᠶ᠎ᠡ ᠲᠠᠮᠢᠷ ᠤᠨ ᠴᠤᠭᠯᠠᠭᠠᠨ ᠵᠡᠷᠭᠡ ᠰᠢᠷᠢᠰ | ᠠᠵᠢᠯᠯᠠᠭ᠎ᠠ ᠶᠢ ᠡᠷᠭᠢᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨᠴᠢ ᠴᠢᠨᠠᠷᠲᠠᠶ ᠪᠡᠶ᠎ᠡ | ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠮᠠᠤ ᠽᠤ᠋ ᠳ᠋ᠦᠩ ᠨᠥᠬᠦᠷ ᠤᠨ ︽ᠪᠡᠶ᠎ᠡ | ᠲᠠᠮᠢᠷ ᠤᠨ ᠬᠥᠳᠡᠯᠭᠡᠭᠡᠨ ᠢ ᠬᠥᠭᠵᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠤᠶ᠎ᠠ︾ ᠬᠡᠰᠡᠨ | ᠪᠢᠴᠢᠭᠡᠰᠦ ᠶᠢ ᠳᠤᠷᠠᠰᠬᠠᠬᠤ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ︽ᠭᠤᠷᠪᠠᠨ ᠲᠣᠮᠣ ᠪᠥᠮᠪᠦᠭᠡ︾᠂ ᠪᠡᠶ᠎ᠡ ᠴᠢᠭᠢᠷᠠᠭᠵᠢᠭᠤᠯᠤᠨ ᠭᠦᠶᠦᠬᠦ᠂ ᠪᠡᠶ᠎ᠡ | ᠴᠢᠭᠢᠷᠠᠭᠵᠢᠭᠤᠯᠤᠨ ᠠᠯᠬᠤᠬᠤ᠂ ᠤᠮᠪᠠᠭ᠋ᠤ ᠵᠡᠷᠭᠡ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ︽ᠨᠢᠭᠡ ᠭᠠᠵᠠᠷ ᠣᠷᠣᠨ ᠳᠤ ᠨᠢᠭᠡ ᠲᠥᠷᠥᠯ ᠵᠦᠢᠯ︾ ︽ᠨᠢᠭᠡ | ᠭᠠᠵᠠᠷ ᠣᠷᠣᠨ ᠳᠤ ᠣᠯᠠᠨ ᠲᠥᠷᠥᠯ ᠵᠦᠢᠯ︾ ᠤᠨ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢᠨ ᠣᠯᠠᠨ ᠡᠰᠢᠵᠢᠭᠰᠡᠨ ᠬᠥᠭᠵᠢᠯᠲᠡ ᠶᠢ | ᠠᠬᠢᠭᠤᠯᠤᠨ᠎ᠠ᠃ ︵ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 3. ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠮᠡᠳᠡᠯᠭᠡ ᠪᠠ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠬᠥᠮᠦᠵᠢᠯ ᠢ ᠭᠦᠨᠵᠡᠭᠡᠶ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠪᠡᠶ᠎ᠡ ᠲᠠᠮᠢᠷ ᠤᠨ ᠰᠣᠶᠣᠯ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠪᠥᠬᠦ ᠨᠡᠶᠢᠭᠡᠮ ᠤᠨ ᠪᠡᠶ᠎ᠡ ᠲᠠᠮᠢᠷ ᠢᠶᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠴᠢᠨᠠᠷ ᠲᠠᠰ ᠢ ᠶᠡᠬᠡᠪᠡᠷ ᠳᠡᠭᠡᠭᠰᠢᠯᠡᠭᠦᠯᠦᠨ᠎ᠡ᠃ ᠨᠡᠶᠢᠭᠡᠮ ᠤᠨ ᠪᠡᠶ᠎ᠡ ᠲᠠᠮᠢᠷ ᠤᠨ ᠵᠢᠭᠠᠨ ᠵᠢᠯᠣᠭᠤᠳᠣᠭᠴᠢ ᠶᠢᠨ ︽ | ᠦᠨᠳᠦᠰᠦᠨ ᠱᠠᠲᠤᠨ ᠳᠤ ᠬᠦᠷᠴᠦ ᠡᠷᠡᠭᠦᠯ ᠮᠡᠨᠳᠦ ᠶᠢ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠵᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢ ᠵᠢᠯᠣᠭᠤᠳᠤᠨ ᠳᠡᠯᠭᠡᠨ ᠦᠵᠡᠭᠦᠯᠬᠦ᠂ | ᠦᠵᠡᠭᠦᠯᠦᠨ ᠲᠣᠭᠯᠠᠬᠤ ᠵᠡᠷᠭᠡ ᠠᠷᠭ᠎ᠠ ᠮᠠᠶ᠋ᠢᠭ ᠢᠶᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠮᠡᠷᠭᠡᠵᠢᠯ | ᠴᠢᠳᠠᠪᠤᠷᠢ ᠶᠢ ᠤᠯᠠᠮᠵᠢᠯᠠᠵᠤ᠂ ᠣᠯᠠᠨ ᠲᠦᠮᠡᠨ ᠤ ︽ᠪᠡᠶ᠎ᠡ ᠴᠢᠭᠢᠷᠠᠭᠵᠢᠭᠤᠯᠵᠤ ᠴᠢᠳᠠᠬᠤ ᠥᠬᠡᠶ᠂ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠴᠠ ᠵᠢᠷᠦᠬᠡᠰᠢᠶᠡᠬᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠨᠢ ᠪᠡᠶ᠎ᠡ ᠳᠤ | ᠬᠤᠤᠷ ᠬᠥᠨᠥᠭᠡᠯ ᠤᠴᠠᠷᠠᠭᠤᠯᠬᠤ᠂ ᠪᠠᠷᠢᠮᠲᠠᠯᠠᠬᠤ ᠳᠤ ᠬᠦᠴᠢᠷ︾ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ | ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠠᠵᠢᠯᠯᠠᠭ᠎ᠠ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ︽ᠡᠷᠡᠭᠦᠯ ᠮᠡᠨᠳᠦ ᠶᠢᠨ ᠲᠦᠷᠦᠯ ᠵᠦᠢᠯ︾ ᠤᠨ ᠢᠨᠵᠧᠨᠧᠷᠢᠩ ᠢ | ᠠᠬᠢᠭᠤᠯᠵᠤ᠂ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠯᠬᠤᠴᠠ | ᠪᠠᠨ ᠠᠬᠢᠭᠤᠯᠤᠨ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢᠨ ᠨᠠᠰᠤᠵᠢᠯᠲᠠ ᠳᠤ ᠳᠣᠭᠢᠷᠠᠬᠤ | ᠬᠡᠮᠵᠢᠶ᠎ᠡ ᠶᠢ ᠳᠡᠭᠡᠭᠰᠢᠯᠡᠭᠦᠯᠵᠦ᠂ ᠨᠠᠰᠤᠲᠠᠶᠢᠴᠤᠳ ᠲᠤ ᠳᠣᠭᠢᠷᠠᠬᠤ ᠤᠷᠤᠯᠳᠤᠭᠠᠨ ᠤ ᠠᠵᠢᠯᠯᠠᠭ᠎ᠠ ᠶᠢ ᠦᠷᠨᠢᠬᠦᠯᠦᠨ᠎ᠡ᠃ | ᠣᠯᠠᠨ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢᠨ ᠬᠠᠷᠰᠢ ᠰᠠᠭᠠᠳ ᠥᠬᠡᠶ | ᠣᠷᠴᠢᠨ ᠲᠣᠭᠤᠷᠢᠨ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠡᠷᠡᠭᠦᠯᠵᠢᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ︵ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | 4. ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠣᠶ | ᠪᠣᠯᠭᠠᠨ᠎ᠠ᠃ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠪᠠ ᠲᠠᠷᠬᠠᠭᠠᠬᠤ ᠡᠷᠴᠢᠮ ᠢᠶᠠᠨ | ᠴᠢᠩᠭᠠᠷᠠᠭᠤᠯᠵᠤ᠂ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠰᠣᠶᠣᠯ ᠢ ᠲᠦᠭᠡᠮᠡᠯᠵᠢᠭᠦᠯᠵᠦ᠂ ᠣᠯᠠᠨ ᠲᠦᠮᠡᠨ ᠤ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠥᠯᠢᠭᠡᠷ ᠢ ᠰᠠᠶᠢᠲᠤᠷ ᠶᠠᠷᠢᠨ᠎ᠠ᠃ ᠪᠠᠷᠢᠮᠵᠢᠶ᠎ᠠ ᠲᠠᠢ ᠨᠢᠭᠡᠳᠦᠯᠲᠡᠶ ᠰᠢᠨᠵᠢᠯᠡᠬᠦ ᠤᠬᠠᠭᠠᠨ ᠤ | ᠬᠥᠳᠡᠯᠭᠡᠭᠡᠨ ᠤ ᠬᠤᠪᠢ ᠬᠤᠷᠠᠮᠳᠤᠭᠤᠯᠬᠤ ᠰᠢᠰᠲ᠋ᠧᠮ ᠢ ᠪᠠᠶᠢᠭᠤᠯᠤᠨ᠎ᠠ᠃ ᠬᠠᠲᠤᠨ ᠭᠤᠤᠯ ᠳᠠᠭᠠᠤ ᠶᠢᠨ ᠭᠠᠵᠠᠷ | ᠣᠷᠣᠨ ᠲᠠᠢ ᠬᠠᠮᠲᠤᠪᠠᠷ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠤᠷᠤᠯᠳᠤᠭᠠᠨ ᠤ | ᠠᠵᠢᠯᠯᠠᠭ᠎ᠠ ᠶᠢ ᠡᠷᠭᠢᠯᠡᠵᠦ᠂ ᠴᠧᠨ ᠣᠪᠣᠭᠲᠤ ᠶᠢᠨ ᠨᠡᠷᠡᠬᠦᠢ ᠨᠢᠲᠤᠷᠭ᠎ᠠ᠂ 42 ᠮᠠᠶ᠋ᠢᠭ ᠤᠨ ᠨᠡᠷᠡᠬᠦᠢ ᠨᠢᠲᠤᠷᠭ᠎ᠠ᠂ | ᠰᠠᠨ ᠼᠠᠢ ᠹᠠᠨ ᠽᠢ ᠨᠢᠳᠤᠷᠭ᠎ᠠ᠂ ᠮᠢᠭᠮᠠᠨ ᠤ ᠰᠣᠯᠢᠯᠴᠠᠭᠠᠨ ᠤ ᠠᠵᠢᠯᠯᠠᠭ᠎ᠠ ᠵᠡᠷᠭᠡ ᠳᠤᠮᠳᠠᠳᠤ ᠶᠢᠨ ᠤᠯᠠᠮᠵᠢᠯᠠᠯᠲᠤ | ᠪᠡᠶ᠎ᠡ ᠲᠠᠮᠢᠷ ᠤᠨ ᠲᠥᠷᠥᠯ ᠵᠦᠢᠯ ᠤᠨ ︽ᠭᠠᠳᠠᠷ ᠣᠷᠣᠨ ᠯᠤᠭ᠎ᠠ ᠰᠣᠯᠢᠯᠴᠠᠬᠤ︾ ᠶᠢ ᠳᠡᠮᠵᠢᠨ᠎ᠡ᠃ ︵ᠬᠤᠲᠠ ᠶᠢᠨ | ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ︵ᠭᠤᠷᠪᠠ︶ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ | 1. ᠪᠡᠶ᠎ᠡ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠵᠠᠯᠠᠭᠤᠴᠤᠳ | ᠪᠠᠭᠠᠴᠤᠳ ᠤᠨ ᠪᠡᠶ᠎ᠡ ᠲᠠᠮᠢᠷ ᠤᠨ ᠬᠥᠳᠡᠯᠭᠡᠭᠡᠨ ᠢ ᠠᠬᠢᠭᠤᠯᠬᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ | ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠶᠢᠨ ᠵᠠᠭᠪᠤᠷ ᠢᠶᠠᠨ ᠲᠡᠭᠦᠯᠳᠡᠷᠵᠢᠭᠦᠯᠦᠨ᠂ ᠰᠤᠷᠤᠭᠴᠢᠳ ᠤᠨ | ᠡᠳᠦᠷ ᠪᠦᠷᠢ ᠶᠢᠨ ᠰᠤᠷᠭᠠᠭᠤᠯᠢ ᠶᠢᠨ ᠳᠣᠲᠣᠷ᠎ᠠ᠂ ᠰᠤᠷᠭᠠᠭᠤᠯᠢ ᠶᠢᠨ ᠭᠠᠳᠠᠨ᠎ᠠ ᠲᠣᠰᠪᠣᠷᠢ 1 ᠴᠠᠭ ᠠᠴᠠ ᠳᠡᠭᠡᠭᠰᠢ | ᠪᠡᠶ᠎ᠡ ᠲᠠᠮᠢᠷ ᠤᠨ ᠬᠥᠳᠡᠯᠭᠡᠭᠡᠨ ᠤ ᠴᠠᠭ ᠲᠠᠢ ᠪᠠᠶᠢᠬᠤ ᠶᠢ ᠪᠠᠲᠤᠯᠠᠬᠤ ᠬᠡᠷᠡᠭᠳᠡᠢ᠃ ᠡᠯ᠎ᠡ ᠱᠠᠲᠤᠨ ᠤ ᠡᠯ᠎ᠡ | ᠲᠦᠷᠦᠯ ᠤᠨ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠤᠷᠤᠯᠳᠤᠭᠠᠨ ᠢ ᠡᠮᠬᠢᠯᠡᠨ ᠨᠡᠶᠢᠯᠡᠭᠦᠯᠵᠦ᠂ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠠᠭᠰᠤᠨ ᠪᠥᠮᠪᠦᠭᠡ᠂ ᠬᠦᠯ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ | ᠰᠣᠳᠣᠨ ᠣᠷᠣᠯᠳᠣᠭᠠᠨ ᠢ ᠵᠤᠬᠢᠶᠠᠨ ᠪᠠᠶᠢᠭᠤᠯᠤᠨ᠎ᠠ᠃ ᠵᠠᠯᠠᠭᠤᠴᠤᠳ ᠪᠠᠭᠠᠴᠤᠳ ᠤᠨ ᠤᠢᠢᠷ᠎ᠠ ᠬᠠᠷᠠᠭ᠎ᠠ᠂ | ᠮᠠᠷᠢᠶᠠᠯᠠᠬᠤ ᠵᠡᠷᠭᠡ ᠠᠰᠠᠭᠤᠳᠠᠯ ᠳᠤ ᠪᠡᠶ᠎ᠡ ᠲᠠᠮᠢᠷ ᠤᠨ ᠲᠠᠯ᠎ᠠ ᠪᠠᠷ ᠭᠠᠷ ᠲᠦᠷᠤᠵᠤ᠂ ᠵᠠᠯᠠᠭᠤᠴᠤᠳ ᠪᠠᠭᠠᠴᠤᠳ ᠤᠨ | ᠪᠡᠶ᠎ᠡ ᠰᠡᠳᠬᠢᠯ ᠤᠨ ᠡᠷᠡᠭᠦᠯ ᠮᠡᠨᠲᠤ ᠶᠢ ᠠᠬᠢᠭᠤᠯᠤᠨ᠎ᠠ᠃ ᠨᠠᠰᠤᠲᠠᠶᠢᠴᠤᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠨᠠᠰᠤᠲᠠᠶᠢᠴᠤᠳ ᠤᠨ ᠪᠡᠶ᠎ᠡ ᠲᠠᠮᠢᠷ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢ ᠨᠢᠭᠡᠳᠦᠯᠲᠡᠶ | ᠲᠥᠯᠥᠪᠵᠢᠭᠦᠯᠦᠨ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠬᠢᠭᠡᠳ | ᠨᠡᠶᠢᠭᠡᠮ ᠲᠣᠭᠤᠷᠢᠭ ᠤᠨ ᠪᠡᠶ᠎ᠡ ᠲᠠᠮᠢᠷ ᠤᠨ ᠪᠡᠯᠡᠳᠬᠡᠮᠵᠢ ᠶᠢᠨ ᠴᠢᠳᠠᠮᠵᠢ ᠶᠢ ᠵᠣᠯᠭᠠᠭᠤᠯᠬᠤ ᠪᠠᠨ ᠴᠢᠩᠭᠠᠳᠬᠠᠨ᠂ ᠡᠯ᠎ᠡ | ᠲᠥᠷᠥᠯ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ | ᠬᠥᠳᠡᠯᠭᠡᠭᠡᠨ ᠤ ᠲᠥᠪ ᠤᠨ ᠪᠡᠶ᠎ᠡ ᠲᠠᠮᠢᠷ ᠤᠨ ᠦᠢᠯᠡᠴᠢᠯᠡᠭᠡᠨ ᠤ ᠲᠦᠪᠰᠢᠨ ᠢᠶᠠᠨ ᠲᠡᠭᠡᠭᠰᠢᠯᠡᠬᠦᠯᠦᠨ᠎ᠡ᠃ ︵ | ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶ | 2. ᠪᠡᠶ᠎ᠡ ᠲᠠᠮᠢᠷ ᠡᠷᠡᠭᠦᠯ ᠬᠠᠮᠠᠭᠠᠯᠠᠯ ᠤᠨ ᠠᠭᠤᠰᠤᠯᠴᠠᠯ ᠢ ᠠᠬᠢᠭᠤᠯᠤᠨ᠎ᠠ᠃ ᠪᠡᠶ᠎ᠡ ᠲᠠᠮᠢᠷ ᠪᠠ ᠡᠷᠡᠭᠦᠯ | ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ | ᠣᠷᠣᠯᠴᠠᠭᠰᠠᠨ ᠪᠡᠶ᠎ᠡ ᠲᠠᠮᠢᠷ ᠤᠨ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ ᠵᠠᠭᠪᠤᠷ ᠢ ᠰᠦᠪᠡᠭᠴᠢᠯᠡᠨ | ᠪᠠᠶᠢᠭᠤᠯᠤᠨ᠎ᠠ᠃ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠳᠤᠮᠳᠠᠬᠢ ᠪᠡᠶ᠎ᠡ ᠲᠠᠮᠢᠷ ᠤᠨ ᠪᠡᠶ᠎ᠡ | ᠴᠢᠭᠢᠷᠠᠭᠵᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠡᠯ᠎ᠡ ᠲᠣᠭᠤᠷᠢᠭ᠂ ᠲᠣᠰᠬᠤᠨ ᠪᠠᠯᠭᠠᠰᠤ ᠶᠢᠨ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠷᠡᠭᠦᠯ ᠮᠡᠨᠳᠦ ᠶᠢ ᠨᠢᠭᠡ ᠴᠣᠠᠠᠴᠠᠵᠢᠭᠤᠯᠥᠠᠠᠰᠠᠨ ᠡᠭᠦᠳᠡᠨ ᠡᠮᠨᠡᠯᠭᠡ | ᠪᠠᠶᠢᠭᠤᠯᠬᠤ ᠶᠢ ᠳᠡᠮᠵᠢᠨ᠎ᠡ᠃ ︽ᠤᠳᠠᠭᠠᠨ ᠴᠢᠨᠠᠷᠲᠠᠶ ᠡᠪᠡᠳᠴᠢᠨ ᠳᠤ ᠠᠩᠬᠠᠷᠣᠯ ᠲᠠᠯᠪᠢᠬᠤ᠂ ᠰᠡᠷᠭᠡᠶᠢᠯᠡᠨ | ᠵᠠᠰᠠᠬᠤ ᠶᠢ ᠤᠶᠠᠯᠳᠤᠭᠤᠯᠬᠤ᠂ ᠰᠠᠨᠠᠭᠠᠴᠢᠯᠠᠭ᠎ᠠ ᠠᠴᠠ ᠪᠠᠨ ᠡᠷᠡᠭᠦᠯ ᠴᠢᠭᠢᠷᠠᠭ ᠪᠠᠶᠢᠬᠤ︾ ᠤᠷᠢᠳᠴᠢᠯᠠᠨ ᠰᠡᠷᠭᠡᠶᠢᠯᠡᠬᠦ | ᠲᠣᠭᠲᠠᠴᠠ ᠪᠠᠨ ᠲᠡᠭᠦᠯᠳᠡᠷᠵᠢᠭᠦᠯᠦᠨ᠎ᠡ᠃ ᠵᠡᠮᠳᠡᠭᠴᠦᠳ ᠢ ᠲᠤᠰᠠᠯᠠᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ ᠡᠯ᠎ᠡ ᠲᠥᠷᠥᠯ ᠤᠨ ᠣᠯᠠᠨ ᠨᠡᠶᠢᠲᠡ ᠶᠢᠨ ᠪᠡᠶ᠎ᠡ ᠲᠠᠮᠢᠷ ᠤᠨ ᠪᠡᠯᠡᠳᠬᠡᠮᠵᠢ ᠶᠢᠨ | ᠬᠠᠷᠰᠢ ᠰᠠᠭᠠᠳ ᠥᠬᠡᠶ ᠪᠠᠶᠢᠬᠤ ᠨᠥᠬᠦᠴᠡᠯ ᠢ ᠨᠢ ᠰᠠᠶᠢᠵᠢᠷᠠᠭᠤᠯᠤᠨ᠂ ᠵᠡᠮᠳᠡᠭᠴᠦᠳ ᠤᠨ ᠪᠡᠶ᠎ᠡ ᠰᠡᠳᠬᠢᠯ ᠤᠨ | ᠣᠨᠴᠠᠯᠢᠭ ᠲᠤ ᠳᠣᠭᠢᠷᠠᠭᠰᠠᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠡᠷᠡᠭᠦᠯᠵᠢᠭᠦᠯᠬᠦ ᠲᠥᠷᠥᠯ ᠵᠦᠢᠯ ᠢ | ᠨᠡᠭᠡᠭᠡᠨ ᠬᠥᠭᠵᠢᠭᠦᠯᠦᠨ᠎ᠡ᠃ ᠠᠵᠢᠯᠲᠠᠨ ᠠᠵᠢᠯᠴᠢᠨ ᠤ ᠪᠡᠶ᠎ᠡ ᠲᠠᠮᠢᠷ ᠤᠨ ᠬᠥᠭᠵᠢᠯᠲᠡ ᠶᠢ ᠠᠬᠢᠭᠤᠯᠵᠤ᠂ ᠡᠯ᠎ᠡ | ᠱᠠᠲᠤᠨ ᠤ ᠠᠵᠢᠯᠴᠢᠨ ᠤ ᠡᠪᠯᠡᠯ᠂ ᠡᠯ᠎ᠡ ᠲᠥᠷᠥᠯ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠦᠢᠯᠡᠳᠦᠯ ᠢ ᠨᠢ | ᠬᠦᠢᠴᠡᠳ ᠪᠠᠳᠠᠷᠠᠭᠤᠯᠤᠨ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠠᠪᠰᠠᠷᠯᠠᠭ᠎ᠠ ᠶᠢᠨ ᠲᠠᠮᠢᠷ ᠥᠷᠨᠢᠭᠦᠯᠬᠦ ᠪᠠ ᠤᠷᠤᠯᠳᠤᠭᠠᠨ ᠤ ᠠᠵᠢᠯᠯᠠᠭ᠎ᠠ | ᠡᠷᠭᠢᠯᠡᠬᠦ ᠶᠢ ᠵᠣᠷᠢᠭᠵᠢᠭᠤᠯᠤᠨ ᠳᠡᠮᠵᠢᠨ᠎ᠡ᠃ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠵᠡᠷᠭᠡ | ᠲᠠᠷᠢᠶᠠᠴᠢᠳ ᠤᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠬᠦ ᠶᠢ ᠲᠦᠯᠬᠢᠨ ᠠᠬᠢᠭᠤᠯᠤᠨ᠎ᠠ᠃ ︵ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠪᠡᠶ᠎ᠡ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠵᠡᠮᠳᠡᠭᠴᠦᠳ ᠤᠨ ᠬᠤᠯᠪᠣᠭᠠᠲᠤ ᠬᠤᠷᠠᠯ᠂ ᠠᠵᠢᠯᠴᠢᠨ ᠤ ᠶᠡᠷᠦᠩᠬᠡᠶ ᠡᠪᠯᠡᠯ᠂ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶ | 3. ᠪᠡᠶ᠎ᠡ ᠲᠠᠮᠢᠷ ᠪᠠ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠎ᠠ᠃ ᠡᠯᠡᠰᠦ ᠮᠠᠩᠬ᠎ᠠ ᠶᠢᠨ ᠬᠡᠭᠡᠷ᠎ᠡ ᠶᠢᠨ | ᠠᠶᠠᠯᠠᠯ᠂ ᠡᠯᠡᠰᠦ ᠮᠠᠩᠬ᠎ᠠ ᠶᠢᠨ ᠶᠠᠪᠠᠭᠠᠨ ᠠᠶᠠᠯᠠᠯ᠂ ᠳᠠᠷᠪᠠᠭᠤᠯᠲᠤ ᠣᠩᠭᠤᠴᠠ᠂ ᠳᠠᠷᠪᠠᠭᠤᠯᠲᠤ ᠬᠠᠪᠳᠠᠰᠣ᠂ ᠤᠯᠠᠨ | ᠨᠡᠶᠢᠲᠡ ᠶᠢᠨ ᠮᠥᠰᠥ ᠴᠠᠰᠣᠨ ᠤ ᠬᠦᠳᠡᠯᠭᠡᠭᠡᠨ᠂ ᠮᠠᠷᠠᠽᠤᠨ ᠣᠷᠣᠯᠳᠣᠭᠠᠨ᠂ ᠳᠤᠭᠤᠢ ᠲᠡᠷᠭᠡ ᠵᠡᠷᠭᠡ ᠭᠡᠷ ᠤᠨ | ᠭᠠᠳᠠᠨᠠᠬᠢ ᠪᠡᠶ᠎ᠡ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠢ ᠲᠦᠭᠡᠮᠡᠯᠵᠢᠭᠦᠯᠦᠨ ᠳᠡᠯᠭᠡᠷᠡᠭᠦᠯᠵᠦ᠂ ᠪᠡᠶ᠎ᠡ | ᠲᠠᠮᠢᠷ ᠤᠨ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠪᠠᠨ ᠥᠷᠭᠡᠳᠬᠡᠨ᠎ᠡ᠃ ᠨᠢᠭᠡ ᠪᠦᠯᠦᠭ | ᠨᠥᠯᠥᠭᠡᠯᠡᠬᠦ ᠬᠦᠴᠦᠨ ᠲᠠᠢ ᠪᠡᠶ᠎ᠡ ᠲᠠᠮᠢᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ᠂ ᠰᠣᠳᠣᠨ | ᠤᠷᠤᠯᠳᠤᠭᠠᠨ ᠤ ᠶᠠᠪᠤᠳᠠᠯ ᠪᠠ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠵᠤ᠂ ᠤᠯᠤᠰ ᠤᠨ ᠪᠡᠶ᠎ᠡ | ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠢᠳᠡᠪᠬᠢᠲᠡᠶ ᠪᠠᠷ | ᠠᠬᠢᠭᠤᠯᠤᠨ᠎ᠠ᠃ ︵ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ︵ᠳᠥᠷᠪᠡ︶ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢ ᠵᠢᠯᠣᠭᠤᠳᠬᠤ | ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ᠂ | ᠤᠯᠤᠰ ᠤᠨ ᠪᠡᠶ᠎ᠡ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠪᠠ ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠢ ᠪᠠᠶᠢᠴᠠᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠰᠦᠯᠵᠢᠶᠡᠨ ᠳᠡᠭᠡᠷᠡᠬᠢ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠬᠢᠴᠢᠶᠡᠯ ᠤᠨ | ᠲᠠᠩᠬᠢᠮ ᠭᠠᠷᠭᠠᠵᠤ᠂ ᠰᠦᠯᠵᠢᠶᠡᠨ ᠳᠡᠭᠡᠷᠡᠬᠢ ᠤᠷᠤᠯᠳᠤᠭᠠᠨ ᠤ ᠠᠵᠢᠯᠯᠠᠭ᠎ᠠ᠂ ᠰᠦᠯᠵᠢᠶᠡᠨ ᠳᠡᠭᠡᠷᠡᠬᠢ ᠣᠯᠠᠨ | ᠲᠦᠮᠡᠨ ᠤ ᠦᠵᠡᠭᠦᠯᠦᠯᠭᠡ᠂ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠪᠡᠶ᠎ᠡ ᠲᠠᠮᠢᠷ ᠤᠨ ᠣᠳᠣᠨ᠂ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠴᠢᠳᠠᠪᠤᠷᠢᠲᠠᠨ᠂ ᠰᠢᠯᠢᠳᠡᠭ ᠲᠠᠮᠢᠷᠴᠢᠨ ᠵᠡᠷᠭᠡ ᠪᠡᠶ᠎ᠡ ᠲᠠᠮᠢᠷ ᠤᠨ ᠲᠤᠰᠬᠠᠶ | ᠮᠡᠷᠭᠡᠵᠢᠯ ᠤᠨ ᠴᠢᠳᠠᠪᠤᠷᠢᠲᠠᠨ ᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠤᠬᠠᠢ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠨᠡᠶᠢᠭᠡᠮ ᠤᠨ ᠪᠡᠶ᠎ᠡ ᠲᠠᠮᠢᠷ ᠤᠨ ᠵᠢᠭᠠᠨ | ᠵᠢᠯᠣᠭᠤᠳᠣᠭᠴᠢ ᠶᠢᠨ ᠬᠠᠮᠢᠶᠠᠷᠤᠯᠲᠠ ᠶᠢᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠪᠥᠬᠦ | ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠨᠡᠶᠢᠭᠡᠮ ᠤᠨ ᠪᠡᠶ᠎ᠡ ᠲᠠᠮᠢᠷ ᠤᠨ ᠵᠢᠭᠠᠨ ᠵᠢᠯᠣᠭᠤᠳᠣᠭᠴᠢ ᠶᠢᠨ ︽ᠡᠷᠡᠭᠦᠯ ᠮᠡᠨᠳᠦ ᠬᠦᠷᠭᠡᠬᠦ︾ ︽ᠪᠢ | ᠴᠢᠮᠠᠶᠢ ᠬᠠᠪᠰᠤᠷᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠠ᠃ ︵ᠬᠤᠲᠠ ᠶᠢᠨ | ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ︵ᠲᠠᠪᠤ︶ ᠪᠡᠶ᠎ᠡ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ ᠵᠠᠰᠠᠭ ᠤᠨ ᠣᠷᠳᠣᠨ ᠤ ᠪᠡᠶ᠎ᠡ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠪᠡᠶ᠎ᠡ ᠲᠠᠮᠢᠷ ᠲᠤ ᠨᠡᠶᠢᠭᠡᠮ ᠤᠨ ᠵᠣᠬᠢᠶᠠᠨ | ᠪᠠᠶᠢᠭᠤᠯᠤᠯᠲᠠ ᠣᠷᠣᠯᠴᠠᠬᠤ᠂ ᠵᠠᠰᠠᠭ ᠤᠨ ᠣᠷᠳᠣᠨ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠣᠯᠠᠨ ᠨᠡᠶᠢᠳᠡ ᠶᠢᠨ ᠦᠢᠯᠡᠴᠢᠯᠡᠭᠡ ᠬᠤᠳᠠᠯᠳᠣᠨ ᠠᠪᠬᠤ ᠶᠢ ᠬᠦᠯᠢᠶᠡᠨ ᠠᠪᠬᠤ ᠶᠢ ᠬᠥᠲᠥᠯᠦᠨ ᠵᠢᠯᠤᠭᠤᠲᠤᠨ᠎ᠠ᠃ | ᠪᠡᠶ᠎ᠡ ᠲᠠᠮᠢᠷ ᠤᠨ ᠨᠡᠶᠢᠭᠡᠮᠯᠢᠭ᠂ ᠪᠡᠶ᠎ᠡ ᠲᠠᠮᠢᠷ ᠤᠨ ᠵᠣᠬᠢᠶᠠᠨ ᠪᠠᠶᠢᠭᠤᠯᠤᠯᠲᠠ ᠳᠤ ᠲᠠᠯᠠᠪᠤᠷ ᠭᠠᠵᠠᠷ᠂ ᠪᠣᠯᠪᠠᠰᠤᠷᠠᠯ᠂ | ᠤᠷᠤᠯᠳᠤᠭᠠᠨ ᠤ ᠠᠵᠢᠯᠯᠠᠭ᠎ᠠ ᠵᠡᠷᠭᠡ ᠳᠤ ᠳᠡᠮᠵᠢᠯᠭᠡ ᠦᠵᠡᠭᠦᠯᠵᠦ᠂ ᠪᠡᠶ᠎ᠡ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ ᠶᠢ ᠬᠥᠲᠥᠯᠦᠨ | ᠵᠢᠯᠣᠭᠤᠳᠴᠤ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠪᠥᠬᠦ ᠠᠷᠠᠳ ᠤᠨ | ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵ | ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠵᠢᠷᠭᠤᠭ᠎ᠠ︶ ᠪᠡᠶ᠎ᠡ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠪᠡᠶ᠎ᠡ ᠲᠠᠮᠢᠷ ᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠢᠶᠠᠷ ᠰᠠᠭᠤᠷᠢ ᠪᠣᠯᠭᠠᠨ᠂ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠬᠠᠶ ᠨᠠᠭᠤᠷ ᠤᠨ | ᠰᠡᠯᠡᠭᠦᠴᠡᠨ ᠠᠮᠠᠷᠠᠬᠤ ᠵᠢᠭᠤᠯᠴᠢᠯᠠᠯ ᠤᠨ ᠣᠷᠣᠨ ᠢᠶᠠᠷ ᠬᠥᠭᠵᠢᠯᠲᠡ ᠶᠢᠨ ᠭᠤᠤᠯᠳᠠᠯᠭ᠎ᠠ ᠪᠣᠯᠭᠠᠵᠤ᠂ ᠤᠯᠤᠰ ᠤᠨ | ᠲᠠᠰ ᠤᠨ ᠵᠢᠭᠤᠯᠴᠢᠯᠠᠯ ᠤᠨ ᠪᠡᠶ᠎ᠡ ᠲᠠᠮᠢᠷ ᠰᠡᠯᠡᠭᠦᠴᠡᠯ ᠤᠨ ᠣᠷᠣᠨ ᠢ ᠡᠭᠦᠳᠦᠨ ᠪᠠᠶᠢᠭᠤᠯᠵᠤ᠂ ᠡᠷᠬᠢᠨ ᠲᠣᠭᠤᠷᠢᠨ ᠤ | ᠵᠢᠭᠤᠯᠴᠢᠯᠠᠯ ᠤᠨ ᠣᠷᠣᠨ᠂ ᠮᠦᠽᠧᠶ ᠵᠡᠷᠭᠡ ᠲᠥᠷᠥᠯ ᠵᠦᠢᠯ ᠤᠨ ᠬᠥᠭᠵᠢᠯᠲᠡ ᠶᠢ ᠳᠠᠶᠢᠴᠢᠯᠠᠨ᠂ ᠬᠤᠲᠠ ᠶᠢᠨ | ᠵᠢᠭᠤᠯᠴᠢᠯᠠᠯ ᠤᠨ ᠪᠡᠶ᠎ᠡ ᠲᠠᠮᠢᠷ ᠤᠨ ᠭᠠᠭᠴᠠ ᠡᠳᠦᠷ ᠤᠨ ᠪᠡᠶ᠎ᠡ ᠲᠠᠮᠢᠷ ᠤᠨ ᠵᠢᠭᠤᠯᠴᠢᠯᠠᠯ ᠤᠨ ᠵᠠᠮ ᠱᠤᠭᠤᠮ ᠢ ᠪᠣᠶ | ᠪᠣᠯᠭᠠᠨ᠎ᠠ᠃ ᠤᠰᠤᠨ ᠳᠡᠭᠡᠷᠡᠬᠢ ᠪᠡᠶ᠎ᠡ ᠲᠠᠮᠢᠷ ᠤᠨ ᠬᠥᠳᠡᠯᠭᠡᠭᠡᠨ᠂ ᠬᠡᠷ ᠤᠨ ᠭᠠᠳᠠᠨᠠᠬᠢ ᠪᠡᠶ᠎ᠡ ᠲᠠᠮᠢᠷ ᠤᠨ | ᠬᠥᠳᠡᠯᠭᠡᠭᠡᠨ᠂ ᠡᠯᠡᠰᠦᠨ ᠴᠥᠯ ᠤᠨ ᠪᠡᠶ᠎ᠡ ᠲᠠᠮᠢᠷ ᠤᠨ ᠬᠥᠳᠡᠯᠭᠡᠭᠡᠨ ᠵᠡᠷᠭᠡ ᠴᠢᠨᠠᠷ ᠰᠠᠶᠢᠲᠠᠶ ᠪᠡᠶ᠎ᠡ ᠲᠠᠮᠢᠷ ᠤᠨ | ᠬᠡᠷᠡᠭᠯᠡᠭᠡᠨ ᠤ ᠦᠢᠯᠡᠳᠬᠦᠨ ᠢ ᠪᠣᠶ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠪᠡᠶ᠎ᠡ | ᠲᠠᠮᠢᠷ ᠤᠨ ᠬᠡᠷᠡᠭᠯᠡᠭᠡᠨ ᠤ ᠠᠵᠢᠯᠯᠠᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠪᠡᠶ᠎ᠡ ᠲᠠᠮᠢᠷ ᠤᠨ | ᠬᠡᠷᠡᠭᠯᠡᠭᠡᠨ ᠤ ᠰᠢᠨ᠎ᠡ ᠵᠠᠭᠪᠤᠷ ᠲᠤ ᠰᠢᠨ᠎ᠡ ᠶᠢ ᠡᠭᠦᠳᠴᠦ᠂ ᠡᠯ᠎ᠡ ᠲᠠᠰ ᠳᠠᠪᠬᠤᠷᠭ᠎ᠠ ᠶᠢᠨ ᠬᠥᠮᠦᠰ ᠤᠨ ᠪᠡᠶ᠎ᠡ ᠲᠠᠮᠢᠷ | ᠳᠠᠬᠢ ᠬᠡᠷᠡᠭᠯᠡᠭᠡ ᠶᠢ ᠨᠡᠮᠡᠭᠳᠡᠬᠦᠯᠦᠨ᠎ᠡ᠃ ︵ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠳᠣᠯᠤᠭ᠎ᠠ︶ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠮᠠᠨ ᠤ ᠬᠤᠲᠠ ᠶᠢᠨ | ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ | ᠪᠣᠯᠪᠠᠰᠤᠷᠠᠯ ᠤᠨ ᠰᠢᠰᠲ᠋ᠧᠮᠵᠢ ᠶᠢ ᠪᠠᠶᠢᠭᠤᠯᠤᠨ᠂ ᠬᠥᠯ ᠪᠥᠮᠪᠦᠭᠡ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠤ᠂ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠰᠠᠭᠤᠷᠢ ᠪᠡᠯᠡᠳᠬᠡᠮᠵᠢ ᠪᠠᠨ ᠠᠯᠬᠤᠮ | ᠠᠯᠬᠤᠮ ᠢᠶᠠᠷ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠨᠡᠶᠢᠭᠡᠮ ᠤᠨ ᠬᠥᠯ | ᠪᠥᠮᠪᠦᠭᠡ ᠶᠢᠨ ᠰᠢᠰᠲ᠋ᠧᠮᠵᠢ ᠶᠢᠨ ᠪᠦᠲᠦᠮᠵᠢᠲᠡᠶ ᠬᠥᠭᠵᠢᠯᠲᠡ ᠶᠢ ᠠᠬᠢᠭᠤᠯᠵᠤ᠂ ᠬᠥᠯ ᠪᠥᠮᠪᠦᠭᠡ ᠶᠢᠨ ᠠᠵᠤ | ᠦᠢᠯᠡᠰ ᠤᠨ ᠬᠡᠪᠴᠢᠶ᠎ᠡ ᠪᠠᠨ ᠥᠷᠭᠡᠳᠬᠡᠨ᠂ ᠬᠥᠯ ᠪᠥᠮᠪᠦᠭᠡ ᠶᠢᠨ ᠦᠢᠯᠡᠰ ᠪᠠ ᠬᠥᠯ ᠪᠥᠮᠪᠦᠭᠡ ᠶᠢᠨ ᠠᠵᠤ | ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠡᠯᠡᠰᠦᠨ ᠲᠠᠩ ᠤᠨ ᠬᠥᠯ ᠪᠥᠮᠪᠦᠭᠡ ᠶᠢᠨ | ᠤᠷᠤᠯᠳᠤᠭᠠᠨ ᠤ ᠬᠢᠷᠢ ᠲᠦᠪᠰᠢᠨ ᠢᠶᠠᠨ ᠪᠥᠬᠦ ᠤᠯᠤᠰ ᠤᠨ ᠬᠢ ᠯᠦᠭᠡ ᠵᠣᠯᠭᠠᠭᠤᠯᠵᠤ᠂ ᠥᠪᠡᠷᠲᠡᠭᠡᠨ ᠵᠠᠰᠠᠬᠤ | ᠣᠷᠣᠨ᠂ ᠤᠯᠤᠰ ᠲᠤ ᠨᠢᠭᠡ ᠪᠦᠯᠦᠭ ᠰᠢᠯᠢᠳᠡᠭ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠦᠵᠢᠭᠦᠯᠦᠨ ᠬᠦᠷᠭᠡᠵᠦ᠂ | ᠬᠤᠲᠠ ᠶᠢᠨ ᠬᠥᠯ ᠪᠥᠮᠪᠦᠭᠡ ᠶᠢᠨ ᠰᠣᠶᠣᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠤᠯᠤᠰ ᠤᠨ ᠤᠮᠠᠷᠠᠲᠤ ᠶᠢᠨ | ᠡᠯᠡᠰᠦᠨ ᠲᠠᠩ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠳᠥᠯᠭᠢᠨ ᠠᠬᠢᠭᠤᠯᠵᠤ᠂ ᠳᠤᠮᠳᠠᠳᠤ ᠤᠯᠤᠰ ᠤᠨ ᠡᠯᠡᠰᠦᠨ ᠴᠥᠯ ᠤᠨ ᠬᠥᠳᠡᠯᠭᠡᠭᠡᠨ ᠤ ᠰᠡᠯᠡᠭᠦᠴᠡᠯ ᠤᠨ ᠬᠤᠲᠠ ᠶᠢ | ᠴᠣᠭᠴᠠᠯᠠᠨ ᠪᠠᠶᠢᠭᠤᠯᠤᠨ᠎ᠠ᠃ ︵ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠭᠵᠢᠬᠦᠯᠦᠯᠳᠡ ᠶᠢᠨ ᠲᠥᠪ᠂ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠨᠠᠢᠮᠠ︶ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠣᠶᠤᠨᠴᠢᠯᠠᠭᠰᠠᠨ | ᠦᠢᠯᠡᠴᠢᠯᠡᠭᠡ ᠬᠠᠩᠭᠠᠨ᠎ᠠ᠃ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠮᠡᠳᠡᠭᠡ | ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠤᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ | ᠪᠠᠶᠢᠭᠤᠯᠵᠤ᠂ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠮᠡᠳᠡᠭᠡ ᠵᠠᠩᠭᠢ ᠶᠢ ᠴᠤᠭᠯᠠᠭᠤᠯᠬᠤ | ᠣᠨᠣᠪᠴᠢ ᠶᠢᠨ ᠬᠡᠮᠵᠢᠶ᠎ᠡ ᠪᠠ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢᠨ | ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠤᠶᠤᠨᠯᠢᠭ ᠪᠡᠶ᠎ᠡ ᠴᠢᠭᠢᠷᠠᠭᠵᠢᠭᠤᠯᠤᠯᠲᠠ | ᠂ ᠡᠭᠦᠯᠡᠨ ᠤᠷᠤᠯᠳᠤᠭᠠᠨ᠂ ᠬᠡᠶᠢᠰᠪᠦᠷᠢ ᠬᠥᠳᠡᠯᠭᠡᠭᠡᠨ ᠵᠡᠷᠭᠡ ᠰᠢᠨ᠎ᠡ ᠪᠠᠷ ᠬᠥᠭᠵᠢᠭᠰᠡᠨ ᠬᠥᠳᠡᠯᠭᠡᠭᠡᠨ ᠤ | ᠬᠥᠭᠵᠢᠯᠲᠡ ᠶᠢ ᠲᠡᠮᠵᠢᠵᠤ᠂ ᠰᠦᠯᠵᠢᠶᠡᠨ ᠳᠡᠭᠡᠷᠡᠬᠢ ᠤᠶᠤᠨᠯᠢᠭ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠨ᠂ | ᠬᠤᠳᠠ ᠶᠢᠨ ᠠᠷᠠᠳ ᠤᠨ ᠪᠡᠶ᠎ᠡ ᠲᠠᠮᠢᠷ ᠤᠨ ᠪᠡᠶ᠎ᠡ ᠴᠢᠭᠢᠷᠠᠭᠵᠢᠭᠤᠯᠤᠯᠲᠠ ᠪᠠ ᠪᠡᠶ᠎ᠡ ᠲᠠᠮᠢᠷ ᠤᠨ ᠬᠡᠷᠡᠭᠯᠡᠭᠡ ᠶᠢ | ᠲᠣᠭᠠᠴᠢᠯᠠᠬᠤ᠂ ᠳᠥᠭᠦᠮᠴᠢᠯᠡᠬᠦ᠂ ᠤᠶᠤᠨᠴᠢᠯᠠᠬᠤ ᠶᠢ ᠪᠡᠶᠡᠯᠡᠭᠦᠯᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ ᠶᠢᠨ ᠤᠶᠤᠨᠯᠢᠭ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ︵ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ | ᠶᠡᠭᠡ ᠳ᠋ᠠᠶᠢᠲ᠋ᠠ ᠶᠢᠨ ᠲᠥᠪ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ | ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯ ᠤᠨ ᠬᠠᠮᠲᠤᠷᠠᠭᠰᠠᠨ ᠬᠤᠷᠠᠯ ᠤᠨ ᠦᠢᠯᠡᠳᠦᠯ ᠢ | ᠨᠢ ᠪᠠᠳᠠᠷᠠᠭᠤᠯᠤᠨ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠪᠦᠬᠦ ᠨᠡᠶᠢᠭᠡᠮ ᠢᠶᠠᠷ ᠢᠶᠠᠨ ᠬᠠᠮᠵᠢᠯᠴᠠᠭᠰᠠᠨ᠂ | ᠣᠯᠠᠨ ᠨᠡᠶᠢᠲᠡ ᠪᠠᠷ ᠢᠶᠠᠨ ᠣᠷᠣᠯᠴᠠᠭᠰᠠᠨ᠂ ᠬᠠᠤᠯᠢ ᠪᠠᠷ ᠵᠠᠰᠠᠬᠤ ᠪᠠᠷ ᠪᠠᠲᠤᠯᠠᠭᠰᠠᠨ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠎ᠡ᠃ | ︵ᠬᠤᠶᠠᠷ︶ ᠪᠠᠯᠠ ᠮᠥᠩᠭᠦ ᠶᠢᠨ ᠣᠷᠣᠭᠤᠯᠤᠯᠲᠠ ᠬᠢᠭᠡᠳ ᠬᠠᠮᠢᠶᠠᠷᠤᠯᠲᠠ ᠪᠠᠨ ᠨᠡᠮᠡᠭᠳᠡᠭᠦᠯᠦᠨ᠎ᠡ᠃ | ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ | ᠪᠠᠨ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠵᠠᠷᠤᠳᠠᠯ ᠢ ᠲᠣᠰ | ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠪᠥᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠣᠴᠠᠭᠤᠯᠵᠤ᠂ | ᠣᠯᠠᠨ ᠠᠷᠭ᠎ᠠ ᠵᠠᠮ ᠢᠶᠠᠷ ᠪᠠᠯᠠ ᠮᠥᠩᠭᠦ ᠴᠤᠭᠯᠠᠭᠤᠯᠤᠨ ᠪᠡᠶ᠎ᠡ ᠲᠠᠮᠢᠷ ᠤᠨ ᠦᠢᠯᠡᠰ ᠤᠨ ᠬᠥᠭᠵᠢᠯᠲᠡ ᠶᠢ ᠲᠡᠮᠵᠢᠨ᠎ᠡ᠃ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠵᠡᠷᠭᠡ ᠳᠡᠭᠡᠳᠦ ᠱᠠᠲᠤᠨ ᠤ ᠲᠤᠰᠬᠠᠶ ᠵᠦᠢᠯ ᠤᠨ ᠪᠠᠯᠠ ᠮᠦᠩᠬᠦ ᠶᠢ ᠢᠳᠡᠪᠬᠢᠳᠡᠢ ᠲᠡᠮᠡᠴᠡᠨ | ᠣᠯᠣᠨ᠎ᠠ᠃ ᠨᠡᠶᠢᠭᠡᠮ ᠤᠨ ᠬᠥᠷᠥᠩᠭᠡ ᠶᠢ ᠲᠡᠳᠡᠨ ᠠᠪᠴᠢᠷᠠᠵᠤ ᠪᠡᠶ᠎ᠡ ᠲᠠᠮᠢᠷ ᠤᠨ ᠲᠠᠯᠠᠪᠤᠷ ᠭᠠᠵᠠᠷ ᠤᠨ | ᠪᠡᠯᠡᠳᠬᠡᠮᠵᠢ ᠶᠢ ᠪᠥᠲᠥᠭᠡᠨ ᠪᠠᠶᠢᠭᠤᠯᠬᠤ ᠳᠤ ᠪᠠᠯᠠ ᠣᠷᠣᠭᠤᠯᠵᠤ᠂ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ᠂ ᠨᠡᠶᠢᠭᠡᠮ ᠤᠨ ᠪᠦᠯᠬᠦᠮ᠂ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠪᠠᠯᠠ ᠣᠷᠣᠭᠤᠯᠬᠤ | ᠂ ᠳᠡᠮᠵᠢᠬᠦ᠂ ᠬᠠᠨᠳᠢᠪᠯᠠᠬᠤ ᠵᠡᠷᠭᠡ ᠬᠡᠯᠪᠡᠷᠢ ᠪᠠᠷ ᠪᠡᠶ᠎ᠡ ᠲᠠᠮᠢᠷ ᠤᠨ ᠦᠢᠯᠡᠰ ᠲᠤ ᠣᠷᠣᠯᠴᠠᠬᠤ ᠶᠢ ᠵᠣᠷᠢᠭᠵᠢᠭᠤᠯᠵᠤ᠂ | ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠵᠠᠬ᠎ᠠ ᠳᠡᠯᠭᠡᠭᠦᠷ ᠣᠷᠣᠯᠴᠠᠭᠰᠠᠨ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ | ᠪᠠᠶᠢᠭᠤᠯᠤᠨ᠎ᠠ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠨ᠎ᠠ᠃ ᠪᠡᠶ᠎ᠡ ᠲᠠᠮᠢᠷ ᠤᠨ | ᠰᠣᠶᠣᠯ ᠤᠨ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠪᠠᠶᠢᠷᠢᠰᠢᠯ ᠢ ᠪᠠᠶᠢᠭᠤᠯᠵᠤ᠂ ᠤᠯᠠᠮᠵᠢᠯᠠᠯᠲᠤ | ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠳᠤ ᠲᠦᠰᠢᠭᠯᠡᠨ᠂ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠦᠨ᠎ᠡ᠃ ᠤᠯᠠᠨ ᠲᠦᠮᠡᠨ ᠤ ᠳᠡᠷᠭᠡᠳᠡᠬᠢ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠦᠯᠢᠭᠡᠷ ᠢ ᠰᠠᠶᠢᠲᠤᠷ ᠶᠠᠷᠢᠵᠤ᠂ ᠤᠯᠠᠨ ᠲᠦᠮᠡᠨ ᠤ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ | ︵ᠳᠥᠷᠪᠡ︶ ᠠᠮᠤᠷ ᠲᠦᠪᠰᠢᠨ ᠤ ᠪᠠᠲᠤᠯᠠᠭ᠎ᠠ ᠪᠠᠨ ᠴᠢᠩᠭᠠᠳᠬᠠᠨ᠎ᠠ᠃ ᠪᠥᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ᠂ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠤᠭᠳᠠᠴᠠ ᠪᠠᠨ ᠲᠡᠭᠦᠯᠳᠡᠷᠵᠢᠬᠦᠯᠦᠨ᠎ᠡ᠃ ᠡᠯ᠎ᠡ ᠲᠥᠷᠥᠯ ᠤᠨ | ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠡᠯᠡᠳᠬᠡᠮᠵᠢ ᠶᠢᠨ ᠠᠶᠤᠯ ᠥᠬᠡᠶ ᠠᠵᠢᠯᠯᠠᠭᠠᠨ ᠳᠤ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠪᠡᠶ᠎ᠡ ᠲᠠᠮᠢᠷ ᠤᠨ ᠲᠠᠯᠠᠪᠤᠷ ᠣᠷᠳᠣᠨ ᠳᠤ ᠪᠠᠴᠢᠮ | ᠠᠪᠤᠷᠠᠯᠳᠠ ᠶᠢᠨ ᠲᠥᠬᠦᠭᠡᠷᠦᠮᠵᠢ ᠳᠣᠭᠢᠷᠠᠭᠤᠯᠬᠤ ᠶᠢ ᠵᠣᠷᠢᠭᠵᠢᠭᠤᠯᠤᠨ᠂ ᠡᠯ᠎ᠡ ᠲᠥᠷᠥᠯ ᠤᠨ ᠣᠯᠠᠨ ᠨᠡᠶᠢᠲᠡ ᠶᠢᠨ | ᠪᠡᠶ᠎ᠡ ᠲᠠᠮᠢᠷ ᠤᠨ ᠪᠡᠯᠡᠳᠬᠡᠮᠵᠢ ᠶᠢᠨ ᠡᠬᠦᠳᠡ ᠪᠠᠨ ᠨᠡᠭᠡᠭᠡᠬᠦ ᠦᠢᠯᠡᠴᠢᠯᠡᠭᠡ ᠶᠢᠨ ᠬᠢᠵᠢᠭ ᠢ ᠰᠡᠷᠭᠡᠶᠢᠯᠡᠬᠦ᠂ ᠪᠠᠴᠢᠮ | ᠪᠠᠶᠢᠳᠠᠯ ᠢ ᠠᠷᠭᠠᠴᠠᠭᠠᠬᠤ᠂ ᠲᠠᠷᠬᠠᠭᠠᠬᠤ᠂ ᠦᠢᠯᠡᠳᠬᠦᠨ ᠤ ᠶᠠᠰᠤ ᠴᠢᠨᠠᠷ ᠪᠠ ᠭᠠᠯ ᠤᠨᠲᠠᠷᠠᠭᠠᠬᠤ ᠠᠮᠤᠷ | ᠲᠦᠪᠰᠢᠨ ᠤ ᠪᠠᠷᠢᠮᠵᠢᠶ᠎ᠠ ᠳᠤ ᠬᠦᠷᠬᠦ ᠶᠢ ᠦᠨᠡᠨᠬᠦ ᠪᠠᠲᠤᠯᠠᠨ᠎ᠠ᠃ ᠬᠡᠷ ᠤᠨ ᠭᠠᠳᠠᠨᠠᠬᠢ ᠬᠥᠳᠡᠯᠭᠡᠭᠡᠨ ᠤ ᠠᠮᠤᠷ | ᠲᠦᠪᠰᠢᠨ ᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠲᠦᠷᠢᠮ ᠢ ᠨᠠᠶᠢᠳᠠᠪᠤᠷᠢᠵᠢᠭᠤᠯᠵᠤ᠂ ᠤᠷᠤᠯᠳᠤᠭᠠᠨ ᠤ | ᠠᠵᠢᠯᠯᠠᠭ᠎ᠠ ᠡᠷᠭᠢᠯᠡᠬᠦ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠨᠢᠭᠡᠳᠦᠯᠲᠡᠶ ᠲᠥᠯᠥᠪᠯᠡᠨ᠎ᠡ᠃ | ︵ᠲᠠᠪᠤ︶ ᠬᠢᠨᠠᠯᠲᠠ ᠲᠠᠯᠪᠢᠬᠤ ᠪᠠ ᠠᠵᠢᠯ ᠤᠨ ᠠᠮᠵᠢᠯᠲᠠ ᠪᠦᠲᠦᠮᠵᠢ ᠪᠠᠨ ᠦᠨᠡᠯᠡᠨ ᠵᠢᠱᠢᠬᠦ ᠶᠢ | ᠴᠢᠩᠭᠠᠳᠬᠠᠨ᠎ᠡ᠃ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠪᠣᠳᠠᠲᠠᠶ ᠲᠠᠢ ᠪᠠᠨ | ᠤᠶᠠᠯᠳᠤᠭᠤᠯᠤᠨ ᠲᠣᠰ ᠭᠠᠵᠠᠷ ᠣᠷᠣᠨ ᠤ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ | ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠨ ᠨᠡᠶᠢᠲᠡᠯᠡᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠨ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ ᠲᠦᠷᠭᠡᠳᠭᠡᠨ᠎ᠡ᠃ ᠣᠨ ᠤ ᠠᠵᠢᠯ ᠤᠨ | ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠬᠢᠭᠤᠯᠬᠤ ᠠᠯᠬᠤᠮ ᠳᠠᠷᠠᠭ᠎ᠠ ᠪᠠᠨ | ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ᠃ ᠠᠵᠢᠯ ᠤᠨ ᠠᠮᠵᠢᠯᠲᠠ ᠪᠦᠲᠦᠮᠵᠢ | ᠪᠠᠨ ᠦᠨᠡᠯᠡᠨ ᠵᠢᠱᠢᠬᠦ ᠬᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠭᠤᠷᠪᠠᠳᠠᠬᠢ ᠡᠲᠡᠭᠡᠳ ᠤᠨ | ᠦᠨᠡᠯᠡᠨ ᠵᠢᠱᠢᠯᠲᠡ ᠪᠠ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠭᠤᠤᠯᠳᠠᠯᠭ᠎ᠠ ᠲᠠᠢ ᠬᠠᠷᠠᠯᠲᠠ ᠪᠠ ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠬᠦ ᠠᠷᠭ᠎ᠠ ᠬᠡᠮᠵᠢᠶ᠎ᠡ ᠪᠠ ᠠᠬᠢᠭᠤᠯᠤᠭᠰᠠᠨ ᠪᠠᠶᠢᠳᠠᠯ ᠳᠤ ᠲᠤᠰᠬᠠᠶ ᠵᠦᠢᠯ ᠤᠨ ᠦᠨᠡᠯᠡᠨ ᠵᠢᠱᠢᠯᠲᠡ ᠬᠢᠨ᠎ᠠ᠃ | 2025 ᠣᠨ ᠪᠣᠯᠬᠤ ᠳᠤ ᠬᠡᠷᠡᠭᠵᠢᠭᠦᠯᠬᠦ ᠲᠥᠯᠥᠪᠯᠡᠭᠡ ᠶᠢ ᠠᠬᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ | ᠦᠨᠡᠯᠡᠨ ᠵᠢᠱᠢᠯᠲᠡ ᠬᠢᠨ᠎ᠠ᠃ | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 9 ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ | | | | | | |