ᠷᠠᠰᠢᠶᠠᠯᠠᠬᠤ ᠶᠢᠨ ᠶᠣᠰᠣ ᠣᠴᠢᠷ
ᠨᠡᠶᠢᠲᠡᠯᠡᠭᠰᠡᠨ ᠴᠠᠭ᠄
2022/2/28
     ᠮᠠᠨ ᠤ ᠮᠣᠩᠭᠤᠯᠴᠣᠳ ᠠᠯᠢ ᠡᠷᠳᠡ ᠠᠴᠠ ᠬᠠᠯᠠᠭᠤᠨ ᠷᠠᠰᠢᠶᠠᠨ ᠳᠤ ᠷᠠᠰᠢᠶᠠᠯᠠᠬᠤ ᠶᠢ ᠡᠷᠬᠢᠮ ᠢᠶᠠᠷ ᠦᠵᠡᠵᠣ ᠲᠡᠭᠷᠢ ᠠᠴᠠ ᠰᠣᠶᠣᠷᠬᠠᠭᠰᠠᠨ ᠴᠡᠪᠡᠷ ᠣᠰᠣ ᠡᠬᠡ ᠭᠠᠵᠠᠷ ᠤᠨ ᠬᠠᠯᠠᠭᠤᠨ ᠦᠯᠦᠭᠡᠢ ᠭᠡᠵᠣ ᠬᠦᠰᠡᠵᠣ ᠪᠠᠭ᠋ᠠᠳᠣᠬᠤ ᠵᠢᠴᠢ ᠷᠠᠰᠢᠶᠠᠯᠠᠵᠣ ᠪᠡᠶ᠎ᠡ ᠪᠠᠨ ᠰᠣᠪᠢᠯᠠᠬᠤ ᠮᠡᠳᠦ ᠶᠢᠨ ᠠᠵᠢᠯᠯᠠᠭ᠎ᠠ ᠳᠤ ᠣᠷᠣᠯᠴᠠᠬᠤ ᠲᠣᠷᠠᠳᠠᠢ ᠪᠠᠶᠢᠳᠠᠭ᠃ ᠷᠠᠰᠢᠶᠠᠯᠠᠬᠤ ᠭᠡᠳᠡᠭ ᠨᠢ ᠡᠮ ᠡᠮᠨᠡᠯᠭᠡ ᠶᠢᠨ ᠣᠬᠠᠭᠠᠨ ᠤ ᠲᠠᠯ᠎ᠠ ᠠᠴᠠ ᠠᠪᠴᠣ ᠬᠡᠯᠡᠪᠡᠯ ︹ ᠣᠰᠣᠨ ᠵᠠᠰᠠᠯᠭ᠎ᠠ ︺ ᠭᠡᠳᠡᠭ ᠪᠠᠶᠢᠨ᠎ᠠ᠂ ᠲᠡᠭᠦᠨ ᠳᠤ ︹ ᠣᠰᠣ ᠪᠠᠷ ᠣᠬᠢᠶᠠᠬᠤ᠂ ᠣᠰᠣᠨ ᠳᠤ ᠣᠮᠪᠠᠭ᠋ᠣ᠂ ᠣᠰᠣᠨ ᠳᠤ ᠲᠡᠪᠳᠦᠭᠡᠬᠦ ︺ ᠭᠡᠬᠦ ᠮᠡᠳᠦ ᠶᠢᠨ ᠣᠰᠣ ᠪᠠᠷ ᠬᠤᠣᠷ ᠢ ᠠᠷᠢᠭᠤᠳᠬᠠᠵᠣ ᠴᠡᠪᠡᠷᠯᠡᠬᠦ ᠠᠵᠢᠯᠯᠠᠭ᠎ᠠ ᠶᠢ ᠵᠢᠭᠠᠳᠠᠭ ᠶᠣᠮ᠃ ᠣᠰᠣᠨ ᠵᠠᠰᠠᠯᠭ᠎ᠠ  ᠨᠢ ᠮᠡᠳᠡᠷᠡᠯ ᠤᠨ ᠰᠢᠰᠲ᠋ᠧᠮ᠂ ᠰᠢᠷ᠎ᠠ ᠣᠰᠣ᠂ ᠠᠷᠠᠰᠣᠨ ᠤ ᠡᠪᠡᠳᠴᠢᠨ᠂ ᠰᠢᠩᠭᠡᠭᠡᠯᠲᠡ ᠶᠢᠨ ᠡᠪᠡᠳᠴᠢᠨ ᠵᠡᠷᠭᠡ ᠣᠯᠠᠨ ᠲᠠᠯ᠎ᠠ ᠶᠢᠨ ᠡᠪᠡᠳᠴᠢᠨ ᠢ ᠵᠠᠰᠠᠵᠣ ᠡᠳᠡᠭᠡᠷᠡᠭᠦᠯᠳᠡᠭ ᠪᠠᠶᠢᠨ᠎ᠠ︕ ᠰᠢᠨᠵᠢᠯᠡᠬᠦ ᠤᠬᠠᠭᠠᠨ ᠤ ᠣᠭ ᠶᠣᠰᠣ ᠠᠴᠠ ᠠᠪᠴᠣ ᠬᠡᠯᠡᠪᠡᠯ ︹ ᠪᠣᠳᠠᠰ ᠬᠠᠯᠠᠬᠤ ᠳᠠᠭᠠᠨ ᠲᠡᠯᠡᠵᠦ᠂ ᠬᠦᠷᠦᠬᠦ ᠲᠡᠭᠡᠨ ᠠᠪᠴᠢᠬᠤ ︺ ᠣᠭ ᠶᠣᠰᠣ ᠠᠴᠠ ᠪᠣᠯᠵᠣ ᠬᠦᠮᠣᠨ ᠤ ᠪᠡᠶ᠎ᠡ ᠮᠠᠬᠠᠪᠣᠳ ᠢ ᠬᠠᠯᠠᠭᠤᠨ ᠣᠰᠣᠨ ᠳᠤ ᠵᠣᠬᠢᠬᠤ ᠴᠠᠭ ᠲᠡᠪᠳᠦᠭᠡᠪᠡᠯ ᠬᠠᠯᠠᠬᠤ ᠳᠠᠭᠠᠨ ᠲᠡᠯᠡᠭᠡᠳ ᠬᠦᠮᠣᠨ ᠤ ᠪᠡᠶ᠎ᠡ ᠶᠢᠨ ᠬᠠᠯᠠᠭᠤᠨ ᠬᠦᠢᠳᠡᠨ ᠤ ᠲᠡᠩᠴᠡᠭᠦᠷᠢ ᠶᠢ ᠪᠠᠳᠦᠯᠠᠵᠣ ᠰᠣᠳᠠᠯ ᠰᠢᠷᠪᠣᠰᠣ ᠶᠢ ᠵᠦᠭᠡᠯᠡᠷᠡᠭᠦᠯᠵᠣ᠂ ᠴᠢᠰᠣᠨ ᠡᠷᠭᠢᠯᠲᠡ ᠶᠢ ᠬᠤᠷᠳᠣᠳᠬᠠᠵᠣ᠂ ᠰᠢᠨ᠎ᠡ ᠬᠠᠭᠤᠴᠢᠨ ᠤ ᠰᠣᠯᠢᠯᠴᠠᠭ᠎ᠠ ᠶᠢᠨ ᠠᠵᠢᠯᠯᠠᠭ᠎ᠠ ᠶᠢ ᠢᠳᠡᠪᠬᠢᠳᠠᠢ ᠶᠠᠪᠣᠭᠳᠠᠭᠤᠯᠵᠣ ᠪᠡᠶ᠎ᠡ ᠮᠠᠬᠠᠪᠣᠳ ᠤᠨ ᠲᠣᠳᠦᠷᠠᠬᠢ ᠬᠤᠭ ᠨᠣᠪᠰᠢ ᠶᠢ ᠭᠠᠳᠠᠭᠰᠢ ᠴᠡᠪᠡᠷᠯᠡᠨ ᠠᠷᠢᠯᠭᠠᠵᠣ ᠪᠡᠶ᠎ᠡ ᠮᠠᠬᠠᠪᠣᠳ ᠤᠨ ᠡᠷᠡᠭᠦᠯ ᠲᠡᠩᠬᠡᠯᠡᠭᠦᠨ ᠢ ᠪᠠᠳᠦᠯᠠᠳᠠᠭ ᠶᠣᠮ᠃ ᠣᠰᠣ ᠭᠡᠳᠡᠭ ᠴᠢᠨᠢ ᠠᠮᠢ ᠮᠦᠨ᠃ ᠣᠰᠣᠨ ᠠᠴᠠ ᠰᠠᠯᠪᠡᠯ ᠣᠷᠭᠤᠮᠡᠯ ᠠᠮᠢᠳᠠᠨ ᠣᠷᠣᠰᠢᠵᠣ ᠴᠢᠳᠠᠬᠤ ᠦᠭᠡᠢ᠃ ᠣᠰᠣᠨ ᠤ ᠪᠦᠷᠢᠯᠳᠦᠭᠦᠨ ᠨᠢ ᠬᠦᠮᠣᠨ ᠤ ᠪᠡᠶ᠎ᠡ ᠳᠤ ᠲᠦᠢᠯ ᠤᠨ ᠴᠢᠬᠤᠯᠠ ᠦᠢᠯᠡᠳᠦᠯ ᠦᠵᠡᠭᠦᠯᠳᠡᠭ ᠶᠣᠮ᠃ ᠷᠠᠰᠢᠶᠠᠨ ᠤ ᠣᠰᠣᠨ ᠳᠤ ᠣᠯᠠᠨ ᠵᠦᠢᠯ ᠤᠨ ᠡᠷᠦᠳᠡᠰᠣ  ᠶᠢᠨ ᠡᠯᠧᠮᠧᠨ᠋ᠲ ᠠᠬᠤᠭᠤᠯᠵᠣ ᠪᠠᠶᠢᠳᠠᠭ᠂ ᠭᠡᠬᠦ ᠲᠡᠭᠡᠨ ᠬᠦᠮᠣᠨ ᠤ ᠪᠡᠶ᠎ᠡ ᠮᠠᠬᠠᠪᠣᠳ ᠤᠨ ᠪᠦᠷᠢᠯᠳᠦᠭᠦᠨ ᠤ ᠵᠠᠭᠤᠨ  ᠤ ᠲᠠᠪᠢ ᠠᠴᠠ ᠲᠡᠭᠡᠭᠰᠢ ᠨᠢ ᠣᠰᠣ ᠪᠣᠯᠬᠤ ᠲᠣᠯᠠ ᠷᠠᠰᠢᠶᠠᠨ ᠤ ᠰᠢᠨ᠎ᠡ ᠣᠰᠣ ᠪᠠᠷ ᠪᠡᠶ᠎ᠡ ᠮᠠᠬᠠᠪᠣᠳ ᠤᠨ ᠣᠰᠣ ᠶᠢ ᠰᠣᠯᠢᠪᠡᠯ ᠰᠢᠨ᠎ᠡ ᠣᠰᠣᠨ ᠤ ᠡᠷᠦᠳᠡᠰᠦ ᠶᠢᠨ ᠡᠯᠧᠮᠧᠨ᠋ᠲ ᠶᠢᠨ ᠦᠢᠯᠡᠳᠦᠯ ᠢ ᠪᠠᠳᠠᠷᠠᠭᠤᠯᠵᠣ ᠬᠦᠮᠣᠨ ᠤ ᠪᠡᠶ᠎ᠡ ᠶᠢᠨ ᠰᠢᠩᠭᠡᠭᠡᠯᠲᠡ ᠶᠢ ᠰᠠᠶᠢᠵᠢᠷᠠᠭᠤᠯᠬᠤ᠂ ᠡᠰᠡᠷᠭᠦᠴᠡᠬᠦ ᠴᠢᠳᠠᠪᠣᠷᠢ ᠶᠢ ᠲᠡᠭᠡᠭᠰᠢᠯᠡᠭᠦᠯᠬᠦ᠂ ᠰᠣᠳᠠᠯ ᠤᠨ ᠪᠦᠭᠯᠡᠷᠡᠯ ᠪᠠ ᠨᠠᠷᠢᠰᠣᠯ ᠰᠡᠷᠭᠡᠶᠢᠯᠡᠬᠦ ᠵᠢᠷᠦᠬᠡ ᠡᠯᠢᠭᠡ ᠶᠢᠨ ᠲᠠᠮᠢᠷ ᠢ ᠲᠡᠭᠡᠭᠰᠢᠯᠡᠭᠦᠯᠬᠦ ᠭᠡᠬᠦ ᠵᠡᠷᠭᠡ ᠣᠯᠠᠨ ᠲᠠᠯ᠎ᠠ ᠶᠢᠨ ᠢᠳᠡᠪᠬᠢᠳᠠᠢ ᠦᠢᠯᠡᠳᠦᠯ ᠲᠠᠢ ᠪᠠᠶᠢᠳᠠᠭ᠃ ᠬᠦᠮᠣᠨ ᠤ ᠪᠡᠶ᠎ᠡ ᠮᠠᠬᠠᠪᠣᠳ ᠢ ᠬᠠᠯᠠᠭᠤᠨ ᠣᠰᠣᠨ ᠳᠤ ᠵᠣᠬᠢᠬᠤ ᠴᠠᠭ ᠲᠡᠪᠳᠦᠭᠡᠪᠡᠯ ᠬᠦᠮᠣᠨ ᠤ ᠪᠡᠶ᠎ᠡ ᠶᠢᠨ ᠬᠠᠶᠠᠭᠳᠠᠮᠡᠯ ᠣᠰᠣ ᠶᠢ ᠰᠢᠬᠠᠨ ᠭᠠᠷᠭᠠᠵᠣ ︹ ᠬᠦᠯᠦᠰᠦ ᠭᠠᠷᠭᠠᠬᠤ ︺ ᠮᠠᠷᠢᠶ᠎ᠠ ᠪᠠᠭᠤᠷᠠᠭᠤᠯᠬᠤ ᠵᠣᠷᠢᠯᠭ᠎ᠠ ᠳᠤ ᠬᠦᠷᠴᠣ ᠪᠡᠶ᠎ᠡ ᠮᠠᠬᠠᠪᠣᠳ ᠤᠨ ᠪᠣᠬᠢᠷᠳᠦᠯ ᠢ ᠠᠷᠢᠯᠭᠠᠵᠣ᠂ ᠪᠡᠶ᠎ᠡ ᠶᠢ ᠬᠦᠩᠭᠡᠯᠡᠨ ᠴᠢᠰᠣᠨ ᠤ ᠦᠭᠡᠬᠦ  ᠶᠢᠨ ᠦᠨᠳᠦᠷᠵᠢᠯ ᠢ ᠲᠡᠭᠰᠢᠷᠡᠭᠦᠯᠬᠦ ᠵᠣᠷᠢᠭ᠎ᠠ ᠳᠤ ᠬᠦᠷᠴᠣ ᠴᠢᠳᠠᠨ᠎ᠠ︕ ᠷᠠᠰᠢᠶᠠᠯᠠᠬᠤ ᠪᠠᠷ ᠲᠠᠮᠵᠢᠨ ᠡᠪᠡᠳᠴᠢᠨ ᠡᠮᠬᠡᠭ ᠢ ᠰᠡᠷᠭᠡᠶᠢᠯᠡᠵᠣ ᠵᠠᠰᠠᠬᠤ ᠨᠢ ᠲᠣᠮᠤᠭ ᠠᠴᠠ ᠦᠨᠡᠨ ᠦᠨᠡᠨ ᠠᠴᠠ ᠲᠣᠮᠤᠭ ᠬᠡᠮᠡᠷ ᠬᠦᠮᠣᠰ ᠤᠨ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠲᠤ ᠲᠦᠢᠯ ᠤᠨ ᠲᠣᠰᠠᠳᠠᠢ ᠪᠠᠶᠢᠳᠠᠭ ᠶᠣᠮ︕ ᠢᠲᠡᠷ ᠨᠠᠰᠣᠨ ᠤ ᠬᠦᠮᠣᠰ ᠦᠪᠡᠷ ᠤᠨ ᠡᠷᠡᠭᠦᠯ ᠴᠢᠬᠢᠷᠠᠭ ᠢᠶᠠᠨ ᠪᠠᠳᠦᠯᠠᠬᠤ ᠭᠡᠪᠡᠯ ᠷᠠᠰᠢᠶᠠᠨ ᠤ ᠣᠰᠣᠨ ᠵᠠᠰᠠᠯᠭ᠎ᠠ ᠪᠠᠷ ᠵᠣᠬᠢᠬᠤ ᠬᠤᠭᠤᠴᠠᠭ᠎ᠠ ᠰᠣᠪᠢᠯᠠᠪᠡᠯ ᠢᠯᠡᠷᠬᠡᠢ ᠲᠣᠰᠠ ᠪᠣᠯᠵᠣ ᠣᠷᠳᠦ ᠨᠠᠰᠣᠯᠠᠵᠣ ᠣᠳᠠᠭᠠᠨ ᠵᠢᠷᠭᠠᠵᠣ ᠴᠢᠳᠠᠨ᠎ᠠ︕
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号