— 2022 ᠣᠨ ᠤ 1 ᠰᠠᠷ᠎ᠠ ᠶᠢᠨ 12 ᠤᠨ ᠡᠳᠦᠷ ᠦᠬᠠᠶ ᠬᠤᠳᠠ ᠶᠢᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ | | | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠠ᠃ ᠰᠤᠷᠪᠤᠯᠵᠢᠯᠠᠭᠴᠢ ᠱᠢ ᠯᠢ ᠽᠧᠩ ᠰᠡᠭᠦᠳᠡᠷᠯᠡᠪᠡ | | ᠲᠥᠯᠥᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | | ᠨᠢᠭᠡ᠂ ᠥᠩᠭᠡᠷᠡᠭᠰᠡᠨ ᠲᠦᠷᠪᠡᠨ ᠵᠢᠯ ᠪᠠ 2021 ᠣᠨ ᠤ ᠠᠵᠢᠯ ᠤᠨ ᠡᠷᠭᠢᠴᠡᠭᠦᠯᠦᠯ | ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠠᠴᠠ ᠨᠠᠰᠢᠬᠢ ᠲᠦᠷᠪᠡᠨ ᠵᠢᠯ ᠪᠣᠯ ᠦᠬᠠᠢ ᠶᠢᠨ ᠬᠥᠭᠵᠢᠯᠲᠡ ᠶᠢᠨ ᠲᠡᠦᠬᠡᠨ ᠳᠡᠭᠡᠷᠡᠬᠢ | ᠲᠦᠢᠯ ᠤᠨ ᠶᠡᠷᠦ ᠪᠤᠰᠤ ᠶᠢᠨ ᠲᠦᠷᠪᠡᠨ ᠵᠢᠯ ᠪᠣᠯᠤᠨ᠎ᠠ᠃ ᠳᠥᠷᠪᠡᠨ ᠵᠢᠯ ᠤᠨ ᠲᠤᠷᠰᠢ᠂ ᠥᠭᠡᠷᠡᠴᠢᠯᠡᠯᠲᠡ | ᠬᠥᠭᠵᠢᠯᠲᠡ ᠲᠣᠭᠲᠠᠭᠤᠨ ᠪᠠᠶᠢᠳᠠᠯ ᠤᠨ ᠬᠦᠨᠳᠦ ᠨᠦᠰᠡᠷ ᠡᠭᠦᠷᠭᠡ ᠪᠠ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠳᠤ ᠲᠤᠯᠭᠠᠷᠠᠵᠤ᠂ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ | ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢᠨ | ᠲᠤᠭᠤᠷᠢᠨ ᠳᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠤᠷᠪᠠᠨ | ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠵᠦ᠂ ︽ᠲᠠᠪᠤᠨ ᠣᠷᠣᠨ︾ ᠤ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠠᠮᠵᠢᠯᠲᠠ ᠲᠠᠢ ᠲᠡᠭᠦᠰᠬᠡᠵᠦ᠂ ᠪᠦᠬᠦ ᠤᠯᠤᠰ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ | ᠠᠶᠠᠨ ᠳᠤ ᠪᠠᠲᠤ ᠪᠠᠬᠢ ᠰᠠᠭᠤᠷᠢ ᠶᠢ ᠲᠠᠯᠪᠢᠪᠡ᠃ | ᠲᠦᠷᠪᠡᠨ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠬᠤ ᠶᠢ ᠴᠥᠬᠦᠷᠡᠰᠢ ᠦᠭᠡᠢ ᠠᠳᠬᠤᠵᠤ᠂ | ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ᠃ ᠴᠢᠨᠠᠷ ᠰᠠᠶᠢᠲᠠᠶ ᠬᠥᠭᠵᠢᠯᠲᠡ ᠶᠢ ᠪᠥᠬᠦ | ᠬᠦᠴᠦᠨ ᠢᠶᠠᠷ ᠳᠥᠯᠭᠢᠨ ᠠᠬᠢᠭᠤᠯᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ 424.8 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ ᠨᠡᠮᠡᠭᠳᠡᠭᠡᠳ 719 ᠳ᠋ᠦᠩᠰᠢᠭᠤᠷ ᠲᠥᠭᠦᠷᠢᠭ ᠪᠣᠯᠵᠣ᠂ ᠵᠢᠯ ᠪᠦᠷᠢ ᠳᠤᠮᠳᠠᠴᠢ ᠪᠠᠷ 7.6% | ᠨᠡᠮᠡᠭᠳᠡᠵᠦ᠂ ᠵᠢᠱᠢᠯᠲᠡ ᠪᠠᠷ ᠬᠥᠮᠦᠨ ᠳᠤᠮᠳᠠᠴᠢ ᠶᠢᠨ GDP 10 ᠲᠦᠮᠡᠨ ᠲᠥᠭᠦᠷᠢᠭ ᠢ ᠳᠠᠪᠠᠭ᠋ᠤ ᠪᠣᠯᠤᠨ᠎ᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠵᠢᠯ ᠪᠦᠷᠢ ᠳᠤᠮᠳᠠᠴᠢ ᠪᠠᠷ 15. | 5% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠬᠤᠶᠠᠷ ᠵᠢᠯ ᠳᠠᠷᠠᠭᠠᠯᠠᠨ | ᠮᠢᠩᠭᠠᠨ ᠳ᠋ᠦᠩᠰᠢᠭᠤᠷ ᠤᠨ ᠶᠡᠭᠡ ᠪᠣᠭᠤᠮᠲᠠ ᠶᠢ ᠳᠠᠪᠠᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠭᠤᠤᠯᠳᠠᠯᠭ᠎ᠠ ᠲᠠᠢ ᠲᠥᠷᠥᠯ ᠵᠦᠢᠯ ᠢ ᠨᠡᠶᠢᠲᠡ 285 ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ | 1850 ᠳ᠋ᠦᠩᠰᠢᠭᠤᠷ ᠲᠥᠭᠦᠷᠢᠭ ᠲᠤ ᠬᠥᠷᠪᠡ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠠᠯᠬᠤᠴᠠ ᠪᠠᠨ ᠲᠦᠷᠭᠡᠳᠬᠡᠵᠦ᠂ ᠨᠡᠭᠦᠷᠡᠰᠦ ᠶᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ | ᠬᠤᠪᠢᠷᠠᠭᠤᠯᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠬᠤᠪᠢ ᠶᠢᠨ ᠵᠢᠩ ᠢ ᠵᠢᠯ ᠳᠠᠷᠠᠭᠠᠯᠠᠨ ᠳᠡᠭᠡᠭᠰᠢᠯᠡᠭᠦᠯᠪᠡ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ | ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ | ᠠᠵᠤ ᠦᠢᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠤᠰᠤᠲᠥ᠋ᠷᠥᠭᠴᠢ ᠠᠵᠤ ᠠᠬᠤᠶ ᠶᠢᠨ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠂ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠨᠢᠭᠡᠳᠦᠭᠡᠷ | ᠲᠥᠷᠥᠯ ᠤᠨ ᠨᠡᠭᠡᠭᠡᠯᠲᠡ ᠶᠢᠨ ᠲᠣᠭᠤᠷᠢᠭ ᠢᠶᠠᠷ ᠮᠠᠭᠠᠳᠯᠠᠨ ᠲᠣᠭᠲᠠᠭᠠᠪᠠ᠃ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠢ ᠲᠠᠰ ᠲᠡᠪᠰᠢᠬᠦᠯᠦᠨ ᠲᠡᠭᠡᠭᠰᠢᠯᠡᠬᠦᠯᠵᠦ᠂ ᠨᠢᠭᠡ ᠪᠦᠯᠦᠭ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ | ᠬᠦᠢᠯᠭᠡᠭᠡᠨ ᠤ ᠲᠥᠷᠥᠯ ᠵᠦᠢᠯ ᠠᠰᠢᠭᠯᠠᠯᠲᠠ ᠳᠤ ᠣᠷᠣᠵᠤ᠂ ᠦᠬᠠᠶ ᠨᠠᠭᠤᠷ ᠤᠯᠤᠰ ᠤᠨ ᠲᠠᠰ ᠤᠨ ᠤᠰᠤᠨ | ᠠᠰᠢᠭᠯᠠᠯᠲᠠ ᠶᠢᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ 4A ᠲᠠᠰ ᠤᠨ ᠦᠵᠡᠮᠵᠢ ᠶᠢᠨ ᠣᠷᠣᠨ 5 ᠪᠣᠯᠪᠠ᠃ | ᠤᠨᠴᠠᠯᠢᠬᠳᠤ ᠲᠠᠷᠢᠶᠠᠯᠠᠩ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠵᠦ᠂ | ︽ᠦᠬᠠᠢ ᠶᠢᠨ ᠦᠵᠦᠮ︾ ᠨᠢ ᠳᠤᠮᠳᠠᠳᠤ ᠤᠯᠤᠰ ᠤᠨ ᠲᠠᠷᠢᠶᠠᠯᠠᠩ ᠤᠨ ᠲᠦᠷᠦᠯ ᠲᠡᠮᠳᠡᠭ ᠤᠨ ᠭᠠᠷᠴᠠᠭ ᠲᠤ | ᠰᠣᠩᠭᠤᠭᠳᠠᠵᠤ᠂ ᠦᠬᠠᠢ ᠬᠤᠳᠠ ᠳᠡᠯᠡᠬᠡᠢ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠤᠷᠤᠯᠳᠤᠭᠠᠨ ᠤ | ᠥᠨᠢᠳᠡ ᠶᠢᠨ ᠡᠷᠬᠢᠯᠡᠬᠦ ᠭᠠᠵᠠᠷ᠂ ᠭᠤᠷᠪᠠᠳᠤᠭᠠᠷ ᠪᠦᠯᠦᠭ ᠤᠨ ᠳᠤᠮᠳᠠᠳᠤ ᠤᠯᠤᠰ ᠤᠨ ᠤᠨᠴᠠᠯᠢᠬᠳᠤ | ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠲᠠᠢ ᠣᠷᠣᠨ ᠪᠣᠯᠪᠠ᠃ | ᠲᠦᠷᠪᠡᠨ ᠵᠢᠯ ᠤᠨ ᠲᠤᠷᠰᠢ᠂ ᠪᠢᠳᠡ ᠬᠤᠳᠠ ᠶᠢᠨ ᠪᠦᠳᠦᠭᠡᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ | ᠠᠳᠬᠤᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠶᠡᠷᠦᠩᠬᠡᠶ ᠳᠡᠭᠡᠨ ᠰᠠᠶᠢᠵᠢᠷᠠᠪᠠ᠃ ᠬᠤᠳᠠ ᠶᠢᠨ ᠣᠷᠣᠨ | ᠵᠠᠶ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠ ᠶᠢᠨ ᠰᠢᠨᠡᠴᠢᠯᠡᠯᠲᠡ ᠶᠢᠨ ᠬᠤᠷᠳᠤᠴᠠ ᠪᠠᠨ | ᠲᠦᠷᠭᠡᠳᠬᠡᠨ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠡᠬᠢᠯᠡᠭᠦᠯᠪᠡ᠃ ᠴᠢᠬᠤᠯᠠ ᠶᠡᠭᠡ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠲᠡᠭᠦᠯᠳᠡᠷᠵᠢᠵᠦ᠂ 77.8 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠿᠦᠩᠴᠧᠩ ᠠᠴᠠ ᠦᠬᠠᠢ ᠬᠦᠷᠬᠦ ᠳᠡᠭᠡᠳᠦ ᠬᠤᠷᠲᠤᠴᠠᠲᠤ | ᠵᠠᠰᠠᠮᠠᠯ ᠵᠠᠮ ᠤᠨ ᠦᠬᠠᠶ ᠶᠢᠨ ᠬᠡᠰᠡᠭ᠂ ᠤᠯᠤᠰ ᠤᠨ ᠵᠠᠮ ᠤᠨ 110 ᠱᠤᠭᠤᠮ ᠤᠨ ᠬᠠᠳᠤᠨ ᠭᠤᠣᠯ ᠤᠨ ᠣᠨᠴᠠ | ᠶᠡᠭᠡ ᠬᠥᠭᠦᠷᠭᠡ ᠵᠡᠷᠭᠡ ᠨᠢᠭᠡ ᠪᠦᠯᠦᠭ ᠵᠠᠮ ᠬᠥᠭᠦᠷᠭᠡ ᠶᠢᠨ ᠪᠠᠷᠢᠯᠭ᠎ᠠ ᠶᠢ ᠪᠠᠶᠢᠭᠤᠯᠵᠤ᠂ ᠵᠠᠰᠠᠮᠠᠯ ᠵᠠᠮ ᠤᠨ | ᠨᠢᠭᠲᠠᠴᠠ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠶᠢᠨ 3.9 ᠳᠠᠬᠢᠨ ᠳᠤ ᠬᠦᠷᠪᠡ᠃ ᠬᠠᠲᠤᠨ ᠭᠤᠣᠯ ᠤᠨ | ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠢᠨᠵᠧᠨᠧᠷᠢᠩ ᠨᠢ ᠤᠯᠤᠰ ᠤᠨ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠰᠢᠯᠢᠳᠡᠭ ︵ᠳ᠋ᠠ ᠢᠦᠢ︶ ᠱᠠᠩᠨᠠᠯ ᠢ ᠬᠦᠷᠲᠡᠪᠡ᠃ ᠡᠯ᠎ᠡ ᠲᠥᠷᠥᠯ ᠤᠨ | ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠤᠭᠰᠠᠨ ᠨᠢ 900 ᠭᠠᠷᠤᠶ ᠺᠢᠯᠣᠮᠧᠲᠷ | ᠬᠦᠷᠴᠦ᠂ ᠰᠢᠲᠠᠮᠠᠬᠠᠶ ᠬᠡᠶ ᠶᠢ ᠲᠦᠭᠡᠮᠡᠯᠵᠢᠭᠦᠯᠬᠦ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ | ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠨᠣᠷᠮ᠎ᠠ ᠴᠥᠮ ᠪᠥᠬᠦ ᠣᠷᠣᠨ ᠤ ᠡᠮᠦᠨ᠎ᠡ | ᠡᠩᠨᠡᠭᠡᠨ ᠳᠤ ᠣᠷᠣᠪᠠ᠃ 76.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 97 ᠬᠠᠭᠤᠴᠢᠨ ᠵᠢᠵᠢᠭ | ᠲᠣᠭᠤᠷᠢᠭ ᠢ ᠥᠭᠡᠷᠡᠴᠢᠯᠡᠨ ᠵᠠᠰᠠᠵᠤ᠂ 2.4 ᠲᠦᠮᠡᠨ ᠢᠵᠢ ᠳᠥᠭᠦᠮ ᠪᠦᠳᠦᠭᠦᠯᠢᠭ ᠣᠷᠣᠨ ᠰᠠᠭᠤᠴᠠᠳᠤ | ᠲᠣᠭᠤᠷᠢᠭ ᠢ ᠥᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠪᠡ᠃ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ᠂ ᠣᠯᠠᠨ | ᠨᠡᠶᠢᠲᠡ ᠶᠢᠨ ᠵᠠᠮ ᠬᠠᠷᠢᠯᠴᠠᠭ᠎ᠠ᠂ ᠰᠢᠤᠳᠠᠨ ᠪᠠ ᠪᠠᠷᠠᠭᠠᠨ ᠤ ᠬᠦᠢᠯᠭᠡᠭᠡ ᠶᠢ ᠴᠥᠮ ᠲᠠᠷᠢᠶᠠᠯᠠᠬᠤ ᠣᠷᠣᠨ ᠳᠤ | ᠬᠦᠷᠲᠡᠯ᠎ᠡ ᠤᠷᠲᠤᠳᠬᠠᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠩᠬ᠎ᠠ | ᠠᠯᠬᠤᠮ ᠠᠳᠠᠯᠢ ᠲᠡᠭᠰᠢ ᠪᠣᠯᠭᠠᠬᠤ ᠶᠢ ᠪᠡᠶᠡᠯᠡᠭᠦᠯᠪᠡ᠃ | ᠲᠦᠷᠪᠡᠨ ᠵᠢᠯ ᠤᠨ ᠲᠤᠷᠰᠢ᠂ ᠪᠢᠳᠡ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠵᠠᠰᠠᠯᠲᠠ ᠶᠢ | ᠠᠳᠬᠤᠵᠤ᠂ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠳᠡᠭᠡᠭᠰᠢᠯᠡᠪᠡ᠃ ᠨᠡᠶᠢᠳᠡ 178.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠤᠷᠢᠳ ᠡᠮᠦᠨ᠎ᠡ | ᠪᠠᠶᠢᠭ᠎ᠠ ᠦᠭᠡᠢ ᠡᠷᠴᠢᠮ ᠢᠶᠠᠷ ᠲᠦᠯᠬᠢᠨ ᠠᠬᠢᠭᠤᠯᠪᠠ᠃ ᠠᠭᠠᠷ ᠮᠠᠨᠳᠠᠯ ᠤᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ 170 ᠲᠥᠷᠥᠯ ᠵᠦᠢᠯ ᠢ ᠬᠡᠷᠡᠭᠵᠢᠭᠦᠯᠵᠦ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ᠂ ᠠᠵᠤ ᠦᠢᠯᠡᠳᠪᠦᠷᠢ ᠶᠢᠨ ᠪᠣᠬᠢᠷᠲᠤᠯ ᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 13 | ᠪᠣᠬᠢᠷᠲᠤᠯ ᠥᠬᠡᠶ ᠠᠭᠤᠷᠬᠠᠶ ᠶᠢ ᠪᠠᠶᠢᠭᠤᠯᠤᠨ ᠳᠠᠭᠤᠰᠬᠠᠵᠤ᠂ ᠭᠤᠤᠯ ᠪᠣᠯᠬᠤ ᠪᠣᠬᠢᠷᠲᠤᠯ ᠪᠣᠳᠠᠰ ᠤᠨ | ᠥᠳᠬᠡᠴᠡ ᠶᠢᠨ ᠳᠤᠮᠳᠠᠴᠢ ᠬᠡᠮᠵᠢᠭᠳᠡᠯ ᠢ ᠦᠷᠭᠦᠯᠵᠢᠯᠡᠨ ᠪᠠᠭᠤᠷᠠᠭᠤᠯᠪᠠ᠃ ︽ᠳᠥᠷᠪᠡᠨ ᠤᠰᠤ ᠪᠠᠷ ᠳᠥᠷᠪᠡ ᠶᠢ | ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠᠨ ᠴᠢᠩᠳᠠᠯᠠᠵᠤ᠂ ᠲᠦᠮᠡᠨ | ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ ᠶᠡᠭᠡ ᠪᠠᠷ | ᠪᠠᠭᠤᠷᠠᠭᠤᠯᠵᠤ᠂ ᠪᠥᠬᠦ ᠤᠯᠤᠰ ᠤᠨ ᠠᠩᠬᠠᠳᠠᠭᠴᠢ ᠪᠦᠯᠦᠭ ᠤᠰᠤᠨ ᠤ ᠠᠮᠢ ᠠᠬᠤᠶ ᠶᠢᠨ ᠪᠣᠯᠪᠠᠰᠤᠨ ᠬᠤᠲᠠ ᠳᠤ | ᠣᠷᠣᠭᠤᠯᠪᠡ᠃ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ ᠶᠢ ᠪᠠᠷᠢᠮᠲᠠᠯᠠᠵᠤ᠂ ᠪᠠᠶᠢᠭᠤᠯᠤᠭᠰᠠᠨ ᠲᠣᠭᠤᠷᠢᠭ ᠤᠨ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 43% ᠳᠤ ᠬᠦᠷᠦᠭᠦᠯᠵᠦ᠂ ᠬᠥᠮᠦᠨ ᠳᠤᠮᠳᠠᠴᠢ ᠶᠢᠨ | ᠴᠡᠴᠡᠷᠯᠢᠭ ᠤᠨ ᠨᠣᠭᠤᠭᠠᠷᠠᠭᠤᠯᠤᠭᠰᠠᠨ ᠲᠠᠯᠠᠪᠠᠶ 19.5 ᠲᠡᠭᠰᠢ ᠳᠥᠷᠪᠡᠯᠵᠢᠨ ᠮᠧᠲᠷ ᠬᠦᠷᠪᠡ᠃ ᠯᠦᠩ ᠶᠸᠤ | ᠸᠠᠨ ᠤ ᠨᠤᠭᠤ ᠭᠠᠵᠠᠷ ᠤᠨ ᠴᠡᠴᠡᠷᠯᠢᠭ᠂ ᠪᠠᠷᠠᠭᠤᠨ ᠣᠷᠳᠣᠰ ᠤᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠵᠡᠷᠭᠡ ᠠᠮᠢ ᠠᠬᠤᠶ ᠶᠢᠨ ᠴᠢᠳᠠᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠨᠤᠴᠤᠭᠠᠨ᠎ᠠ ᠵᠡᠷᠭᠡ ᠮᠥᠬᠦᠬᠦ ᠰᠢᠬᠠᠭᠰᠠᠨ ᠪᠣᠳᠠᠰ ᠤᠨ ᠳᠦᠷᠰᠦ ᠶᠢ | ᠪᠦᠲᠦᠮᠵᠢᠲᠡᠶ ᠬᠠᠮᠠᠭᠠᠯᠠᠪᠡ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠠᠷᠢᠭᠤᠨ ᠴᠡᠪᠡᠷ | ᠦᠢᠯᠡᠳᠪᠦᠷᠢᠯᠡᠯ ᠢ ᠲᠦᠯᠬᠢᠨ ᠠᠬᠢᠭᠤᠯᠵᠤ᠂ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ ᠢ ᠵᠢᠯ ᠪᠦᠷᠢ | ᠳᠤᠮᠳᠠᠴᠢ ᠪᠠᠷ 0.5% ᠪᠠᠷ ᠪᠠᠭᠤᠷᠠᠭᠤᠯᠪᠡ᠃ | ᠲᠦᠷᠪᠡᠨ ᠵᠢᠯ ᠤᠨ ᠲᠤᠷᠰᠢ᠂ ᠪᠢᠳᠡ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ ᠰᠢᠨ᠎ᠡ ᠶᠢ | ᠡᠭᠦᠳᠬᠦ ᠶᠢ ᠠᠳᠬᠤᠵᠤ᠂ ᠥᠭᠡᠷᠡᠴᠢᠯᠡᠯᠲᠡ ᠨᠡᠬᠡᠬᠡᠯᠳᠡ ᠲᠦᠷᠭᠡᠨ ᠪᠥᠭᠡᠳ ᠯᠠᠪᠳᠠᠭᠤᠨ ᠢᠶᠠᠷ ᠶᠠᠪᠤᠭᠳᠠᠪᠠ᠃ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠪᠥᠬᠦ ᠣᠷᠣᠨ ᠤ | ᠠᠩᠬᠠᠳᠠᠭᠴᠢ ᠠᠶᠢᠮᠠᠭ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠪᠠᠶᠢᠭᠤᠯᠤᠨ ᠠᠵᠢᠯᠯᠠᠭᠤᠯᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 34 | ᠪᠣᠯᠵᠣ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠨᠡᠭᠡᠭᠡᠬᠦ ᠲᠥᠪ 26 ᠪᠣᠯᠪᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠢᠭᠡ ᠴᠤᠭᠴᠠᠵᠢᠭᠤᠯᠤᠭᠰᠠᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠥᠮ ᠰᠦᠯᠵᠢᠶᠡᠨ ᠳᠡᠭᠡᠷ᠎ᠡ ᠨᠡᠶᠢᠯᠡᠭᠦᠯᠦᠨ | ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ 143 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ | ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠪᠡᠶᠡᠯᠡᠭᠦᠯᠪᠡ᠃ ᠬᠤᠳᠠᠯᠳᠤᠭᠠᠨ ᠤ ᠶᠠᠪᠤᠳᠠᠯ ᠤᠨ | ᠳᠡᠩᠰᠡᠯᠡᠯᠲᠡ ᠳᠤ ︽ᠭᠤᠴᠢᠨ ᠬᠤᠶᠠᠷ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠶᠢ ᠪᠡᠶᠡᠯᠡᠭᠦᠯᠵᠦ᠂ ︽ᠭᠡᠷᠡᠴᠢᠯᠡᠯ | ᠥᠬᠡᠶ ᠬᠤᠲᠠ︾ ᠶᠢ ᠢᠳᠡᠪᠬᠢᠲᠡᠶ ᠪᠠᠷ ᠪᠠᠶᠢᠭᠤᠯᠪᠡ᠃ ᠨᠡᠶᠢᠲᠡ 72.5 ᠳ᠋ᠦᠩᠰᠢᠭᠤᠷ ᠲᠥᠭᠦᠷᠢᠭ ᠤᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 4.1 ᠲᠦᠮᠡᠨ ᠡᠷᠦᠬᠡ | ᠪᠠᠶᠢᠭᠰᠠᠨ ᠠᠴᠠ ᠪᠠᠨ 5.5 ᠲᠦᠮᠡᠨ ᠡᠷᠦᠬᠡ ᠪᠤᠯᠵᠤ ᠨᠡᠮᠡᠭᠳᠡᠪᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠥᠬᠦ ᠲᠠᠯ᠎ᠠ ᠪᠠᠷ ᠪᠡᠶᠡᠯᠡᠬᠦᠯᠪᠡ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠱᠠᠲᠤᠨ ᠤ ᠥᠭᠡᠷᠡᠴᠢᠯᠡᠯᠲᠡ ᠶᠢᠨ 11 ᠲᠤᠷᠰᠢᠯᠲᠠ ᠶᠢ ᠬᠡᠷᠡᠭᠵᠢᠭᠦᠯᠵᠦ᠂ | ᠤᠯᠤᠰ ᠤᠨ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠥᠳᠡᠭᠡ ᠲᠣᠰᠬᠤᠨ ᠤ ᠬᠠᠮᠲᠤ ᠶᠢᠨ | ᠥᠮᠴᠢᠯᠡᠯᠲᠦ ᠡᠷᠬᠡ ᠶᠢᠨ ᠲᠦᠷᠢᠮ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠢᠳᠡᠪᠬᠢᠲᠡᠶ ᠦᠷ᠎ᠡ ᠪᠦᠲᠦᠮᠵᠢ | ᠣᠯᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠪᠡ᠃ | ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠵᠦ᠂ | ᠨᠡᠭᠡᠭᠡᠯᠲᠡ ᠬᠢᠵᠦ ᠬᠠᠮᠲᠤᠷᠠᠯᠴᠠᠬᠤ ᠠᠬᠢᠴᠠ ᠪᠠᠨ ᠲᠦᠷᠭᠡᠳᠬᠡᠨ᠂ ᠦᠬᠠᠢ ᠮᠣᠩᠭᠤᠯ ᠣᠯᠣᠰ ᠧᠦ᠋ᠷᠣᠫᠠ ᠶᠢᠨ ᠣᠯᠠᠨ | ᠤᠯᠤᠰ ᠤᠨ ᠵᠢᠰᠢᠶᠠᠨ ᠤ ᠭᠠᠯᠲᠤ ᠲᠡᠷᠭᠡ ᠨᠡᠪᠲᠡᠷᠡᠵᠦ᠂ ︽ᠨᠢᠭᠡ ᠪᠦᠰᠡ ᠨᠢᠭᠡ ᠵᠠᠮ︾ ᠤᠨ ᠱᠤᠭᠤᠮ ᠳᠠᠭᠠᠤ ᠶᠢᠨ 36 | ᠤᠯᠤᠰ ᠯᠤᠭ᠎ᠠ ᠠᠷᠠᠯᠵᠢᠶᠠᠨ ᠤ ᠶᠠᠪᠤᠯᠴᠠᠭ᠎ᠠ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢ ᠳᠥᠷᠪᠡᠨ ᠵᠢᠯ ᠤᠨ ᠡᠮᠦᠨᠡᠬᠢ ᠠᠴᠠ ᠳᠠᠬᠢᠨ ᠢᠶᠠᠷ | ᠨᠡᠮᠡᠭᠳᠡᠭᠦᠯᠬᠦ ᠶᠢ ᠪᠡᠶᠡᠯᠡᠭᠦᠯᠪᠡ᠃ | ᠲᠦᠷᠪᠡᠨ ᠵᠢᠯ ᠤᠨ ᠲᠤᠷᠰᠢ᠂ ᠪᠢᠳᠡ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠠᠳᠬᠤᠵᠤ᠂ | ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠲᠠᠪᠰᠢᠯᠳᠠ ᠶᠢ ᠠᠳᠬᠤᠪᠠ᠃ ᠠᠷᠠᠳ ᠤᠨ ᠠᠮᠢᠳᠤᠷᠠᠯ ᠤᠨ | ᠦᠨᠳᠦᠰᠦᠨ ᠬᠤᠷᠢᠭ᠎ᠠ ᠱᠤᠭᠤᠮ ᠢ ᠪᠠᠲᠤ ᠰᠠᠬᠢᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠪᠡ᠃ ᠺᠠᠷᠲᠯᠠᠵᠤ ᠳᠠᠩᠰᠠᠯᠠᠭᠰᠠᠨ | ᠶᠠᠳᠠᠭᠤ ᠬᠦᠴᠢᠷᠳᠡᠯ ᠲᠠᠢ ᠡᠷᠦᠬᠡ ᠶᠢ ᠤᠷᠢᠳᠴᠢᠯᠠᠨ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠤᠯᠪᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶ᠎ᠠ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠪᠦᠬᠦ ᠤᠯᠤᠰ ᠤᠨ ᠲᠠᠪᠤᠳᠤᠭᠠᠷ ᠪᠦᠯᠦᠭ ᠤᠨ | ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ | ᠥᠭᠡᠷᠡᠴᠢᠯᠡᠯᠲᠡ ᠶᠢᠨ ᠲᠤᠷᠰᠢᠯᠲᠠ ᠶᠢᠨ ᠰᠢᠯᠢᠳᠡᠭ ᠬᠤᠳᠠ ᠪᠠᠷ ᠦᠨᠡᠯᠡᠭᠳᠡᠪᠡ᠃ ᠰᠤᠷᠭᠠᠨ ᠬᠥᠮᠦᠵᠢᠯ ᠢ ᠡᠩ | ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ 20 ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ | ᠥᠷᠭᠡᠳᠬᠡᠨ ᠪᠠᠶᠢᠭᠤᠯᠵᠤ᠂ ᠭᠤᠷᠪᠠᠨ ᠲᠣᠭᠤᠷᠢᠭ ᠲᠤ ᠪᠦᠬᠦᠨ ᠢ ᠤᠯᠤᠰ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠦᠨᠳᠦᠰᠦᠨ ᠳᠡᠭᠡᠨ ᠲᠡᠩᠴᠡᠭᠦᠷᠢᠲᠡᠶ ᠦᠨᠡᠯᠡᠨ ᠵᠢᠱᠢᠯᠲᠡ ᠶᠢ ᠥᠩᠭᠡᠷᠡᠭᠦᠯᠵᠦ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠵᠦ᠂ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠭᠤᠷᠪᠠᠳᠤᠭᠠᠷ | ᠪᠦᠯᠦᠭ ᠤᠨ ᠤᠯᠤᠰ ᠤᠨ ᠲᠠᠰ ᠤᠨ ᠣᠲᠣ ᠦᠶ᠎ᠡ ᠶᠢᠨ ᠱᠠᠪᠢ ᠣᠷᠣᠬᠤ ᠲᠦᠷᠢᠮ ᠤᠨ ᠲᠤᠷᠰᠢᠯᠲᠠ ᠶᠢᠨ ᠳᠡᠭᠡᠳᠦ | ᠰᠤᠷᠭᠠᠭᠤᠯᠢ ᠪᠣᠯᠭᠠᠪᠠ᠃ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ | ᠬᠤᠷᠢᠶᠠᠨ ᠤ ᠲᠠᠰ ᠢ ᠭᠤᠷᠪᠠᠳᠤᠭᠠᠷ ᠳᠡᠰ ᠲᠤ ᠳᠡᠪᠰᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠠᠷᠯᠠᠨ ᠰᠠᠶᠢᠰᠢᠶᠠᠵᠤ᠂ ᠤᠯᠤᠰ ᠤᠨ | ᠡᠷᠡᠭᠦᠯ ᠬᠠᠮᠠᠭᠠᠯᠠᠯ ᠤᠨ ᠬᠤᠳᠠ ᠶᠢ ᠠᠮᠵᠢᠯᠳᠠ ᠲᠠᠢ ᠡᠭᠦᠲᠤᠨ ᠪᠠᠶᠢᠭᠤᠯᠪᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠵᠦ᠂ ᠪᠦᠬᠦ | ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ᠶᠢᠨ ᠢᠷᠠᠭᠤ ᠠᠯᠳᠠᠷ ᠢ ᠳᠠᠬᠢᠨᠲᠠ ᠬᠦᠷᠳᠡᠪᠡ᠃ ᠰᠣᠶᠣᠯ | ᠪᠡᠶ᠎ᠡ ᠶᠢᠨ ᠲᠠᠮᠢᠷ ᠤᠨ ᠦᠢᠯᠡᠰ ᠥᠷᠨᠢᠩᠭᠦᠶ ᠪᠠᠷ ᠬᠥᠭᠵᠢᠵᠦ᠂ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ | ᠥᠨᠢᠷ ᠪᠠᠶᠠᠯᠢᠭ ᠪᠤᠯᠵᠤ᠂ ︽ᠤᠷᠠᠨ ᠪᠢᠴᠢᠯᠭᠡ ᠶᠢ ᠲᠠᠪᠤ ᠳᠤ ᠤᠷᠤᠭᠤᠯᠬᠤ︾ ᠠᠵᠢᠯᠯᠠᠭ᠎ᠠ ᠨᠢ ᠤᠯᠤᠰ ᠤᠨ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠵᠦᠢᠯᠡᠰ ᠢᠶᠠᠷ ᠦᠨᠡᠯᠡᠭᠳᠡᠵᠦ᠂ | ᠪᠦᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠬᠤᠯᠪᠣᠭᠠᠲᠤ ᠤᠷᠤᠯᠳᠤᠭᠠᠨ ᠵᠡᠷᠭᠡ ᠴᠢᠬᠤᠯᠠ ᠶᠡᠭᠡ | ᠠᠵᠢᠯᠯᠠᠭ᠎ᠠ ᠶᠢ ᠠᠮᠵᠢᠯᠲᠠ ᠲᠠᠢ ᠪᠠᠷ ᠡᠷᠬᠢᠯᠡᠪᠡ᠃ | ᠲᠥᠯᠥᠭᠡᠯᠡᠭᠴᠢᠳ ᠡ︕ ᠰᠠᠶ᠋ᠢᠬᠠᠨ ᠥᠩᠭᠡᠷᠡᠭᠰᠡᠨ 2021 ᠣᠨ ᠪᠣᠯ ᠨᠠᠮ ᠪᠠ ᠤᠯᠤᠰ ᠤᠨ ᠲᠡᠦᠬᠡᠨ | ᠳᠡᠭᠡᠷᠡᠬᠢ ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠂ ᠪᠠᠰᠠ ᠴᠤ ᠮᠠᠨ ᠤ ᠬᠤᠲᠠ ᠶᠢᠨ | ᠡᠯ᠎ᠡ ᠵᠦᠢᠯ ᠤᠨ ᠦᠢᠯᠡᠰ ᠤᠨ ᠬᠥᠭᠵᠢᠯᠲᠡ ᠲᠣᠪᠤᠶᠢᠮ᠎ᠠ ᠦᠷ᠎ᠡ ᠪᠦᠲᠦᠮᠵᠢ ᠲᠠᠢ ᠨᠢᠭᠡ ᠵᠢᠯ ᠮᠥᠨ᠃ ᠨᠢᠭᠡ ᠵᠢᠯ ᠤᠨ | ᠲᠤᠷᠰᠢ᠂ ᠪᠥᠬᠦ ᠬᠤᠲᠠ ᠪᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠬᠦᠴᠢᠷ ᠢ | ᠢᠯᠡᠨ ᠳᠠᠪᠠᠵᠤ ᠡᠷᠡᠯᠬᠡᠭᠯᠡᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠣ ᠢᠯᠡᠳᠲᠡ ᠦᠷ᠎ᠡ ᠪᠦᠲᠦᠮᠵᠢ ᠣᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠪᠡ᠃ ᠪᠥᠬᠦ ᠵᠢᠯ ᠳᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 5.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 2.6% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ 10% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 17. | 2% ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 5. | 4% ᠪᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 6.9%᠂ 9.1% ᠪᠠᠷ ᠨᠡᠮᠡᠭᠳᠡᠪᠡ᠃ | ︵ᠨᠢᠭᠡ︶ ᠠᠮᠢ ᠠᠬᠤᠶ ᠶᠢᠨ ᠵᠠᠰᠠᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠠᠮᠢ ᠠᠬᠤᠢ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ︽ᠲᠤᠯᠤᠭᠠᠨ | ᠵᠠᠰᠠᠯᠳᠠ︾ ᠳᠤ ᠠᠩᠬᠠᠷᠤᠯ ᠢᠶᠠᠨ ᠲᠥᠪᠯᠡᠷᠡᠭᠦᠯᠤᠨ ᠰᠢᠰᠲ᠋ᠧᠮ ᠲᠠᠢ ᠬᠦᠴᠦᠯᠡᠵᠦ᠂ ᠬᠦᠴᠦᠨ ᠢᠶᠠᠨ ᠲᠥᠪᠯᠡᠷᠡᠭᠦᠯᠦᠨ | ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ | ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠥᠷᠥᠰᠥ ᠰᠢᠷᠣᠶ ᠶᠢ ᠬᠠᠮᠠᠭᠠᠯᠠᠬᠤ | ᠶᠡᠷᠦᠩᠬᠡᠶᠢᠯᠡᠭᠰᠡᠨ ᠵᠠᠰᠠᠯᠲᠠ ᠶᠢᠨ ᠲᠠᠯᠠᠪᠠᠶ 136 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠬᠠᠲᠤᠨ | ᠭᠤᠤᠯ ᠤᠨ ᠦᠬᠠᠶ ᠶᠢᠨ ᠬᠡᠰᠡᠭ ᠤᠨ ᠤᠰᠤᠨ ᠤ ᠴᠢᠨᠠᠷ ᠤᠨ Ⅱ ᠲᠥᠷᠥᠯ ᠢ ᠪᠠᠲᠤᠯᠠᠪᠠ᠃ ᠡᠨᠧᠷᠭᠢ ᠶᠢᠨ | ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ | ᠥᠨᠳᠥᠷ︾ ᠤᠨ ᠲᠣᠭᠲᠠᠭᠠᠯ ᠠᠴᠠ ᠵᠥᠷᠢᠴᠡᠭᠰᠡᠨ ᠲᠥᠷᠥᠯ ᠵᠦᠢᠯ ᠢ ᠶᠡᠬᠡᠪᠡᠷ ᠴᠡᠭᠴᠡᠯᠡᠨ ᠵᠠᠰᠠᠵᠤ᠂ ᠨᠢᠭᠡᠴᠢ | GDP ᠶᠢᠨ ᠡᠨᠧᠷᠭᠢ ᠶᠢᠨ ᠬᠤᠷᠣᠭᠳᠠᠭᠤᠯᠤᠯ ᠨᠢ ᠠᠳᠠᠯᠢ ᠬᠤᠭᠤᠴᠠᠭᠠᠨ ᠤ ᠬᠢ ᠠᠴᠠ 8% ᠪᠠᠭᠤᠷᠠᠵᠤ᠂ | ᠥᠪᠡᠷᠲᠡᠭᠡᠨ ᠵᠠᠰᠠᠬᠤ ᠣᠷᠣᠨ ᠳᠤ ᠨᠡᠶᠢᠲᠡᠯᠡᠨ ᠰᠠᠶᠢᠰᠢᠶᠠᠭᠳᠠᠪᠠ᠃ ᠠᠮᠢ ᠠᠬᠤᠶ ᠶᠢᠨ ᠣᠷᠴᠢᠨ ᠲᠤᠭᠤᠷᠢᠨ ᠤ | ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠰᠢᠪᠠᠳᠠᠨ ᠪᠠᠶᠢᠴᠠᠭᠠᠯᠲᠠ ᠵᠢᠴᠢ ︽ᠡᠷᠬᠢᠨ ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ ᠤᠨ ᠬᠠᠷᠢᠭᠤ ᠰᠤᠷᠪᠤᠯᠵᠢᠯᠠᠵᠤ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ ᠳᠤ ᠵᠢᠭᠠᠵᠤ | ᠭᠠᠷᠭᠠᠭᠰᠠᠨ ᠠᠰᠠᠭᠤᠳᠠᠯ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠳᠣᠳᠠᠢ | ᠠᠭᠢᠭᠤᠯᠪᠠ᠃ ᠠᠭᠠᠷ ᠮᠠᠨᠳᠠᠯ ᠤᠨ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ 167 ᠵᠦᠢᠯᠡᠰ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠵᠤᠨ ᠤ ᠤᠯᠠᠷᠢᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠪᠡᠷᠬᠡ ᠰᠡᠳᠦᠪ ᠢ | ᠰᠢᠢᠳᠪᠦᠷᠢᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ᠃ ᠡᠪᠦᠯ ᠤᠨ ᠤᠯᠠᠷᠢᠯ ᠤᠨ ᠠᠷᠢᠭᠤᠨ | ᠴᠡᠪᠡᠷ ᠢᠶᠠᠷ ᠳᠤᠯᠠᠭᠠᠯᠠᠬᠤ ᠶᠢ ᠲᠦᠯᠬᠢᠨ ᠠᠬᠢᠭᠤᠯᠵᠤ᠂ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢ | 1344 ᠡᠷᠦᠬᠡ ᠪᠡᠶᠡᠯᠡᠬᠦᠯᠪᠡ᠃ ᠠᠭᠤᠷᠬᠠᠶ ᠶᠢᠨ ᠵᠠᠰᠠᠯᠲᠠ ᠶᠢᠨ ︽ᠬᠤᠶᠠᠷ ᠬᠠᠷᠢᠭᠤᠴᠠᠯᠭ᠎ᠠ ᠬᠤᠶᠠᠷ ᠲᠠᠷᠤᠭ᠎ᠠ ᠶᠢᠨ | ᠲᠦᠷᠢᠮ︾ ᠢ ᠬᠡᠷᠡᠭᠵᠢᠭᠦᠯᠵᠦ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠶᠢ ᠬᠠᠮᠵᠢᠯᠴᠠᠨ ᠠᠬᠢᠭᠤᠯᠵᠤ᠂ | ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢᠨ ᠲᠠᠯᠠᠪᠠᠶ ᠶᠢ 10.7 ᠲᠡᠭᠰᠢ ᠳᠥᠷᠪᠡᠯᠵᠢᠨ | ᠺᠢᠯᠣᠮᠧᠲᠷ ᠪᠡᠶᠡᠯᠡᠭᠦᠯᠵᠦ᠂ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠭᠠᠯ ᠤᠨ ᠴᠢᠭ ᠢ ︽ᠬᠥᠳᠡᠯᠦᠩᠭᠦᠶ ᠪᠠᠷ ᠲᠡᠭ | ᠪᠣᠯᠭᠠᠬᠤ︾ ᠶᠢ ᠪᠡᠶᠡᠯᠡᠭᠦᠯᠵᠦ᠂ 200 ᠭᠠᠷᠤᠶ ᠺᠢᠯᠣᠮᠧᠲᠷ ᠤᠨ ᠠᠭᠤᠷᠬᠠᠶ ᠶᠢᠨ ᠣᠷᠣᠨ ᠤ ᠵᠠᠮ ᠢ ᠪᠦᠬᠦᠨ ᠢ | ᠪᠢᠲᠡᠭᠦᠮᠵᠢᠯᠡᠨ ᠬᠠᠮᠢᠶᠠᠷᠬᠤ ᠶᠢ ᠪᠡᠶᠡᠯᠡᠭᠦᠯᠵᠦ᠂ 8 ᠪᠣᠬᠢᠷᠲᠤᠯ ᠥᠬᠡᠶ ᠠᠭᠤᠷᠬᠠᠶ ᠦᠨᠡᠯᠡᠨ ᠵᠢᠱᠢᠬᠦ ᠳᠤ ᠬᠢᠷᠢ | ᠲᠡᠩᠴᠡᠪᠡ᠃ ᠲᠥᠪ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ | 291 ᠡᠳᠦᠷ ᠪᠠᠶᠢᠵᠤ᠂ ᠡᠯᠡᠰᠦ ᠲᠣᠭᠤᠰᠣᠲᠤ ᠴᠠᠭ ᠠᠭᠤᠷ ᠢ ᠠᠷᠢᠯᠭᠠᠭᠰᠠᠨ ᠤ ᠳᠠᠷᠠᠭ᠎ᠠ ᠪᠠᠷᠢᠮᠵᠢᠶ᠎ᠠ ᠳᠤ | ᠬᠦᠷᠦᠭᠰᠡᠨ ᠨᠣᠷᠮ᠎ᠠ 89.8% ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠰᠢᠯᠭᠠᠨ ᠬᠢᠨᠠᠬᠤ | ᠡᠭᠦᠷᠭᠡ ᠶᠢ ᠪᠡᠶᠡᠯᠡᠭᠦᠯᠪᠡ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠᠶᠢᠳᠠᠯ ᠢ ᠨᠡᠩ ᠡᠷᠴᠢᠮᠲᠡᠶ ᠪᠤᠯᠭᠠᠪᠠ᠃ | ᠠᠵᠤ ᠦᠢᠯᠡᠰ ᠤᠨ ᠬᠥᠭᠵᠢᠯᠲᠡ ᠶᠢᠨ ᠭᠤᠤᠯᠳᠠᠯᠭ᠎ᠠ ᠶᠢ ᠣᠨᠣᠪᠴᠢᠲᠠᠶ ᠲᠣᠭᠲᠠᠭᠠᠵᠤ᠂ ᠠᠵᠤ ᠦᠢᠯᠡᠰ ᠤᠨ | ᠰᠠᠭᠤᠷᠢ ᠶᠢ ᠳᠡᠭᠡᠳᠦ ᠲᠠᠰ ᠪᠣᠯᠭᠠᠬᠤ᠂ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠶᠢ ᠲᠦᠷᠭᠡᠳᠬᠡᠨ | ᠠᠬᠢᠭᠤᠯᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠰᠢᠨ᠎ᠡ ᠠᠯᠬᠤᠮ ᠲᠠᠢ ᠪᠤᠯᠭᠠᠪᠠ᠃ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ 146 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 140 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ 160 ᠬᠤᠳᠠᠯᠳᠤᠭᠠᠴᠢᠨ ᠤᠷᠢᠬᠤ ᠲᠥᠷᠥᠯ ᠵᠦᠢᠯ ᠢ | ᠬᠡᠷᠡᠭᠵᠢᠭᠦᠯᠵᠦ᠂ ᠵᠢᠱᠢᠯᠲᠡ ᠪᠠᠷ ᠤᠯᠤᠰ ᠤᠨ ᠳᠣᠲᠣᠭᠠᠳᠤ ᠶᠢᠨ 110 ᠳ᠋ᠦᠩᠰᠢᠭᠤᠷ ᠲᠥᠭᠦᠷᠢᠭ ᠤᠨ ᠪᠠᠯᠠ | ᠮᠥᠩᠭᠦ ᠶᠢ ᠣᠷᠣᠭᠤᠯᠤᠨ ᠠᠪᠴᠢᠷᠠᠬᠤ ᠪᠣᠯᠤᠨ᠎ᠠ᠃ ᠳᠡᠭᠡᠭᠰᠢ ᠪᠠᠨ ᠨᠡᠶᠢᠲᠡ 35.6 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ᠶᠢ ᠴᠢᠷᠮᠠᠶᠢᠨ ᠤᠯᠪᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠲᠦᠷᠭᠡᠨ ᠢᠶᠠᠷ ᠪᠤᠶᠢᠵᠢᠵᠤ᠂ ᠤᠰᠤᠲᠥ᠋ᠷᠥᠭᠴᠢ ᠪᠠᠷ ᠬᠠᠶᠢᠯᠤᠭᠤᠯᠤᠭᠰᠠᠨ ᠳᠡᠭᠡᠳᠦ ᠴᠡᠪᠡᠷ ᠰᠢᠷᠡᠮᠦ | ᠴᠢᠳᠬᠤᠬᠤ ᠵᠡᠷᠭᠡ 56 ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠡᠷᠡᠯᠯᠢᠭ ᠴᠡᠨᠡᠭ | ᠰᠠᠯᠬᠢᠨ ᠬᠦᠴᠦᠨ ᠤ ᠴᠠᠬᠢᠯᠭᠠᠨ ᠤ ᠬᠦᠢᠴᠡᠳᠭᠡᠯ ᠲᠤᠭ᠎ᠠ ᠶᠢ 84 ᠲᠦᠮᠡᠨ ᠺᠢᠯᠣᠸᠠᠲ ᠲᠤ ᠬᠦᠷᠭᠡᠵᠤ᠂ | ᠬᠠᠶᠢᠷᠤᠪ ᠤᠨ ᠲᠤᠬᠤᠢ ᠲᠣᠭᠤᠷᠢᠭ ᠤᠨ ᠭᠡᠷ ᠤᠨ ᠤᠷᠤᠢ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯᠯᠢᠭ ᠴᠡᠨᠡᠭ ᠢ | ᠤᠯᠤᠰ ᠤᠨ ᠲᠤᠷᠰᠢᠯᠲᠠ ᠶᠢᠨ ᠴᠢᠭ ᠲᠤ ᠣᠷᠣᠭᠤᠯᠵᠤ᠂ ᠦᠬᠠᠢ ᠶᠢ ᠰᠢᠨ᠎ᠡ ᠨᠢᠭᠡ ᠪᠦᠯᠦᠭ ᠲᠦᠯᠡᠰᠢᠨ ᠳ᠋ᠢᠶᠠᠨ | ᡂᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠤᠳᠠ ᠶᠢᠨ ᠪᠦᠯᠦᠭᠵᠢᠯ ᠳᠤ ᠣᠷᠣᠭᠤᠯᠵᠤ᠂ ᠯᠢᠲ᠋ᠢ ᠳ᠋ᠢᠶᠠᠨ ᡂᠢ | ᠂ ᠵᠠᠳᠠᠷᠠᠵᠤ ᠪᠣᠯᠬᠤ ᠰᠦᠯᠢᠶᠣᠣ ᠵᠡᠷᠭᠡ ᠨᠢᠭᠡ ᠪᠦᠯᠦᠭ ᠰᠢᠯᠢᠳᠡᠭ ᠲᠦᠷᠦᠯ ᠵᠦᠢᠯ ᠤᠨ ᠪᠠᠶᠢᠷᠢᠰᠢᠭᠤᠯᠤᠯᠲᠠ ᠶᠢ | ᠨᠠᠶᠢᠳᠠᠪᠤᠷᠢᠵᠢᠭᠤᠯᠪᠠ᠃ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠵᠤ ᠲᠡᠰ | ᠳᠡᠪᠰᠢᠭᠦᠯᠬᠦ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠲᠣᠭᠠᠴᠢᠯᠠᠭᠰᠠᠨ ᠠᠵᠤ ᠠᠬᠤᠶ᠂ | ᠠᠭᠠᠷ ᠤᠨ ᠠᠵᠤ ᠠᠬᠤᠶ᠂ ᠠᠩᠬᠠᠨ ᠤ ᠳᠡᠯᠭᠡᠭᠦᠷ ᠤᠨ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠰᠢᠨ᠎ᠡ ᠵᠠᠭᠪᠤᠷ ᠢ ᠢᠳᠡᠪᠬᠢᠲᠡᠶ ᠪᠠᠷ ᠪᠤᠶᠢᠵᠢᠭᠤᠯᠵᠤ᠂ 5G ᠶᠢᠨ ᠤᠶᠤᠨᠴᠢᠯᠠᠭᠰᠠᠨ ᠠᠭᠤᠷᠬᠠᠶ ᠶᠢᠨ | ᠬᠤᠳᠳᠤᠭ ᠤᠨ ᠲᠥᠷᠥᠯ ᠵᠦᠢᠯ ᠢ ᠤᠷᠤᠭᠰᠢᠲᠠᠶ ᠳᠥᠯᠭᠢᠨ ᠠᠬᠢᠭᠤᠯᠵᠤ᠂ ᠲᠣᠭᠠᠴᠢᠯᠠᠭᠰᠠᠨ ᠬᠡᠷᠡᠭᠯᠡᠭᠡᠨ ᠤ ᠠᠵᠤ | ᠦᠢᠯᠡᠳᠪᠦᠷᠢ ᠶᠢᠨ ᠠᠵᠤ ᠠᠬᠤᠶᠢᠯᠠᠯ 790 ᠪᠣᠯᠵᠣ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ ᠵᠡᠷᠭᠡ 56 | ᠨᠠᠷᠠᠲᠤ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ ᠣᠷᠣᠵᠤ ᠰᠠᠭᠤᠪᠠ᠃ ᠭᠤᠷᠪᠠᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠯᠠᠯ ᠨᠡᠪᠲᠡᠷᠡᠬᠦ ᠬᠥᠭᠵᠢᠯᠲᠡ ᠶᠢᠨ ᠶᠡᠭᠡ ᠬᠤᠷᠠᠯ | ᠂ ᠦᠬᠠᠶ ᠶᠢᠨ ᠡᠯᠡᠰᠦᠨ ᠴᠥᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠴᠢᠬᠤᠯᠠ | ᠶᠡᠭᠡ ᠠᠵᠢᠯᠯᠠᠭ᠎ᠠ ᠶᠢ ᠡᠷᠭᠢᠯᠡᠵᠦ᠂ ᠬᠠᠶᠢᠷᠤᠪ ᠤᠨ ᠲᠤᠬᠤᠢ ᠲᠣᠭᠤᠷᠢᠭ ᠲᠤ ᠥᠪᠡᠷᠲᠡᠭᠡᠨ ᠵᠠᠰᠠᠬᠤ ᠣᠷᠣᠨ ᠤ | ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠠᠮᠵᠢᠯᠲᠠᠲᠠᠶ ᠡᠭᠦᠳᠦᠨ | ᠪᠠᠶᠢᠭᠤᠯᠪᠠ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠠᠵᠢᠯᠯᠠᠭᠠᠨ ᠤ ᠲᠣᠭᠲᠠᠴᠠ ᠶᠢ | ᠤᠯᠠᠮ ᠨᠢᠭᠡ ᠠᠯᠬᠤᠮ ᠰᠢᠯᠤᠭᠤᠳᠬᠠᠵᠤ᠂ ᠰᠠᠭᠤᠷᠢ ᠪᠡᠯᠡᠳᠬᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ︽ᠨᠢᠭᠡ ᠲᠣᠭᠤᠷᠢᠭ ᠳᠥᠷᠪᠡᠨ | ᠬᠦᠷᠢᠶᠡᠯᠡᠩ︾ ᠪᠠᠷᠢᠮᠵᠢᠶ᠎ᠠ ᠳᠤ ᠬᠦᠷᠦᠭᠰᠡᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ | ᠦᠨᠡᠯᠡᠭᠳᠡᠪᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ 9 ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠣᠷᠣᠨ ᠰᠠᠭᠤᠵᠤ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠪᠠᠯᠠ | ᠣᠷᠣᠭᠤᠯᠤᠯᠲᠠ 5.9 ᠳ᠋ᠦᠩᠰᠢᠭᠤᠷ ᠲᠥᠭᠦᠷᠢᠭ ᠲᠤ ᠬᠦᠷᠴᠦ᠂ 4 ᠲᠥᠷᠥᠯ ᠵᠦᠢᠯ ᠢ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ ᠣᠷᠣᠭᠤᠯᠪᠠ᠃ | ︵ᠭᠤᠷᠪᠠ︶ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠲᠡᠭᠡᠭᠰᠢᠯᠡᠬᠦᠯᠪᠡ᠃ ᠬᠤᠲᠠ | ᠬᠥᠳᠡᠭᠡ ᠶᠢ ᠠᠭᠤᠰᠤᠯᠴᠠᠭᠤᠯᠬᠤ᠂ ᠵᠣᠬᠢᠴᠠᠩᠭᠤᠶ ᠪᠠᠷ ᠬᠥᠭᠵᠢᠭᠦᠯᠬᠦ᠂ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ | ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠶᠢᠨ | ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠬᠤᠳᠠ ᠶᠢᠨ ᠴᠢᠳᠠᠮᠵᠢ | ᠦᠷᠭᠦᠯᠵᠢᠯᠡᠨ ᠲᠡᠭᠦᠯᠳᠡᠷᠵᠢᠪᠡ᠃ ᠠᠷᠠᠳ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠢᠳᠡᠪᠬᠢᠲᠡᠶ ᠪᠠᠷ ᠬᠠᠷᠢᠭᠤᠯᠲᠠ ᠥᠭᠴᠦ᠂ 16 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠵᠦᠢᠯᠡᠰ ᠢ | ᠪᠡᠶᠡᠯᠡᠭᠦᠯᠵᠦ᠂ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠭᠰᠠᠨ ᠲᠦᠬᠦᠮ ᠪᠦᠳᠦᠴᠡᠳᠦ ᠣᠷᠣᠨ ᠰᠠᠭᠤᠴᠠ ᠶᠢᠨ | ᠲᠣᠭᠤᠷᠢᠭ ᠤᠨ 2360 ᠢᠵᠢ ᠣᠷᠣᠨ ᠰᠠᠭᠤᠴᠠ ᠶᠢ ᠥᠭᠡᠷᠡᠴᠢᠯᠡᠨ ᠵᠠᠰᠠᠪᠡ᠃ S217 ᠮᠤᠵᠢ ᠶᠢᠨ ᠵᠠᠮ ᠤᠨ | ᠬᠠᠶᠢᠷᠤᠪ ᠤᠨ ᠲᠤᠬᠤᠢ ᠶᠢᠨ ᠬᠤᠳᠠ ᠶᠢ ᠲᠣᠭᠤᠷᠢᠭᠰᠠᠨ ᠬᠡᠰᠡᠭ ᠤᠨ ᠭᠤᠣᠯ ᠴᠣᠭᠴᠠ ᠶᠢ ᠪᠦᠬᠦ ᠱᠤᠭᠤᠮ ᠢᠶᠠᠷ | ᠨᠡᠪᠲᠡᠷᠡᠭᠦᠯᠵᠦ᠂ ᠨᠢᠰᠬᠡᠯ ᠤᠨ ᠪᠠᠭᠤᠳᠠᠯ ᠵᠠᠮ ᠤᠨ ᠶᠡᠭᠡ ᠬᠥᠭᠦᠷᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠪᠡᠭᠡᠵᠢᠩ ᠱᠠᠩᠬᠠᠶ ᠭᠤᠸᠠᠩᠵᠧᠦ ᠱᠧᠨᠵᠧᠨ ᠵᠡᠷᠭᠡ 10 ᠨᠢᠭᠡᠳᠦᠭᠡᠷ ᠳᠡᠰ ᠤᠨ ᠬᠤᠳᠠ ᠶᠢᠨ ᠡᠭᠡᠯᠵᠢ ᠶᠢᠨ ᠨᠢᠰᠬᠡᠯ ᠢ | ᠲᠣᠭᠲᠠᠭᠤᠨ ᠢᠶᠠᠷ ᠠᠶᠠᠯᠠᠭᠤᠯᠪᠠ᠃ ᠬᠤᠳᠠ ᠶᠢᠨ ᠶᠠᠪᠤᠳᠠᠯ ᠤᠨ ᠵᠠᠮ᠂ ᠬᠤᠭᠤᠯᠠᠶ ᠲᠣᠣᠷ ᠢ 600 ᠰᠢᠬᠠᠮ | ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠴᠡᠴᠡᠷᠯᠢᠭ ᠤᠨ ᠦᠵᠡᠮᠵᠢ ᠶᠢ | ᠳᠡᠭᠡᠭᠰᠢᠯᠡᠭᠦᠯᠬᠦ ᠢᠨᠵᠧᠨᠧᠷᠢᠩ ᠬᠤᠳᠠ ᠶᠢᠨ ᠠᠷᠠᠳ ᠤᠨ ᠮᠠᠭᠲᠠᠭᠠᠯ ᠰᠠᠶᠢᠰᠢᠶᠠᠯ ᠢ ᠤᠯᠪᠠ᠃ ᠪᠢᠨ ᠾᠧ ᠶᠢᠨ | ᠬᠤᠶᠠᠳᠤᠭᠠᠷ ᠬᠤᠭᠤᠴᠠᠭᠠᠨ ᠤ ᠨᠡᠭᠡᠭᠡᠨ ᠬᠥᠭᠵᠢᠭᠦᠯᠦᠯᠲᠡ ᠶᠢᠨ ᠬᠤᠷᠳᠤᠴᠠ ᠶᠢ ᠲᠦᠷᠭᠡᠳᠬᠡᠪᠡ᠃ ᠡᠵᠡᠮᠳᠡᠯ ᠤᠨ | ᠴᠢᠨᠠᠷᠲᠠᠶ ᠨᠠᠷᠢᠨ ᠨᠢᠭᠲᠠ ᠲᠥᠯᠥᠪᠵᠢᠭᠦᠯᠦᠨ ᠲᠣᠬᠢᠷᠠᠭᠤᠯᠬᠤ ᠠᠵᠢᠯ ᠢ ᠪᠡᠶᠡᠯᠡᠭᠦᠯᠵᠦ᠂ ᠰᠠᠭᠤᠷᠢ ᠲᠥᠬᠦᠭᠡᠷᠦᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠢᠭᠡ ᠪᠦᠯᠦᠭ ᠠᠯᠪᠠᠨ ᠠᠴᠠ ᠪᠠᠶᠢᠭᠤᠯᠬᠤ ᠵᠦᠢᠯᠡᠰ ᠢ ᠡᠬᠢᠯᠡᠨ | ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠨᠡᠷᠡᠲᠡᠢ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ ᠠᠵᠤ | ᠠᠬᠤᠶᠢᠯᠠᠯ ᠤᠨ ᠣᠷᠣᠵᠤ ᠰᠠᠭᠤᠵᠤ ᠨᠡᠭᠡᠭᠡᠨ ᠬᠥᠭᠵᠢᠭᠦᠯᠬᠦ᠂ ᠴᠠᠬᠢᠯᠭᠠᠨ ᠬᠦᠴᠦᠨ ᠤ ᠦᠢᠯᠡᠳᠪᠦᠷᠢᠯᠡᠯ ᠢ | ᠵᠢᠯᠣᠭᠤᠳᠤᠨ ᠲᠣᠬᠢᠷᠠᠭᠤᠯᠬᠤ ᠲᠥᠪ ᠵᠡᠷᠭᠡ ᠵᠦᠢᠯᠡᠰ ᠢ ᠲᠦᠷᠭᠡᠪᠴᠢᠯᠡᠨ ᠲᠦᠯᠬᠢᠨ ᠠᠬᠢᠭᠤᠯᠪᠠ᠃ ᠬᠤᠳᠠ ᠶᠢᠨ | ᠬᠠᠮᠢᠶᠠᠷᠤᠯᠲᠠ ᠶᠢ ᠨᠡᠩ ᠨᠠᠷᠢᠨ ᠨᠢᠭᠲᠠ ᠪᠣᠯᠭᠠᠪᠠ᠃ ︽ᠬᠤᠸᠠᠷ ᠬᠠᠳᠬᠤᠬᠤ ᠮᠠᠶ᠋ᠢᠭ︾ ᠤᠨ ᠬᠠᠮᠢᠶᠠᠷᠤᠯᠲᠠ ᠶᠢᠨ | ᠣᠨᠣᠯᠵᠢᠬᠤᠨ ᠢ ᠪᠣᠶ ᠪᠣᠯᠭᠠᠵᠤ᠂ ᠲᠡᠷᠭᠡ ᠵᠣᠭᠰᠣᠭᠠᠬᠤ ᠡᠮᠬᠢ ᠵᠢᠷᠤᠮ᠂ ᠵᠠᠮ ᠡᠵᠡᠯᠡᠨ ᠡᠵᠡᠩᠨᠡᠬᠦ᠂ ᠪᠣᠯᠪᠠᠰᠤᠨ ᠢᠶᠠᠷ | ᠨᠣᠬᠠᠶ ᠲᠡᠵᠢᠭᠡᠬᠦ ᠵᠡᠷᠭᠡ ᠲᠤᠰᠬᠠᠶ ᠴᠡᠭᠴᠡᠯᠡᠨ ᠵᠠᠰᠠᠯᠲᠠ ᠢᠳᠡᠪᠬᠢᠲᠡᠶ ᠦᠷ᠎ᠡ ᠪᠦᠲᠦᠮᠵᠢ ᠤᠯᠪᠠ᠃ 12 ᠬᠤᠭ | ᠨᠣᠪᠰᠢ ᠳᠠᠮᠵᠢᠭᠤᠯᠬᠤ ᠦᠷᠳᠡᠭᠡ ᠶᠢ ᠪᠠᠶᠢᠭᠤᠯᠵᠤ᠂ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠵᠦᠢᠯᠡᠰ ᠢ | ᠠᠰᠢᠭᠯᠠᠯᠲᠠ ᠳᠤ ᠣᠷᠣᠭᠤᠯᠬᠤ᠂ ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢ ᠡᠮᠬᠢ ᠵᠢᠷᠤᠮ ᠲᠠᠢ | ᠥᠷᠨᠢᠭᠦᠯᠪᠡ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠤᠶᠤᠨᠲᠤ ᠵᠠᠮ | ᠬᠠᠷᠢᠯᠴᠠᠭ᠎ᠠ ᠵᠡᠷᠭᠡ ᠢᠨᠵᠧᠨᠧᠷᠢᠩ ᠤᠨ ᠠᠬᠢᠴᠠ ᠶᠢ ᠲᠦᠷᠭᠡᠳᠬᠡᠨ᠂ ᠬᠠᠶᠢᠷᠤᠪ ᠤᠨ ᠲᠤᠬᠤᠢ᠂ ᠤᠳᠠ᠂ ᠬᠠᠶᠢᠨᠠᠨ ᠤ | ᠬᠤᠲᠠ ᠶᠢᠨ ᠲᠣᠭᠤᠷᠢᠭ ᠤᠨ 5G ᠰᠦᠯᠵᠢᠶ᠎ᠡ ᠶᠢ ᠨᠡᠶᠢᠳᠡᠮ ᠪᠦᠷᠬᠦᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠤᠨᠢᠨ ᠳᠡᠭᠡᠷ᠎ᠡ ᠨᠢ ᠬᠦᠴᠦᠯᠡᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠲᠤᠰᠬᠠᠶ ᠬᠤᠷᠰᠢᠶ᠎ᠠ᠂ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ 19 ᠲᠥᠷᠥᠯ ᠵᠦᠢᠯ ᠢ ᠬᠡᠷᠡᠭᠵᠢᠭᠦᠯᠵᠦ᠂ ᠲᠥᠬᠦᠭᠡᠷᠦᠮᠵᠢ ᠶᠢᠨ | ᠲᠠᠷᠢᠶᠠᠯᠠᠩ᠂ ᠥᠨᠳᠥᠷ ᠦᠷ᠎ᠡ ᠠᠰᠢᠭᠲᠤ ᠤᠰᠤᠯᠠᠯᠲᠠ ᠶᠢᠨ ᠲᠠᠷᠢᠶᠠᠨ ᠭᠠᠵᠠᠷ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠤᠷᠤᠭᠰᠢᠲᠠᠶ ᠠᠬᠢᠭᠤᠯᠪᠠ᠃ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠠᠶᠢᠯ ᠲᠣᠰᠬᠤᠨ ᠢ | ᠠᠷᠢᠭᠤᠨ ᠴᠡᠪᠡᠷ ᠪᠠᠶᠢᠯᠭᠠᠬᠤ᠂ ᠬᠦᠷᠢᠶ᠎ᠡ ᠬᠠᠰᠢᠶ᠎ᠠ ᠶᠢ ᠭᠤᠶᠤᠵᠢᠭᠤᠯᠬᠤ᠂ ᠵᠠᠮ ᠤᠨ ᠴᠢᠨᠠᠷ ᠢ ᠳᠡᠭᠡᠭᠰᠢᠯᠡᠭᠦᠯᠬᠦ ᠵᠡᠷᠭᠡ | ᠢᠨᠵᠧᠨᠧᠷᠢᠩ ᠢ ᠬᠡᠷᠡᠭᠵᠢᠭᠦᠯᠵᠦ᠂ ᠠᠷᠢᠭᠤᠨ ᠴᠡᠪᠡᠷ ᠡᠷᠦᠬᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠶᠢ | ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠪᠡ᠃ | ︵ᠲᠦᠷᠪᠡ︶ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠵᠠᠩᠭᠢᠯᠠᠭ᠎ᠠ ᠶᠢᠨ | ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ 100 ᠵᠦᠢᠯ ᠤᠨ ᠠᠵᠤ | ᠠᠬᠤᠶ ᠶᠢᠨ ᠪᠠᠶᠢᠭᠤᠯᠤᠮᠵᠢ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠡᠭᠦᠷᠭᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠢᠭᠡ ᠪᠦᠯᠦᠭ ᠲᠦᠷᠢᠮ ᠪᠠ ᠦᠢᠯᠡᠳᠦᠯᠭᠡ ᠶᠢᠨ ᠦᠷ᠎ᠡ | ᠪᠦᠲᠦᠭᠡᠯ ᠢ ᠪᠤᠢ ᠪᠣᠯᠭᠠᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢᠶᠠᠨ | ᠴᠢᠩᠭᠠᠷᠠᠭᠤᠯᠵᠤ᠂ ︽ᠲᠠᠪᠤ ᠶᠢ ᠬᠠᠰᠤᠵᠤ ᠭᠤᠷᠪᠠ ᠶᠢ ᠬᠠᠮᠤᠭ ᠤᠨ ᠶᠡᠭᠡ ᠪᠠᠷ ᠰᠢᠢᠳᠪᠦᠷᠢᠯᠡᠬᠦ︾ ᠶᠢ ᠪᠥᠬᠦ | ᠬᠦᠴᠦᠨ ᠢᠶᠠᠷ ᠳᠥᠯᠭᠢᠨ ᠠᠬᠢᠭᠤᠯᠵᠤ᠂ ︽ᠲᠣᠮᠣ ᠬᠦᠰᠦᠨᠦᠭᠲᠦ ᠪᠠᠷ ᠬᠢᠨᠠᠨ ᠵᠥᠪᠰᠢᠶᠡᠷᠡᠬᠦ ᠲᠦᠷᠢᠮ︾ ᠵᠡᠷᠭᠡ 10 | ᠵᠦᠢᠯ ᠤᠨ ︽ᠬᠠᠲᠠᠭᠤ︾ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ︽ᠨᠢᠭᠡ ᠰᠦᠯᠵᠢᠶ᠎ᠡ ᠪᠠᠷ ᠬᠦᠢᠴᠡᠳᠬᠡᠬᠦ︾ | ︽ᠠᠯᠠᠭᠠᠨ ᠳᠡᠭᠡᠷ᠎ᠡ ᠪᠠᠨ ᠬᠦᠢᠴᠡᠳᠬᠡᠬᠦ︾ ︽ᠨᠢᠭᠡ ᠯᠡ ᠤᠳᠠᠭ᠎ᠠ ᠳᠤ ᠬᠦᠢᠴᠡᠳᠬᠡᠬᠦ︾ ︽ᠲᠠᠨ ᠢ ᠬᠠᠪᠰᠤᠷᠤᠨ | ᠬᠦᠢᠴᠡᠳᠬᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ 5586 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠬᠦᠢᠴᠡᠳᠬᠡᠬᠦ ᠴᠠᠭ ᠤᠨ ᠬᠢᠵᠠᠭᠠᠷ ᠢ 81.6% ᠪᠠᠷ ᠪᠠᠭᠠᠰᠬᠠᠵᠤ᠂ ︽ᠬᠠᠮᠤᠭ ᠤᠨ | ᠣᠯᠠᠨ ᠳᠠᠭᠠᠨ ᠨᠢᠭᠡ ᠯᠡ ᠤᠳᠠᠭ᠎ᠠ ᠬᠦᠶᠦᠯᠭᠡᠬᠦ︾ ᠵᠦᠢᠯᠡᠰ ᠤᠨ ᠡᠵᠡᠯᠡᠬᠦ ᠬᠠᠷᠢᠴᠠᠯ 99.7% ᠳᠤ ᠬᠥᠷᠪᠡ᠃ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ 1.1 | ᠳ᠋ᠦᠩᠰᠢᠭᠤᠷ ᠲᠥᠭᠦᠷᠢᠭ ᠤᠨ ᠳᠠᠩᠰᠠᠨ ᠳᠠᠬᠢ ᠵᠣᠭᠤᠰ ᠢ ᠢᠯᠭᠠᠷᠠᠭᠤᠯᠤᠨ ᠲᠢᠭᠯᠡᠵᠤ᠂ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠬᠡᠮᠵᠢᠶ᠎ᠡ ᠶᠢ 5 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠦᠨ᠂ ᠲᠦᠷᠦ ᠶᠢᠨ | ᠪᠤᠳᠤᠯᠭ᠎ᠠ ᠶᠢᠨ ᠪᠡᠯᠡ ᠮᠥᠩᠭᠦ ᠶᠢ 1 ᠳ᠋ᠦᠩᠰᠢᠭᠤᠷ ᠲᠥᠭᠦᠷᠢᠭ ᠰᠢᠬᠠᠮ ᠪᠡᠶᠡᠯᠡᠭᠦᠯᠵᠡᠶ᠃ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠶᠠᠪᠤᠯᠴᠠᠭ᠎ᠠ ᠶᠢᠨ ᠵᠥᠪ ᠲᠠᠯ᠎ᠠ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠨ | ᠵᠢᠷᠤᠮᠵᠢᠭᠤᠯᠵᠤ᠂ ᠠᠵᠤ ᠠᠬᠤᠶᠢᠯᠠᠯᠲᠠᠨ ᠤ ᠭᠤᠮᠣᠳᠠᠯ ᠱᠠᠭᠠᠷᠳᠠᠯᠭ᠎ᠠ ᠶᠢ ᠰᠢᠭᠤᠳ ᠬᠠᠷᠢᠭᠤ ᠲᠤᠰᠬᠠᠬᠤ | ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠤᠴᠢᠷ ᠶᠠᠪᠤᠳᠠᠯ ᠦᠭᠡᠢ ᠪᠣᠯ ᠰᠠᠭᠠᠳ | ᠪᠤᠯᠬᠤ ᠦᠭᠡᠢ᠂ ᠤᠴᠢᠷ ᠶᠠᠪᠤᠳᠠᠯ ᠪᠠᠶᠢᠪᠠᠯ ᠲᠡᠷᠡ ᠳᠠᠷᠤᠶ ᠳᠤᠨᠢ ᠬᠦᠢᠴᠡᠳᠭᠡᠬᠦ︾ ᠶᠢ ᠪᠡᠶᠡᠯᠡᠬᠦᠯᠪᠡ᠃ ᠲᠥᠰᠦᠪ ᠤᠨ | ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠭᠢᠨ ᠠᠭᠢᠭᠤᠯᠪᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠳᠤ | ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠪᠡ᠃ ᠨᠡᠭᠡᠭᠡᠯᠲᠡᠲᠦ ᠬᠠᠮᠲᠤᠷᠠᠯᠴᠠᠭ᠎ᠠ ᠦᠷᠭᠦᠯᠵᠢᠯᠡᠨ ᠥᠷᠭᠡᠳᠴᠦ᠂ ᠵᠢᠱᠢᠯᠲᠡ ᠪᠠᠷ ᠭᠠᠳᠠᠭᠠᠳᠤ | ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 13 ᠳ᠋ᠦᠩᠰᠢᠭᠤᠷ ᠲᠥᠭᠦᠷᠢᠭ ᠲᠤ | ᠬᠦᠷᠴᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠨᠢᠭᠡᠳᠦᠭᠡᠷ ᠲᠤ ᠤᠷᠤᠪᠠ᠃ | ︵ᠲᠠᠪᠤ︶ ᠠᠷᠠᠳ ᠤᠨ ᠠᠮᠢᠳᠤᠷᠠᠯ ᠢ ᠨᠡᠩ ᠪᠠᠶᠠᠨ ᠴᠢᠨᠡᠭᠡᠯᠢᠭ ᠪᠤᠯᠭᠠᠪᠠ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢ | ᠨᠡᠮᠡᠭᠳᠡᠭᠦᠯᠵᠦ᠂ ᠤᠯᠠᠨ ᠲᠦᠮᠡᠨ ᠤ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠢ ᠪᠦᠬᠦ | ᠬᠦᠴᠦᠨ ᠢᠶᠠᠷ ᠢᠶᠠᠨ ᠰᠢᠢᠳᠪᠦᠷᠢᠯᠡᠪᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ | ᠠᠵᠢᠯᠯᠠᠬᠤ ᠪᠠᠷ ᠪᠣᠯᠪᠠᠰᠤᠷᠠᠭᠤᠯᠤᠯ ᠢ ᠣᠷᠣᠯᠠᠭᠤᠯᠬᠤ ᠨᠥᠬᠦᠪᠥᠷᠢ ᠪᠠᠯᠠ ᠮᠥᠩᠭᠦ ᠪᠠ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢ 7686 ᠲᠦᠮᠡᠨ ᠲᠥᠭᠦᠷᠢᠭ ᠲᠠᠷᠬᠠᠭᠠᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠪᠡ᠃ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 810 | ᠲᠥᠭᠦᠷᠢᠭ ᠪᠣᠯᠭᠠᠨ ᠳᠡᠭᠡᠭᠰᠢᠯᠡᠭᠦᠯᠵᠦ᠂ ᠪᠥᠬᠦ ᠣᠷᠣᠨ ᠤ ᠭᠤᠷᠪᠠᠳᠤᠭᠠᠷ ᠲᠤ ᠣᠷᠣᠪᠡ᠃ ᠠᠵᠤ ᠠᠬᠤᠶᠢᠯᠠᠯ ᠤᠨ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 17 ᠵᠢᠯ ᠳᠠᠷᠠᠭᠠᠯᠠᠨ | ᠨᠡᠮᠡᠭᠳᠡᠭᠦᠯᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠪᠠᠭᠤᠵᠤ | ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 6 ᠵᠢᠯ ᠳᠠᠷᠠᠭᠠᠯᠠᠨ ᠨᠡᠮᠡᠭᠳᠡᠭᠦᠯᠪᠡ᠃ ᠪᠥᠬᠦ | ᠣᠷᠣᠨ ᠳᠤ ᠣᠷᠣᠯᠭ᠎ᠠ ᠪᠠᠭᠠᠲᠠᠶ ᠬᠡᠷ ᠪᠦᠯᠢ ᠶᠢᠨ ᠡᠳ᠋ ᠬᠥᠷᠥᠩᠭᠡ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ | ᠤᠷᠢᠳᠠᠪᠠᠷ ᠲᠣᠭᠲᠠᠭᠠᠵᠤ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠶᠢ ᠨᠡᠶᠢᠳᠡᠮ ᠬᠡᠷᠡᠭᠵᠢᠭᠦᠯᠦᠨ᠂ | ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠪᠥᠬᠦ ᠤᠯᠤᠰ ᠤᠨ ᠨᠡᠶᠢᠭᠡᠮ ᠤᠨ | ᠠᠪᠤᠷᠠᠨ ᠲᠤᠰᠠᠯᠠᠬᠤ ᠬᠦᠷᠢᠶᠡᠨ ᠳᠠᠬᠢ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠬᠡᠷᠡᠭ ᠤᠨ ᠵᠢᠱᠢᠶ᠎ᠡ ᠳᠤ | ᠵᠢᠭᠰᠠᠭᠠᠨ ᠣᠷᠣᠭᠤᠯᠪᠠ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ︽ᠭᠤᠷᠪᠠᠨ | ᠬᠦᠴᠢᠷᠳᠡᠯ︾ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ 10 ᠠᠰᠠᠭᠤᠳᠠᠯ ᠲᠠᠢ ᠠᠰᠠᠷ ᠢ | ᠦᠨᠳᠦᠰᠦᠨ ᠳᠡᠭᠡᠨ ᠠᠷᠢᠯᠭᠠᠵᠤ᠂ 4326 ᠢᠵᠢ ᠭᠡᠷ ᠪᠠᠶᠢᠰᠢᠩ ᠢ ᠬᠤᠶᠢᠰᠢᠯᠠᠭᠤᠯᠤᠨ ᠲᠤᠰᠢᠶᠠᠬᠤ ᠶᠢ | ᠰᠢᠢᠳᠪᠦᠷᠢᠯᠡᠵᠦ᠂ ᠪᠤᠴᠠᠵᠤ ᠨᠡᠬᠦᠬᠦ ᠤᠯᠠᠨ ᠲᠦᠮᠡᠨ ᠢ 1218 ᠡᠷᠦᠭᠡ ᠲᠥᠪᠬᠢᠨᠡᠭᠦᠯᠵᠦ᠂ ᠲᠡᠦᠬᠡᠨ ᠠᠴᠠ | ᠦᠯᠡᠳᠡᠭᠳᠡᠵᠦ ᠢᠷᠡᠭᠰᠡᠨ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠤᠨ ᠳᠠᠩᠰᠠᠯᠠᠯ ᠬᠢᠬᠦ ᠶᠣᠰᠣᠲᠠᠶ ᠶᠢ | ᠨᠢ ᠪᠦᠬᠦᠨ ᠢ ᠭᠦᠢᠴᠡᠳᠬᠡᠪᠡ᠃ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ | ᠲᠦᠷᠢᠶᠡᠰᠦᠯᠡᠯ ᠤᠨ ᠨᠥᠬᠦᠪᠥᠷᠢ ᠨᠢ 507 ᠡᠷᠦᠬᠡ ᠳᠤ ᠠᠰᠢᠭ ᠬᠦᠷᠲᠡᠭᠡᠪᠡ᠃ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠤᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢ ᠪᠦᠬᠦᠨ ᠢ ᠲᠠᠷᠬᠠᠭᠠᠵᠤ᠂ ᠬᠠᠬᠢᠷ ᠡᠪᠦᠯ ᠤᠨ ᠳᠤᠮᠳᠠ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃ 1545 ᠲᠦᠮᠡᠨ ᠲᠥᠭᠦᠷᠢᠭ ᠤᠨ | ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠪᠠᠶᠢᠳᠠᠯ ᠢ ᠢᠯᠭᠠᠷᠠᠭᠤᠯᠪᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠦᠬᠦ ᠤᠯᠤᠰ ᠤᠨ | ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠭᠡᠷᠡᠴᠢᠯᠡᠯᠲᠡ ᠶᠢᠨ ᠲᠤᠷᠰᠢᠯᠲᠠ ᠶᠢ ᠤᠷᠤᠭᠰᠢᠲᠠᠶ ᠲᠦᠯᠬᠢᠨ ᠠᠬᠢᠭᠤᠯᠵᠤ᠂ ᠤᠶᠤᠨᠲᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠬᠡᠷᠡᠭᠯᠡᠯᠳᠡ ᠳᠤ ᠣᠷᠣᠭᠤᠯᠵᠣ᠂ | ᠡᠮᠨᠡᠬᠦ ᠪᠠ ᠠᠰᠠᠷᠠᠬᠤ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠬᠢᠯᠡᠨ ᠪᠦᠳᠦᠭᠡᠨ | ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠣᠷᠣ ᠶᠢ 587 ᠰᠢᠨ᠎ᠡ ᠪᠠᠷ ᠨᠡᠮᠡᠭᠳᠡᠭᠦᠯᠪᠡ᠃ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠶᠠᠰᠤ ᠴᠢᠨᠠᠷ ᠪᠠ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ | ︽ᠴᠡᠴᠡᠷᠯᠢᠭ ᠲᠤ ᠣᠷᠣᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠪᠦᠲᠦᠮᠵᠢᠲᠡᠶ ᠪᠠᠷ ᠨᠠᠮᠳᠠᠭᠤᠯᠪᠡ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠩᠬᠡᠷᠡᠬᠦᠯᠬᠦ︾ ᠲᠦᠷᠦ ᠶᠢᠨ ᠪᠤᠳᠤᠯᠭ᠎ᠠ ᠶᠢ ᠪᠣᠳᠠᠲᠠᠶ ᠪᠠᠷ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠪᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠬᠢᠴᠢᠶᠡᠯ ᠰᠢᠨ᠎ᠡ ᠵᠢᠭᠠᠬᠤ ᠮᠠᠲ᠋ᠧᠷᠢᠶᠠᠯ ᠤᠨ | ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠪᠡ᠃ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠲᠡ ᠶᠢᠨ ᠪᠠᠶᠢᠷᠢ ᠶᠢᠨ | ᠠᠰᠠᠷ ᠢ ᠠᠰᠢᠭᠯᠠᠯᠲᠠ ᠳᠤ ᠣᠷᠣᠭᠤᠯᠵᠤ᠂ ᠵᠢᠭᠠᠨ ᠰᠤᠷᠭᠠᠯᠲᠠ ᠶᠢᠨ ᠠᠰᠠᠷ ᠢ ᠦᠨᠳᠦᠰᠦᠨ ᠳᠡᠭᠡᠨ ᠪᠠᠶᠢᠭᠤᠯᠵᠤ᠂ | ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠳᠤ ᠰᠠᠭᠤᠬᠤ ᠲᠦᠷᠢᠮ ᠤᠨ ᠥᠭᠡᠷᠡᠴᠢᠯᠡᠯᠲᠡ ᠶᠢ | ᠪᠡᠶᠡᠯᠡᠭᠦᠯᠪᠡ᠃ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ | ᠠᠰᠠᠷ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭᠠᠨ ᠤ ᠪᠠᠶᠢᠭᠤᠯᠵᠤ ᠳᠠᠭᠤᠰᠬᠠᠭᠠᠳ | ᠪᠠᠯᠠ ᠣᠷᠣᠭᠤᠯᠤᠨ ᠬᠡᠷᠡᠭᠯᠡᠬᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ | ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠨᠣᠷᠮ᠎ᠠ ᠪᠥᠬᠦ ᠣᠷᠣᠨ ᠤ | ᠨᠢᠭᠡᠳᠦᠭᠡᠷ ᠲᠤ ᠣᠷᠣᠵᠤ᠂ ᠠᠷᠠᠳ ᠲᠦᠮᠡᠨ ᠤ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠦᠢᠴᠡᠳᠬᠡᠯ ᠲᠤᠭ᠎ᠠ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠪᠥᠬᠦ ᠣᠷᠣᠨ ᠤ ᠡᠮᠦᠨ᠎ᠡ | ᠡᠩᠨᠡᠭᠡᠨ ᠳᠤ ᠣᠷᠣᠪᠠ᠃ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠪᠠᠷᠢᠮᠲᠠᠯᠠᠨ᠂ ︽ᠳᠥᠷᠪᠡᠨ ᠲᠠᠯ᠎ᠠ ᠶᠢᠨ | ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠬᠦ | ᠬᠠᠯᠬᠠᠪᠴᠢ ᠶᠢ ᠡᠷᠡᠰ ᠪᠠᠲᠤ ᠪᠠᠶᠢᠭᠤᠯᠤᠨ᠂ ᠠᠭᠤᠰᠬᠢᠨ ᠦᠷᠪᠢᠰᠦᠯ ᠤᠨ ᠰᠢᠨ᠎ᠡ ᠬᠢᠵᠢᠭ ︽ᠡᠭᠦᠰᠬᠦ ᠥᠬᠡᠶ︾ ᠪᠠᠶᠢᠬᠤ | ᠶᠢ ᠪᠠᠲᠤᠯᠠᠪᠠ᠃ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠰᠡᠳᠬᠢᠯ ᠢᠶᠠᠨ ᠨᠢᠭᠡᠳᠬᠡᠨ ᠬᠢᠵᠢᠭ ᠢ ᠡᠰᠡᠷᠭᠦᠴᠡᠵᠦ᠂ | ᠤᠷᠢᠳ ᠬᠤᠵᠢᠳ ᠡᠵᠡᠨ᠎ᠡ᠂ ᠮᠠᠨᠵᠤᠤᠷ ᠢ ᠲᠤᠰᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠷᠢᠭᠯᠠᠯᠳᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠦᠬᠠᠢ ᠶᠢᠨ ᠬᠦᠴᠦᠨ ᠴᠢᠳᠠᠯ ᠢᠶᠠᠨ ᠡᠷᠭᠦᠪᠡ᠃ | ︵ᠵᠢᠷᠭᠤᠭ᠎ᠠ︶ ᠨᠡᠶᠢᠭᠡᠮ ᠤᠨ ᠵᠠᠰᠠᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ᠬᠤᠳᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠪᠠᠶᠢᠭᠤᠯᠤᠯᠲᠠ ᠶᠢ ᠲᠦᠷᠭᠡᠳᠬᠡᠵᠦ᠂ | ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠬᠥᠨᠳᠡᠯᠡᠨ ᠢᠶᠠᠷ | ᠵᠠᠬ᠎ᠠ ᠬᠢᠵᠠᠭᠠᠷ ᠬᠦᠷᠬᠦ᠂ ᠭᠤᠯᠳᠤ ᠪᠠᠷ ᠡᠴᠦᠰ ᠲᠤᠨᠢ ᠲᠤᠯᠲᠠᠯ᠎ᠠ ᠦᠨᠳᠦᠰᠦᠨ ᠱᠠᠲᠤᠨ ᠤ ᠵᠠᠰᠠᠯᠲᠠ ᠶᠢᠨ ᠲᠣᠣᠷ ᠤᠨ | ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢ | ᠯᠠᠪᠳᠠᠭᠤᠨ ᠪᠣᠯᠭᠤᠮᠵᠢᠲᠠᠢ ᠪᠠᠷ ᠠᠬᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠡᠮᠬᠢ ᠵᠢᠷᠤᠮ ᠲᠠᠢ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠰᠢᠨ᠎ᠡ | ᠦᠷ᠎ᠡ ᠪᠦᠲᠦᠮᠵᠢ ᠤᠯᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢ 83.8 ᠳ᠋ᠦᠩᠰᠢᠭᠤᠷ ᠲᠥᠭᠦᠷᠢᠭ | ᠠᠷᠢᠯᠭᠠᠵᠤ᠂ ᠣᠷᠣᠨ ᠨᠤᠲᠤᠭ ᠤᠨ ᠬᠠᠤᠯᠢ ᠶᠢᠨ ᠬᠥᠮᠦᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ | ᠲᠦᠭᠰᠢᠭᠦᠷᠢ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠥᠷᠢ ᠥᠭᠴᠡᠭᠡᠨ ᠤ ᠠᠶᠤᠯ ᠲᠦᠭᠰᠢᠭᠦᠷᠢ ᠶᠢ | ᠪᠦᠲᠦᠮᠵᠢᠲᠡᠶ ᠰᠢᠢᠳᠪᠦᠷᠢᠯᠡᠪᠡ᠃ ᠠᠮᠤᠷ ᠠᠮᠤᠭᠤᠯᠠᠩ ᠦᠬᠠᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ︽ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠠᠷᠢᠯᠭᠠᠬᠤ︾ ᠲᠤᠰᠬᠠᠶ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ | ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨᠴᠢ ᠴᠢᠨᠠᠷᠲᠠᠶ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ | ᠢᠨᠵᠧᠨᠧᠷᠢᠩ ᠤᠯᠤᠰ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ︽ᠲᠡᠮᠦᠷ ᠢ ᠳᠠᠪᠲᠠᠬᠤ ᠳᠤ ᠥᠪᠡᠷ ᠢᠶᠠᠨ ᠬᠠᠲᠠᠭᠤ ᠪᠠᠶᠢᠬᠤ ᠬᠡᠷᠡᠭᠲᠡᠶ︾ | ᠭᠡᠳᠡᠭ ᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ | ᠴᠢᠩᠭᠠᠳᠬᠠᠪᠠ᠃ ᠢᠮᠠᠭᠲᠠ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ | ᠲᠣᠭᠲᠠᠭᠠᠬᠤ︾ ᠶᠢ ᠦᠨᠡᠨᠴᠢ ᠪᠠᠷ ᠬᠠᠮᠠᠭᠠᠯᠠᠵᠤ᠂ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ | ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ | ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶᠡᠨ ᠤ ᠪᠦᠬᠦ ᠶᠠᠪᠤᠴᠠ ᠳᠤ ᠡᠷᠡᠰ ᠭᠤᠶᠢᠪᠢᠰᠢ | ᠦᠭᠡᠢ ᠪᠠᠷ ᠲᠤᠤᠱᠯᠠᠭᠤᠯᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ 63 | ᠬᠤᠪᠢ ︽ᠪᠢ ᠤᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠦᠭᠬᠦ︾ ᠠᠷᠠᠳ ᠤᠨ ᠠᠮᠢᠳᠤᠷᠠᠯ ᠤᠨ | ᠭᠤᠣᠯᠳᠠᠯᠭ᠎ᠠ ᠲᠠᠢ ᠤᠴᠢᠷ ᠶᠠᠪᠤᠳᠠᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠴᠢᠬᠤᠯᠠ ᠶᠡᠭᠡ ᠤᠴᠢᠷ | ᠶᠠᠪᠤᠳᠠᠯ ᠢ ᠴᠠᠭ ᠲᠤᠬᠠᠶ ᠳᠤᠨᠢ ᠬᠤᠳᠠ ᠶᠢᠨ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠴᠤ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 241 ᠬᠤᠪᠢ | ᠰᠠᠨᠠᠭᠤᠯᠭ᠎ᠠ ᠰᠠᠨᠠᠯ ᠵᠥᠪᠯᠡᠯᠭᠡ ᠶᠢ ᠰᠢᠢᠳᠪᠦᠷᠢᠯᠡᠵᠦ᠂ ᠰᠡᠳᠬᠢᠯ ᠬᠠᠨᠤᠮᠵᠢᠲᠠᠶ ᠪᠠᠶᠢᠬᠤ ᠨᠤᠷᠮ᠎ᠠ 98% ᠠᠴᠠ | ᠳᠡᠭᠡᠭᠰᠢ ᠳᠤ ᠬᠦᠷᠪᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠱᠠᠳᠤ ᠱᠠᠳᠤ ᠪᠠᠷ ᠳᠠᠷᠤᠯᠲᠠ ᠦᠭᠴᠦ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠶ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠲᠥᠪ ᠤᠨ ᠲᠣᠭᠤᠷᠢᠨ ᠪᠠᠶᠢᠴᠠᠭᠠᠯᠲᠠ ᠵᠡᠷᠭᠡ | ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 88.8% ᠳᠤ ᠬᠦᠷᠴᠦ᠂ ᠨᠡᠶᠢᠲᠡ 22.8 | ᠳ᠋ᠦᠩᠰᠢᠭᠤᠷ ᠲᠥᠭᠦᠷᠢᠭ ᠤᠨ ᠬᠤᠬᠢᠷᠠᠯ ᠢ ᠨᠡᠬᠡᠮᠵᠢᠯᠡᠨ ᠬᠤᠷᠢᠶᠠᠪᠠ᠃ ᠠᠷᠠᠳ ᠤᠨ ᠠᠭᠠᠷ ᠤᠨ ᠰᠡᠷᠭᠡᠶᠢᠯᠡᠯᠲᠡ᠂ | ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠵᠢᠴᠢ ᠨᠡᠭᠡᠭᠡᠯᠲᠡ ᠶᠢᠨ ᠣᠷᠣᠨ᠂ ᠠᠮᠤ ᠪᠤᠳᠠᠭ᠎ᠠ ᠬᠤᠳᠠᠯᠳᠤᠨ | ᠠᠪᠬᠤ ᠪᠠ ᠪᠣᠷᠣᠯᠠᠭᠤᠯᠬᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠬᠦ᠂ ᠣᠯᠠᠨ ᠨᠡᠶᠢᠲᠡ ᠶᠢᠨ ᠰᠦᠢᠳᠭᠡᠯ | ᠬᠤᠷᠢᠶᠠᠬᠤ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠶᠢ ᠲᠤᠰᠬᠠᠶᠢᠯᠠᠨ ᠴᠡᠭᠴᠡᠯᠡᠨ | ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠡᠮᠬᠢ ᠵᠢᠷᠤᠮ ᠲᠠᠢ ᠠᠬᠢᠭᠤᠯᠪᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ | ᠴᠥᠬᠦᠷᠡᠰᠢ ᠦᠭᠡᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠪᠡ᠃ ᠲᠦᠷᠦᠭᠦᠯᠡᠨ ︽ᠭᠠᠮᠨᠠᠨ ᠠᠮᠢᠳᠤᠷᠠᠬᠤ︾ ᠶᠢ ᠪᠠᠷᠢᠮᠲᠠᠯᠠᠵᠤ᠂ ︽ᠭᠤᠷᠪᠠᠨ | ᠵᠦᠢᠯ ᠤᠨ ᠠᠯᠪᠠᠨ ᠤ ᠵᠠᠷᠤᠳᠠᠯ︾ ᠵᠡᠷᠭᠡ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠪᠡ᠃ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠭᠤᠷᠪᠠᠳᠤᠭᠠᠷ | ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠪᠦᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠮᠵᠢᠯᠳᠠ ᠲᠠᠢ ᠪᠡᠶᠡᠯᠡᠬᠦᠯᠪᠡ᠃ ᠠᠵᠢᠯᠴᠢᠨ ᠤ ᠡᠪᠯᠡᠯ᠂ | ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠵᠡᠷᠭᠡ ᠠᠷᠠᠳ ᠤᠨ ᠪᠦᠯᠬᠦᠮ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠶᠢ ᠳᠡᠮᠵᠢᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠤᠭ᠎ᠠ ᠪᠦᠷᠢᠳᠬᠡᠯ ᠬᠢᠨᠠᠨ | ᠪᠤᠳᠤᠯᠲᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠤᠬᠡ | ᠣᠶᠢᠯᠠᠯᠭ᠎ᠠ᠂ ᠪᠠᠶᠢᠭᠤᠯᠭ᠎ᠠ ᠶᠢᠨ ᠶᠠᠪᠤᠳᠠᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠵᠡᠮᠳᠡᠭᠴᠦᠳ ᠢ | ᠲᠡᠳᠬᠦᠬᠦ ᠵᠡᠮᠳᠡᠭᠴᠦᠳ ᠢ ᠲᠤᠰᠠᠯᠠᠬᠤ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠡᠷᠭᠡ ᠡᠯ᠎ᠡ ᠵᠦᠢᠯ ᠤᠨ ᠠᠵᠢᠯ ᠳᠤ | ᠰᠢᠨ᠎ᠡ ᠠᠮᠵᠢᠯᠲᠠ ᠪᠦᠲᠦᠮᠵᠢ ᠤᠯᠪᠠ᠃ | ᠲᠥᠯᠥᠭᠡᠯᠡᠭᠴᠢᠳ ᠡ︕ 2021 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠦᠭᠰᠡᠨ ᠨᠢ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠦᠷᠪᠡᠨ ᠵᠢᠯ ᠤᠨ ᠲᠤᠰᠢᠶᠠᠯ ᠤᠨ | ᠬᠤᠭᠤᠴᠠᠭ᠎ᠠ ᠪᠠᠨ ᠲᠡᠭᠦᠰ ᠠᠮᠵᠢᠯᠲᠠ ᠲᠠᠢ ᠲᠡᠭᠦᠰᠭᠡᠭᠰᠡᠨ ᠢ ᠲᠤᠰᠬᠠᠵᠠᠢ᠃ ᠥᠩᠭᠡᠷᠡᠭᠰᠡᠨ ᠳᠥᠷᠪᠡᠨ ᠵᠢᠯ ᠢᠶᠠᠨ | ᠡᠷᠭᠢᠴᠡᠭᠦᠯᠪᠡᠯ᠂ ᠪᠢᠳᠡ ᠨᠠᠮ ᠪᠠᠶᠢᠭᠤᠯᠤᠭᠳᠠᠭᠰᠠᠨ 100 ᠵᠢᠯ ᠤᠨ ᠣᠶ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 70 ᠵᠢᠯ ᠤᠨ ᠣᠶ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠶ ᠵᠡᠷᠭᠡ ᠠᠯᠢ | ᠣᠯᠠᠨ ᠪᠡᠯᠭᠡᠯᠡᠬᠦ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ︽ᠤᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠨᠠᠮ ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠬᠤᠷᠸ᠎ᠠ ᠠᠵᠤ ᠠᠬᠤᠢ ᠶᠢᠨ ᠪᠠᠭᠤᠷᠠᠯᠲᠠ | ᠵᠡᠷᠭᠡ ᠶᠢᠨ ᠲᠠᠭᠠᠷᠢᠯᠳᠠ ᠶᠢᠨ ᠨᠥᠯᠥᠭᠡ ᠶᠢ ᠬᠦᠴᠦᠲᠡᠢ ᠠᠷᠭᠠᠴᠠᠭᠠᠵᠤ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠡᠭᠦᠷᠭᠡ ᠬᠠᠷᠢᠭᠤᠴᠠᠯᠭ᠎ᠠ ᠶᠢ | ᠵᠣᠷᠢᠭᠲᠠᠢ ᠪᠠᠷ ᠡᠭᠦᠷᠭᠡᠯᠡᠵᠦ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ | ᠲᠠᠰᠤᠷᠠᠯᠳᠠ ᠦᠭᠡᠢ ᠰᠢᠨ᠎ᠡ ᠪᠠᠶᠢᠳᠠᠯ ᠢ ᠡᠭᠦᠳᠴᠦ᠂ ᠰᠢᠨ᠎ᠡ ᠳᠠᠪᠠᠯᠲᠠ ᠶᠢ ᠪᠡᠶᠡᠯᠡᠭᠦᠯᠬᠦ ᠶᠢ ᠠᠬᠢᠭᠤᠯᠪᠠ᠃ | ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠲᠤᠬᠠᠶ ᠠᠯᠢ ᠣᠯᠠᠨ | ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠪᠢᠳᠡᠨ ᠳᠤ ︽ᠦᠬᠠᠶ | ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ︾ ᠭᠡᠵᠦ | ᠨᠠᠶᠢᠳᠠᠵᠤ᠂ ᠪᠢᠳᠡᠨ ᠤ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ | ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠬᠤᠳᠠ ᠪᠠᠷ ᠢᠶᠠᠨ ᠢᠳᠡᠭᠡᠯ ᠢᠶᠠᠨ ᠬᠤᠪᠢ ᠲᠠᠬᠢᠨ ᠪᠠᠳᠣᠳᠬᠠᠵᠤ᠂ ᠵᠤᠷᠢᠭ | ᠢᠶᠠᠨ ᠬᠤᠪᠢ ᠲᠠᠬᠢᠨ ᠬᠦᠪᠴᠢᠯᠡᠵᠦ᠂ ᠡᠷᠴᠢ ᠵᠣᠷᠢᠭ ᠢᠶᠠᠨ ᠬᠤᠪᠢ ᠲᠠᠬᠢᠨ ᠨᠡᠮᠡᠭᠳᠡᠭᠦᠯᠵᠦ᠂ ᠰᠢᠨ᠎ᠡ ᠠᠶᠠᠨ ᠵᠠᠮ ᠳᠤ | ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠪᠡ᠃ ᠦᠬᠠᠢ ᠶᠢᠨ ᠤᠴᠢᠷ ᠶᠠᠪᠤᠳᠠᠯ ᠢ ᠰᠠᠶᠢᠲᠤᠷ ᠬᠢᠬᠦ ᠳᠤ᠂ ᠡᠷᠬᠡᠪᠰᠢ ᠢᠮᠠᠭᠲᠠ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠠᠵᠢᠯᠯᠠᠭᠠᠨ ᠤ ᠵᠦᠭᠯᠡᠭᠦᠷ ᠪᠣᠯᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠡᠷᠡᠰ ᠭᠤᠶᠢᠪᠢᠰᠢ ᠦᠭᠡᠢ ᠪᠠᠷ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ | ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ | ᠬᠥᠲᠥᠯᠪᠦᠷᠢ ᠶᠣᠰᠣᠭᠠᠷ ᠡᠷᠡᠯᠬᠡᠭᠯᠡᠨ ᠤᠷᠤᠭᠰᠢᠯᠠᠬᠤ ᠬᠡᠷᠡᠭᠲᠡᠢ︔ ᠡᠷᠬᠡᠪᠰᠢ ᠢᠮᠠᠭᠲᠠ ᠬᠥᠭᠵᠢᠯᠲᠡ ᠶᠢ ᠲᠡᠷᠢᠭᠦᠨ | ᠴᠢᠬᠤᠯᠠ ᠡᠭᠦᠷᠭᠡ ᠪᠣᠯᠭᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ | ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠥᠴᠦᠬᠡᠨ ᠴᠦ ᠲᠠᠲᠠᠭᠠᠯᠵᠠᠯ ᠦᠭᠡᠢ ᠪᠠᠷ ᠲᠡᠷᠢᠭᠦᠨ ᠳᠤ ᠲᠠᠯᠪᠢᠵᠤ᠂ ᠬᠥᠭᠵᠢᠯᠲᠡ ᠶᠢᠨ ᠲᠡᠩᠴᠡᠭᠦᠷᠢ ᠦᠭᠡᠢ | ᠭᠦᠢᠴᠡᠳ ᠦᠭᠡᠢ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ︔ ᠡᠷᠬᠡᠪᠰᠢ ᠢᠮᠠᠭᠲᠠ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠠᠷᠠᠳ ᠲᠦᠮᠡᠨ ᠤ | ᠠᠮᠤᠷ ᠲᠦᠪᠰᠢᠨ ᠠᠶᠤᠯ ᠲᠦᠭᠰᠢᠭᠦᠷᠢ᠂ ᠠᠮᠤᠷ ᠲᠠᠶᠢᠪᠤᠩ ᠠᠵᠤ ᠲᠦᠷᠦᠭᠦ ᠶᠢ ᠴᠠᠭ ᠢᠮᠠᠭᠲᠠ ᠰᠡᠳᠬᠢᠯ ᠳᠡᠭᠡᠨ | ᠪᠤᠳᠤᠵᠤ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ | ᠂ ᠠᠷᠠᠳ ᠤᠯᠠᠨ ᠳᠤ ᠬᠤᠪᠢᠷᠠᠯᠲᠠ ᠶᠢ ᠬᠠᠷᠠᠭᠤᠯᠵᠤ᠂ ᠪᠣᠳᠠᠲᠤ ᠠᠰᠢᠭ ᠬᠦᠷᠲᠡᠭᠡᠬᠦ ᠬᠡᠷᠡᠭᠲᠡᠢ︔ ᠡᠷᠬᠡᠪᠰᠢ ᠢᠮᠠᠭᠲᠠ | ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠪᠠᠷ ᠶᠠᠪᠤᠳᠠᠯ ᠪᠦᠲᠦᠭᠡᠬᠦ ᠶᠢᠨ ᠰᠠᠭᠤᠷᠢ ᠪᠣᠯᠭᠠᠵᠤ᠂ | ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ | ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠴᠢᠩᠭ᠎ᠠ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ ᠠᠵᠢᠯᠯᠠᠵᠤ᠂ ᠠᠤᠭ᠎ᠠ ᠶᠡᠭᠡ ᠵᠢᠷᠤᠭ ᠲᠥᠯᠥᠪᠯᠡᠭᠡ ᠶᠢ ᠰᠠᠶᠢᠨ | ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ | ᠲᠦᠷᠪᠡᠨ ᠵᠢᠯ ᠤᠨ ᠬᠥᠭᠵᠢᠯᠲᠡ ᠪᠡᠷᠭᠡᠰᠢᠶᠡᠯ ᠬᠠᠳᠠᠭᠤᠵᠢᠯᠳᠠᠢ︔ ᠲᠦᠷᠪᠡᠨ ᠵᠢᠯ ᠤᠨ ᠴᠢᠷᠮᠠᠶᠢᠯᠭ᠎ᠠ ᠡᠯᠪᠡᠭ | ᠬᠤᠷᠢᠶᠠᠯᠲᠠ ᠲᠠᠢ᠃ ᠡᠳᠡᠭᠡᠷ ᠠᠮᠵᠢᠯᠲᠠ ᠶᠢ ᠣᠯᠤᠭᠰᠠᠨ ᠤ ᠬᠠᠮᠤᠭ ᠤᠨ ᠦᠨᠳᠦᠰᠦᠨ ᠵᠦᠢᠯ ᠨᠢ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠬᠤᠳᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ᠂ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ | ᠪᠣᠯᠤᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ | ᠪᠤᠰᠤ ᠬᠥᠮᠦᠰ ᠵᠢᠴᠢ ᠥᠩᠭᠡᠷᠡᠭᠰᠡᠨ ᠤ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠤᠨ ᠬᠦᠴᠦᠲᠡᠢ ᠳᠡᠮᠵᠢᠯᠭᠡ | ᠠᠴᠠ ᠰᠠᠯᠵᠤ ᠴᠢᠳᠠᠬᠤ ᠦᠭᠡᠢ᠂ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠤ ᠦᠷᠭᠦᠯᠵᠢᠯᠡᠭᠰᠡᠨ | ᠲᠡᠮᠡᠴᠡᠯ ᠠᠴᠠ ᠰᠠᠯᠵᠤ ᠴᠢᠳᠠᠬᠤ ᠦᠭᠡᠢ᠂ ᠦᠬᠠᠢ ᠳᠤ ᠢᠷᠡᠭᠰᠡᠨ ᠪᠡᠯᠡ ᠣᠷᠣᠭᠤᠯᠤᠭᠴᠢᠳ ᠤᠨ ᠴᠢᠩ | ᠰᠡᠳᠬᠢᠯ ᠠᠴᠠ ᠪᠠᠨ ᠬᠠᠮᠲᠤᠪᠠᠷ ᠪᠠᠶᠢᠭᠤᠯᠤᠭᠰᠠᠨ ᠪᠠ ᠥᠷᠭᠡᠨ ᠤᠯᠠᠨ ᠬᠥᠳᠡᠯᠮᠦᠷᠢᠴᠢᠳ ᠤᠨ ᠪᠦᠬᠦ | ᠬᠦᠴᠦ ᠪᠠᠷ ᠢᠶᠠᠨ ᠵᠢᠳᠬᠦᠭᠰᠡᠨ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ | ᠲᠥᠯᠥᠭᠡᠯᠡᠭᠴᠢᠳ᠂ ᠭᠡᠰᠢᠭᠦᠳ᠂ ᠦᠬᠠᠢ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠤᠷᠤᠭᠰᠢᠯᠠᠯᠲᠠ ᠶᠢᠨ ᠵᠠᠮ ᠢᠯᠭᠤᠮ ᠤᠷᠤᠭᠰᠢᠲᠠᠢ ᠪᠠᠶᠢᠵᠤ ᠴᠢᠳᠠᠬᠤ ᠦᠭᠡᠢ᠂ | ᠣᠳᠣᠬᠠᠨ ᠳᠤ ᠦᠬᠠᠢ ᠶᠠᠭ ᠲᠦᠢᠯ ᠤᠨ ᠬᠦᠴᠢᠷ ᠪᠡᠷᠬᠡᠰᠢᠶᠡᠯ ᠲᠠᠢ ᠪᠥᠭᠡᠳ ᠲᠦᠢᠯ ᠤᠨ ᠴᠢᠬᠤᠯᠠ ᠬᠡᠯᠪᠡᠷᠢ ᠪᠠᠨ | ᠬᠤᠪᠢᠷᠠᠭᠤᠯᠬᠤ ᠬᠤᠭᠤᠴᠠᠭᠠᠨ ᠳᠤ ᠣᠷᠣᠰᠢᠵᠤ᠂ ᠠᠵᠢᠯ ᠤᠨ ᠳᠤᠮᠳᠠ ᠪᠠᠰᠠ ᠮᠠᠰᠢ ᠤᠯᠠᠨ ᠬᠦᠴᠢᠷᠳᠡᠯ ᠪᠠ | ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠤᠯᠪᠠ᠄ ᠠᠵᠤ ᠦᠢᠯᠡᠰ ᠤᠨ ᠪᠦᠲᠦᠴᠡ ᠶᠢᠨ | ᠡᠨᠧᠷᠭᠢ ᠳᠤ ᠲᠦᠰᠢᠭᠯᠡᠬᠦ ᠬᠦᠨᠲᠤ ᠠᠵᠤ ᠦᠢᠯᠡᠳᠪᠦᠷᠢ ᠳᠤ ᠲᠦᠰᠢᠭᠯᠡᠬᠦ᠂ ᠰᠢᠨ᠎ᠡ ᠬᠠᠭᠤᠴᠢᠨ ᠬᠥᠳᠡᠯᠭᠡᠬᠦ | ᠡᠨᠧᠷᠭᠢ ᠶᠢᠨ ᠰᠣᠯᠢᠭᠳᠠᠯ ᠰᠢᠯᠤᠭᠤᠨ ᠪᠤᠰᠣ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ | ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠡᠬᠢ ᠪᠠᠶᠠᠯᠢᠭ ᠣᠷᠴᠢᠨ | ᠠᠬᠤᠶ ᠶᠢᠨ ᠡᠯᠧᠮᠧᠨ᠋ᠲ ᠤᠨ ᠬᠢᠵᠠᠭᠠᠷᠯᠠᠯ ᠴᠢᠩᠭᠠᠷᠠᠬᠤ ᠬᠠᠨᠳᠤᠰᠢ ᠲᠠᠢ ᠪᠤᠯᠵᠤ᠂ ᠪᠣᠬᠢᠷᠲᠤᠯ ᠦᠭᠡᠢ ᠲᠤᠤᠷ᠎ᠠ | ᠨᠡᠭᠦᠷᠡᠰᠦᠲᠥ᠋ᠷᠥᠭᠴᠢᠲᠤ ᠬᠥᠭᠵᠢᠯᠲᠡ ᠳᠤ ᠪᠠᠰᠠ ᠮᠠᠰᠢ ᠤᠯᠠᠨ ᠪᠡᠷᠬᠡ ᠰᠡᠳᠦᠪ ᠢ ᠰᠢᠢᠳᠪᠦᠷᠢᠯᠡᠬᠦ ᠴᠢᠬᠤᠯᠠᠲᠠᠶ | ᠪᠠᠶᠢᠨ᠎ᠠ︔ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠴᠢᠳᠠᠪᠤᠷᠢ ᠴᠢᠩᠭ᠎ᠠ ᠪᠢᠰᠢ᠂ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠳᠤ ᠪᠠᠰᠠ ᠬᠦᠴᠦ ᠣᠷᠣᠭᠤᠯᠬᠤ ᠴᠢᠬᠤᠯᠠᠲᠠᠢ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠳᠤᠲᠠᠭᠤᠳᠠᠯ ᠢ ᠨᠥᠬᠦᠪᠥᠷᠢᠯᠡᠬᠦ ᠴᠢᠬᠤᠯᠠᠲᠠᠢ ᠪᠠᠶᠢᠨ᠎ᠠ︔ ᠡᠳ᠋ ᠤᠨ ᠵᠠᠰᠠᠭ | ᠮᠥᠩᠭᠦᠨ ᠭᠦᠢᠯᠭᠡᠭᠡ᠂ ᠠᠮᠤᠷ ᠲᠦᠪᠰᠢᠨ ᠲᠣᠭᠲᠠᠭᠤᠨ ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢᠨ ᠲᠠᠯᠳᠠ ᠭᠡᠮ ᠢ | ᠣᠮᠲᠣᠭᠠᠶᠢᠯᠠᠵᠤ ᠪᠣᠯᠤᠰᠢ ᠦᠭᠡᠢ᠂ ᠨᠡᠶᠢᠭᠡᠮ ᠤᠨ ᠵᠠᠰᠠᠯᠲᠠ ᠶᠢᠨ ᠪᠠᠭᠤᠷᠠᠶ ᠲᠠᠯ᠎ᠠ ᠶᠢ ᠴᠢᠩᠭᠠᠳᠬᠠᠬᠤ ᠴᠢᠬᠤᠯᠠᠲᠠᠶ | ᠪᠠᠶᠢᠨ᠎ᠠ︔ ᠰᠤᠷᠭᠠᠨ ᠬᠥᠮᠦᠵᠢᠯ ᠡᠮ ᠡᠮᠨᠡᠯᠭᠡ᠂ ᠨᠠᠰᠤᠲᠠᠨ ᠢ ᠠᠰᠠᠷᠠᠵᠤ ᠬᠡᠦᠬᠡᠳ ᠢ ᠰᠠᠭᠠᠲᠠᠭᠤᠯᠬᠤ ᠵᠡᠷᠭᠡ ᠤᠯᠠᠨ | ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠨᠢ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠵᠣᠬᠢᠴᠠᠬᠤ ᠦᠭᠡᠢ ᠪᠠᠶᠢᠵᠤ᠂ ᠠᠳᠠᠯᠢ ᠲᠡᠭᠰᠢ ᠪᠣᠯᠭᠠᠬᠤ | ᠲᠦᠪᠰᠢᠨ ᠢᠶᠠᠨ ᠲᠦᠷᠭᠡᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠣᠨᠴᠠ ᠵᠠᠷᠢᠮ ᠺᠠᠳ᠋ᠷ ᠤᠨ ᠦᠵᠡᠯ ᠰᠠᠨᠠᠭ᠎ᠠ | ᠣᠶᠢᠯᠠᠭᠠᠭᠳᠠᠬᠤᠨ᠂ ᠤᠶᠤᠨ ᠰᠠᠨᠠᠭᠠᠨ ᠤ ᠳᠦᠷᠰᠦ ᠪᠠᠶᠢᠳᠠᠯ᠂ ᠴᠢᠳᠠᠪᠤᠷᠢ ᠬᠡᠪ ᠴᠢᠨᠠᠷ ᠨᠢ ᠰᠢᠨ᠎ᠡ ᠪᠠᠶᠢᠳᠠᠯ ᠰᠢᠨ᠎ᠡ | ᠱᠠᠭᠠᠷᠳᠠᠯᠭ᠎ᠠ ᠶᠢ ᠳᠠᠭᠠᠵᠤ ᠠᠮᠵᠢᠬᠤ ᠦᠭᠡᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠮᠥᠨ ᠯᠡ | ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠡᠭᠦᠨ ᠳᠤ ᠪᠢᠳᠡ ᠵᠠᠪᠠᠯ ᠬᠦᠴᠢᠷ ᠪᠡᠷᠬᠡᠰᠢᠶᠡᠯ ᠠᠴᠠ ᠠᠶᠤᠬᠤ | ᠦᠭᠡᠢ ᠰᠥᠰᠥ ᠵᠣᠷᠢᠭ᠂ ᠰᠢᠨᠲᠠᠷᠠᠰᠢ ᠦᠭᠡᠢ ᠬᠠᠳᠠᠨ ᠵᠣᠷᠢᠭ ᠢᠶᠠᠷ ᠪᠦᠬᠦ ᠬᠦᠴᠦᠨ ᠴᠢᠳᠠᠯ ᠢᠶᠠᠨ ᠰᠢᠪᠬᠠᠨ | ᠰᠢᠢᠳᠪᠦᠷᠢᠯᠡᠵᠦ᠂ ᠠᠷᠠᠳ ᠤᠨ ᠵᠠᠰᠠᠭ ᠤᠨ ᠣᠷᠳᠣᠨ ᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ | ᠦᠭᠡᠢ ᠪᠣᠯᠭᠠᠬᠤ ᠬᠡᠷᠡᠭᠲᠡᠶ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ ᠱᠠᠭᠠᠷᠳᠠᠯᠭ᠎ᠠ | ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠡᠬᠢᠯᠡᠯᠲᠡ ᠶᠢᠨ ᠴᠢᠬᠤᠯᠠ ᠴᠠᠭ ᠬᠤᠭᠤᠴᠠᠭ᠎ᠠ ᠪᠣᠯᠤᠨ᠎ᠠ᠂ ᠮᠥᠨᠴᠦ ᠦᠬᠠᠢ ᠶᠢᠨ ᠦᠢᠯᠡᠰ ᠪᠦᠲᠦᠭᠡᠬᠦ | ᠶᠡᠭᠡ ᠡᠷᠡᠮᠡᠯᠵᠡᠯ ᠲᠠᠢ ᠵᠠᠩᠭᠢᠯᠠᠭ᠎ᠠ ᠶᠢᠨ ᠠᠵᠠ ᠲᠣᠬᠢᠶᠠᠯᠳᠤ ᠬᠤᠭᠤᠴᠠᠭ᠎ᠠ᠂ ᠠᠵᠢᠯ ᠬᠢᠵᠦ ᠦᠢᠯᠡᠰ ᠪᠤᠰᠬᠠᠬᠤ | ᠬᠥᠭᠵᠢᠯᠲᠡ ᠶᠢᠨ ᠰᠢᠵᠢᠷ ᠠᠯᠳᠠᠨ ᠬᠤᠭᠤᠴᠠᠭ᠎ᠠ᠂ ᠤᠷᠤᠭᠰᠢᠯᠠᠬᠤ ᠦᠭᠡᠢ ᠪᠣᠯ ᠤᠬᠤᠷᠢᠬᠤ ᠬᠡᠯᠪᠡᠷᠢ ᠪᠠᠨ | ᠬᠤᠪᠢᠷᠠᠭᠤᠯᠤᠨ ᠪᠣᠭᠤᠮᠲᠠ ᠰᠢᠪᠲᠤᠯᠬᠤ ᠬᠤᠭᠤᠴᠠᠭ᠎ᠠ ᠪᠣᠯᠤᠨ᠎ᠠ᠃ ᠶᠡᠭᠡ ᠪᠠᠶᠢᠳᠠᠯ ᠶᠡᠭᠡ ᠬᠠᠨᠳᠤᠰᠢ ᠶᠢ ᠠᠵᠢᠭᠯᠠᠪᠠᠯ | ᠂ ᠪᠢᠳᠡᠨ ᠳᠤ ᠪᠠᠶᠢᠳᠠᠯ ᠢ ᠲᠠᠭᠠᠨ ᠠᠵᠢᠯᠯᠠᠬᠤ ᠡᠷᠬᠢᠮ ᠨᠠᠨᠳᠢᠨ ᠠᠵᠠ ᠲᠣᠬᠢᠶᠠᠯ ᠲᠤᠯᠭᠠᠷᠠᠵᠤ ᠪᠠᠶᠢᠨ᠎ᠠ᠃ ᠣᠳᠣᠬᠠᠨ | ᠳᠤ ᠳᠡᠯᠡᠬᠡᠢ ᠳᠤ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ ᠲᠦᠷᠭᠡᠳᠴᠦ᠂ ᠡᠷᠡᠨ ᠵᠠᠭᠤᠨ ᠤ | ᠬᠢᠵᠢᠭ ᠤᠨ ᠪᠠᠶᠢᠳᠠᠯ ᠤᠨ ᠨᠥᠯᠥᠭᠡ ᠭᠦᠨ ᠭᠦᠨᠵᠡᠭᠡᠢ ᠪᠠᠶᠢᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠠᠭ ᠢᠳᠡ ᠬᠥᠭ ᠲᠠᠢ ᠶᠠᠪᠤᠭᠳᠠᠵᠤ ᠪᠤᠢ︔ | ᠮᠠᠨ ᠤ ᠤᠯᠤᠰ ᠤᠨ ᠬᠥᠭᠵᠢᠯᠲᠡ ᠮᠥᠨ ᠬᠦ ᠪᠠᠶᠢᠯᠳᠤᠬᠤ ᠪᠤᠳᠤᠯᠭ᠎ᠠ ᠶᠢᠨ ᠴᠢᠬᠤᠯᠠ ᠠᠵᠠ ᠲᠣᠬᠢᠶᠠᠯᠳᠤ | ᠬᠤᠭᠤᠴᠠᠭᠠᠨ ᠳᠤ ᠣᠷᠣᠰᠢᠵᠤ᠂ ᠠᠵᠤ ᠠᠬᠤᠶ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠢᠶᠠᠷ ᠴᠢᠩᠭ᠎ᠠ᠂ | ᠬᠥᠳᠡᠯᠭᠡᠬᠦ ᠬᠦᠴᠦᠨ ᠢᠶᠠᠷ ᠴᠢᠩᠭ᠎ᠠ᠂ ᠲᠠᠯᠳᠠ ᠬᠦᠴᠦᠨ ᠢᠶᠠᠷ ᠶᠡᠭᠡ᠂ ᠤᠷᠳᠤ ᠬᠤᠭᠤᠴᠠᠭ᠎ᠠ ᠪᠠᠷ ᠰᠠᠶᠢᠵᠢᠷᠠᠬᠤ | ᠦᠨᠳᠦᠰᠦᠨ ᠪᠠᠶᠢᠳᠠᠯ ᠬᠤᠪᠢᠷᠠᠭ᠎ᠠ ᠦᠭᠡᠢ ᠪᠠᠶᠢᠨ᠎ᠠ᠃ ᠤᠯᠤᠰ ᠠᠴᠠ ︽ᠨᠢᠭᠡ ᠪᠦᠰᠡ ᠨᠢᠭᠡ ᠵᠠᠮ︾ ᠤᠨ ᠪᠦᠳᠦᠭᠡᠨ | ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ | ᠨᠡᠭᠡᠭᠡᠨ ᠬᠥᠭᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ | ᠦᠷᠭᠦᠯᠵᠢᠯᠡᠬᠦ ᠬᠥᠭᠵᠢᠯᠲᠡ ᠶᠢ ᠬᠦᠴᠦᠯᠡᠨ ᠠᠬᠢᠭᠤᠯᠵᠤ᠂ ᠪᠢᠳᠡᠨ ᠤ ᠬᠥᠭᠵᠢᠯᠲᠡ ᠶᠢᠨ ᠲᠡᠩᠴᠡᠭᠦᠷᠢ ᠦᠭᠡᠢ | ᠭᠦᠢᠴᠡᠳ ᠦᠭᠡᠢ ᠠᠰᠠᠭᠤᠳᠠᠯ ᠢ ᠰᠢᠢᠳᠪᠦᠷᠢᠯᠡᠬᠦ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠭᠤᠯᠬᠤ ᠳᠤ ᠰᠠᠶᠢᠨ ᠰᠠᠶᠢᠬᠠᠨ ᠲᠦᠷᠦ ᠶᠢᠨ ᠪᠤᠳᠤᠯᠭ᠎ᠠ ᠶᠢᠨ ᠣᠷᠴᠢᠨ ᠲᠤᠭᠤᠷᠢᠨ ᠢ ᠬᠠᠩᠭᠠᠪᠠ︔ | ᠢᠯᠠᠩᠭᠤᠶ᠎ᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠭᠰᠡᠨ ᠨᠢ | ᠪᠢᠳᠡᠨ ᠤ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠴᠢᠬᠤᠯᠠ ᠶᠡᠭᠡ ᠠᠵᠠ | ᠲᠣᠬᠢᠶᠠᠯ ᠬᠠᠩᠭᠠᠭᠰᠠᠨ ᠪᠠᠶᠢᠨ᠎ᠠ᠃ ᠪᠦᠬᠦ ᠣᠷᠣᠨ ᠤ ᠬᠥᠭᠵᠢᠯᠲᠡ ᠶᠢ ᠠᠵᠢᠭᠯᠠᠪᠠᠯ᠂ ᠪᠢᠳᠠ ᠢᠯᠠᠯᠲᠠ ᠶᠢᠨ ᠡᠷᠴᠢᠨ | ᠳᠡᠭᠡᠷ᠎ᠡ ᠪᠠᠨ ᠤᠷᠤᠭᠰᠢᠯᠠᠬᠤ ᠠᠰᠢᠭᠲᠠᠢ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠰᠢ ᠶᠢᠨ ᠫᠢᠩ ᠶᠡᠷᠦᠩᠬᠡᠶ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ︽ᠬᠤᠶᠠᠷ | ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠭᠤᠣᠯᠳᠠᠯᠭ᠎ᠠ ᠲᠠᠢ ᠡᠭᠦᠷᠭᠡ ᠶᠢ | ᠪᠦᠬᠦ ᠲᠠᠯ᠎ᠠ ᠪᠠᠷ ᠪᠠᠶᠢᠷᠢᠯᠠᠭᠤᠯᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ | ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ | ᠭᠦᠨᠵᠡᠭᠡᠶᠢᠷᠡᠭᠦᠯᠵᠦ᠂ ᠳᠤᠮᠳᠠ ᠪᠠᠷᠠᠭᠤᠨ ᠬᠡᠰᠡᠭ ᠤᠨ ᠠᠶᠢᠮᠠᠭ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ | ᠶᠡᠭᠡ ᠬᠠᠮᠠᠭᠠᠯᠠᠯᠲᠠ ᠶᠡᠭᠡ ᠵᠠᠰᠠᠯᠲᠠ ᠶᠢ ᠰᠠᠶᠢᠲᠤᠷ ᠠᠳᠬᠤᠬᠤ ᠶᠢ ᠲᠡᠷᠢᠭᠦᠨ ᠳᠤ ᠲᠠᠯᠪᠢᠬᠤ ᠶᠢ ᠳᠥᠯᠭᠢᠨ | ᠠᠬᠢᠭᠤᠯᠵᠤ᠂ ᠪᠠᠷᠠᠭᠤᠨ ᠬᠡᠰᠡᠭ ᠤᠨ ᠠᠶᠢᠮᠠᠭ ᠬᠤᠲᠠ ᠶᠢᠨ ᠠᠵᠤ ᠦᠢᠯᠡᠰ ᠤᠨ ᠳᠠᠪᠬᠤᠴᠠᠨ ᠣᠷᠣᠯᠠᠬᠤ | ᠠᠯᠬᠤᠴᠠ ᠪᠠᠨ ᠲᠦᠷᠭᠡᠳᠬᠡᠬᠦ ᠶᠢ ᠳᠡᠮᠵᠢᠨ᠎ᠡ ᠭᠡᠵᠦ ᠲᠣᠳᠣᠷᠬᠠᠶ ᠳᠤᠷᠠᠳᠤᠨ ᠭᠠᠷᠭᠠᠪᠠ᠃ ᠪᠢᠳᠡᠨ ᠤ ᠪᠡᠶᠡᠴᠢ | ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ᠂ ᠰᠠᠶᠢᠨ ᠲᠠᠢ ᠲᠠᠯ᠎ᠠ ᠪᠠᠨ | ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠬᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠪᠴᠢᠯᠡᠨ | ᠠᠬᠢᠭᠤᠯᠬᠤ ᠳᠤ ᠴᠢᠭᠯᠡᠯ ᠪᠠ ᠠᠷᠭ᠎ᠠ ᠵᠠᠮ ᠢ ᠲᠣᠳᠣᠷᠬᠠᠶᠢᠯᠠᠵᠤ᠂ ᠠᠰᠢᠭᠲᠠᠶ ᠨᠥᠬᠦᠴᠡᠯ ᠢ ᠬᠠᠩᠭᠠᠭᠰᠠᠨ ᠪᠠᠶᠢᠨ᠎ᠠ᠃ | ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠪᠡᠯ᠂ ᠪᠢᠳᠡᠨ ᠳᠤ ᠬᠦᠴᠦᠨ ᠢᠶᠠᠨ ᠲᠥᠪᠯᠡᠷᠡᠭᠦᠯᠦᠨ ᠬᠦᠭᠵᠢᠬᠦᠯᠬᠦ | ᠪᠠᠲᠤ ᠪᠠᠬᠢ ᠰᠠᠭᠤᠷᠢ ᠲᠠᠢ ᠶᠤᠮ᠃ ᠣᠯᠠᠨ ᠵᠢᠯ ᠤᠨ ᠦᠷᠭᠦᠯᠵᠢᠯᠡᠭᠰᠡᠨ ᠴᠢᠷᠮᠠᠶᠢᠯᠭ᠎ᠠ ᠪᠠᠷ ᠳᠡᠮᠵᠢᠨ᠂ ᠮᠠᠨ ᠤ | ᠬᠤᠲᠠ ᠶᠢᠨ ᠬᠥᠭᠵᠢᠯᠲᠡ ᠶᠢᠨ ᠣᠶᠢᠯᠠᠭᠠᠭᠳᠠᠬᠤᠨ᠂ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ | ᠬᠤᠪᠢᠷᠠᠭᠤᠯᠵᠤ᠂ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠨᠥᠯᠥᠭᠡᠯᠡᠬᠦ ᠪᠦᠲᠦᠴᠡ ᠶᠢᠨ ᠴᠢᠨᠠᠷᠲᠠᠶ ᠠᠰᠠᠭᠤᠳᠠᠯ ᠢ | ᠶᠠᠭ ᠠᠯᠬᠤᠮ ᠠᠯᠬᠤᠮ ᠢᠶᠠᠷ ᠰᠢᠢᠳᠪᠦᠷᠢᠯᠡᠵᠦ᠂ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠠᠰᠢᠭᠲᠠᠶ | ᠨᠥᠬᠦᠴᠡᠯ ᠢ ᠶᠠᠭ ᠲᠠᠰᠤᠷᠠᠯᠲᠠ ᠦᠭᠡᠢ ᠬᠤᠷᠠᠮᠳᠤᠭᠤᠯᠵᠤ᠂ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ | ᠪᠤᠶᠢᠵᠢᠭᠤᠯᠤᠨ ᠪᠦᠷᠢᠯᠳᠦᠭᠦᠯᠵᠦ᠂ ᠬᠥᠭᠵᠢᠯᠲᠡ ᠶᠢᠨ ᠣᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ | ᠳᠡᠭᠡᠭᠰᠢᠯᠡᠭᠦᠯᠵᠦ᠂ ᠪᠢᠳᠡᠨ ᠤ ᠰᠢᠨ᠎ᠡ ᠬᠥᠭᠵᠢᠯᠲᠡ ᠶᠢᠨ ᠱᠠᠲᠤᠨ ᠳᠤ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠳᠤ | ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠢᠯᠠᠩᠭᠤᠶ᠎ᠠ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ︽ᠨᠢᠭᠡ ᠵᠢᠷᠤᠮᠯᠠᠯ ᠢ ᠪᠠᠷᠢᠮᠲᠠᠯᠠᠵᠤ᠂ ᠨᠢᠭᠡ ᠭᠤᠣᠯ ᠱᠤᠭᠤᠮ ᠢ | ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠳᠥᠯᠭᠢᠨ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ | ᠪᠡᠶᠡᠯᠡᠭᠦᠯᠬᠦ︾ ᠶᠡᠷᠦᠩᠬᠡᠶ ᠬᠥᠭᠵᠢᠯᠲᠡ ᠶᠢᠨ ᠰᠡᠳᠬᠢᠴᠡ ᠶᠢ ᠲᠣᠭᠲᠠᠭᠠᠭᠰᠠᠨ ᠶᠤᠮ᠃ ᠬᠥᠭᠵᠢᠯᠲᠡ ᠶᠢᠨ ᠬᠠᠷᠠᠯᠲᠠ | ᠪᠠᠨ ᠤᠯᠠᠮ ᠴᠢᠨᠠᠭᠰᠢᠳᠠ ᠳᠠᠬᠢᠨ ᠱᠤᠭᠤᠵᠤ᠂ ᠬᠥᠭᠵᠢᠯᠲᠡ ᠶᠢᠨ ᠵᠠᠮ ᠢᠶᠠᠨ ᠰᠢᠯᠤᠭᠤᠳᠬᠠᠵᠤ᠂ ᠬᠥᠭᠵᠢᠯᠲᠡ ᠶᠢᠨ | ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠪᠢᠳᠡᠨ ᠤ ᠰᠢᠨ᠎ᠡ ᠴᠠᠭ ᠦᠶ᠎ᠡ ᠶᠢᠨ ︽ᠰᠢᠯᠭᠠᠯᠲᠠ ᠳᠤ ᠣᠷᠣᠯᠴᠠᠬᠤ ᠵᠠᠮ︾ | ᠢᠶᠠᠷ ᠰᠠᠶᠢᠲᠤᠷ ᠵᠠᠮᠨᠠᠬᠤ ᠳᠤ ᠵᠠᠪᠠᠯ ᠢᠯᠠᠬᠤ ᠢᠲᠡᠭᠡᠯ ᠵᠣᠷᠢᠭ ᠢ ᠪᠠᠲᠤᠳᠬᠠᠵᠤ᠂ ᠤᠶᠤᠨ ᠤᠬᠠᠭᠠᠨ ᠬᠦᠴᠦᠨ | ᠴᠢᠳᠠᠯ ᠢ ᠨᠢᠭᠲᠠᠷᠠᠭᠤᠯᠵᠤ᠂ ᠬᠦᠴᠦᠷᠬᠡᠭ ᠶᠡᠭᠡ ᠬᠦᠴᠦᠨ ᠴᠢᠳᠠᠯ ᠢ ᠬᠤᠷᠠᠮᠳᠤᠭᠤᠯᠵᠠᠢ᠃ ᠪᠠᠶᠢᠳᠠᠯ ᠢ ᠠᠵᠢᠭᠯᠠᠬᠤ ᠨᠢ | ᠮᠡᠷᠭᠡᠨ᠂ ᠪᠠᠶᠢᠳᠠᠯ ᠢ ᠡᠵᠡᠮᠳᠡᠬᠦ ᠨᠢ ᠢᠯᠠᠨ᠎ᠠ᠃ ᠪᠢᠳᠡ ᠵᠠᠪᠠᠯ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ | ᠪᠠᠭᠲᠠᠭᠠᠵᠤ᠂ ︽ᠤᠯᠤᠰ ᠤᠨ ᠶᠡᠭᠡ ᠶᠠᠪᠣᠳᠠᠯ︾ ᠢ ᠪᠠᠲᠤ ᠴᠡᠭᠡᠵᠢᠯᠡᠵᠦ᠂ ᠴᠠᠭ ᠦᠶ᠎ᠡ ᠶᠢᠨ ᠶᠡᠭᠡ ᠬᠠᠨᠳᠤᠰᠢ ᠶᠢ | ᠡᠵᠡᠮᠳᠡᠵᠦ᠂ ᠬᠥᠭᠵᠢᠯᠲᠡ ᠶᠢᠨ ᠲᠡᠷᠢᠭᠦᠨ ᠲᠣᠬᠢᠶᠠᠯ ᠢ ᠵᠠᠪᠳᠤᠨ ᠡᠵᠡᠯᠡᠵᠦ᠂ ᠡᠭᠦᠷᠭᠡ ᠬᠠᠷᠢᠭᠤᠴᠠᠯᠭ᠎ᠠ ᠪᠠᠨ | ᠦᠨᠡᠨᠴᠢ ᠪᠠᠷ ᠡᠭᠦᠷᠭᠡᠯᠡᠵᠦ᠂ ᠦᠨᠡᠨ ᠪᠣᠳᠠᠲᠠᠶ ᠪᠠᠷ ᠠᠵᠢᠯᠯᠠᠵᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ | ᠬᠥᠭᠵᠢᠯᠲᠡ ᠶᠢᠨ ᠰᠢᠨ᠎ᠡ ᠣᠷᠣᠨ ᠵᠠᠶ ᠶᠢ ᠲᠠᠰᠤᠷᠠᠯᠳᠠ ᠦᠭᠡᠢ ᠥᠷᠭᠡᠳᠬᠡᠨ᠂ ᠬᠥᠭᠵᠢᠯᠲᠡ ᠶᠢᠨ ᠰᠢᠨ᠎ᠡ | ᠳᠠᠪᠠᠭᠤᠯᠢᠭ ᠢ ᠪᠤᠢ ᠪᠣᠯᠭᠠᠵᠤ᠂ ᠬᠥᠭᠵᠢᠯᠲᠡ ᠶᠢᠨ ᠰᠢᠨ᠎ᠡ ᠠᠬᠤᠶ ᠪᠠᠶᠢᠳᠠᠯ ᠢ ᠨᠡᠭᠡᠭᠡᠬᠦ ᠬᠡᠷᠡᠭᠲᠡᠶ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠳᠥᠷᠪᠡᠨ | ᠤᠬᠠᠮᠰᠠᠷ︾ ᠢᠶᠠᠨ ᠲᠠᠰᠤᠷᠠᠯᠲᠠ ᠦᠭᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ | ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ | ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠶᠢ ᠤᠬᠠᠮᠰᠠᠷ ᠠᠴᠠ ᠪᠠᠨ ᠳᠠᠭᠠᠵᠤ ᠲᠡᠭᠦᠨ ᠳᠤ ᠦᠢᠯᠡᠴᠢᠯᠡᠵᠦ᠂ ︽ᠦᠬᠠᠢ ᠵᠢᠴᠢ ᠡᠷᠬᠢᠨ | ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ︾᠂ ᠠᠮᠢ ᠠᠬᠤᠢ ᠶᠢ ᠣᠷᠢᠳᠠᠪᠡᠷ | ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ | ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠠᠶᠠᠨ ᠵᠠᠮ ᠳᠤ | ᠦᠬᠠᠢ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠬᠤᠶᠢᠰᠢᠳᠠ ᠶᠢᠨ ᠲᠠᠪᠤᠨ ᠵᠢᠯ ᠤᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠵᠢᠯ ᠪᠦᠷᠢ ᠳᠤᠮᠳᠠᠴᠢ ᠪᠠᠷ 5% ᠣᠷᠴᠢᠮ ᠢᠶᠠᠷ ᠨᠡᠮᠡᠭᠳᠡᠭᠦᠯᠦᠨ᠎ᠡ︔ | ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 12% ᠢᠶᠠᠷ | ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠤᠷᠮ᠎ᠠ ᠶᠢ 6% ᠶᠢᠨ | ᠳᠣᠲᠣᠷ᠎ᠠ ᠬᠢᠵᠠᠭᠠᠷᠯᠠᠵᠤ᠂ ᠬᠤᠳᠠ ᠪᠠᠯᠭᠠᠰᠤᠨ ᠤ ᠵᠢᠯ ᠳᠤᠮᠳᠠᠴᠢ ᠶᠢᠨ ᠰᠢᠨ᠎ᠡ ᠠᠵᠢᠯ ᠣᠯᠭᠤᠯᠲᠠ ᠶᠢ 4500 | ᠬᠦᠮᠦᠨ ᠠᠴᠠ ᠳᠡᠭᠡᠭᠰᠢ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ | ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠪᠠ ᠠᠮᠢᠳᠤᠷᠠᠯ ᠤᠨ ᠬᠢᠷᠢ ᠬᠡᠮᠵᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠶᠡᠬᠡᠪᠡᠷ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠪᠣᠯᠤᠨ ᠭᠤᠣᠯ ᠬᠠᠷᠠᠯᠲᠠ ᠶᠢᠨ ᠲᠣᠭᠤᠷᠢᠨ ᠳᠤ᠂ | ᠬᠤᠶᠢᠰᠢᠳᠠ ᠶᠢᠨ ᠲᠠᠪᠤᠨ ᠵᠢᠯ ᠳᠤ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ | ᠵᠠᠰᠠᠯᠲᠠ ᠶᠢ ᠠᠬᠢᠭᠤᠯᠬᠤ ᠲᠠᠯ᠎ᠠ ᠪᠠᠷ ᠭᠤᠣᠯᠳᠠᠯᠭ᠎ᠠ ᠲᠠᠢ ᠪᠠᠷ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ | ᠬᠡᠷᠡᠭᠵᠢᠭᠦᠯᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠨ᠎ᠡ᠃ | — ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ ᠠᠮᠢ ᠠᠬᠤᠢ ᠶᠢ ᠣᠷᠢᠳᠠᠪᠡᠷ | ᠪᠤᠲᠤᠯᠭᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠶᠢ ᠪᠠᠲᠤ ᠡᠵᠡᠮᠳᠡᠵᠦ᠂ | ᠬᠤᠷᠳᠤᠴᠠ ᠶᠢᠨ ᠰᠡᠳᠬᠢᠯᠭᠡ᠂ ᠠᠷᠭ᠎ᠠ ᠵᠠᠮ ᠤᠨ ᠲᠦᠰᠢᠭᠯᠡᠯ ᠠᠴᠠ ᠲᠦᠢᠯᠪᠤᠷᠢᠲᠠᠢ ᠠᠩᠭᠢᠵᠢᠷᠠᠵᠤ᠂ | ᠬᠥᠭᠵᠢᠯᠲᠡ ᠶᠢᠨ ᠣᠶᠢᠯᠠᠭᠠᠭᠳᠠᠬᠤᠨ᠂ ᠬᠥᠭᠵᠢᠯᠲᠡ ᠶᠢᠨ ᠠᠷᠭ᠎ᠠ ᠵᠠᠮ᠂ ᠬᠥᠭᠵᠢᠯᠲᠡ ᠶᠢᠨ ᠠᠷᠭ᠎ᠠ ᠬᠡᠯᠪᠡᠷᠢ᠂ | ᠬᠥᠭᠵᠢᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠬᠤᠪᠢᠷᠠᠭᠤᠯᠬᠤ ᠶᠢ ᠠᠬᠢᠭᠤᠯᠵᠤ᠂ ᠤᠳᠤᠷᠢᠳᠤᠮᠵᠢ ᠶᠢᠨ | ᠱᠠᠭᠠᠷᠳᠠᠯᠭ᠎ᠠ ᠳᠤ ᠨᠡᠶᠢᠴᠡᠭᠰᠡᠨ᠂ ᠴᠠᠭ ᠦᠶ᠎ᠡ ᠶᠢᠨ ᠣᠨᠴᠠᠯᠢᠭ ᠢ ᠢᠯᠡᠷᠡᠭᠦᠯᠦᠭᠰᠡᠨ᠂ ᠦᠬᠠᠢ ᠶᠢᠨ ᠣᠨᠴᠠᠯᠢᠭ ᠲᠠᠢ | ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠴᠢᠷᠮᠠᠶᠢᠨ ᠰᠦᠪᠡᠭᠴᠢᠯᠡᠵᠦ ᠨᠡᠭᠡᠭᠡᠨ᠎ᠡ᠃ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ | ᠪᠦᠬᠦ ᠭᠠᠵᠠᠷ ᠣᠷᠣᠨ ᠢᠶᠠᠷ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠪᠣᠬᠢᠷᠲᠤᠯ ᠦᠭᠡᠶ ᠪᠠᠷ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠶᠢ ᠪᠦᠬᠦ ᠬᠦᠷᠢᠶ᠎ᠡ ᠪᠦᠬᠦ | ᠶᠠᠪᠤᠴᠠ ᠪᠠᠷ ᠠᠬᠢᠭᠤᠯᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ | ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠶ ᠲᠥᠯᠥᠪᠯᠡᠵᠦ | ᠂ ᠠᠮᠢ ᠠᠬᠤᠶ ᠶᠢᠨ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠢᠯᠡᠳᠲᠡ | ᠦᠷ᠎ᠡ ᠪᠦᠲᠦᠮᠵᠢ ᠣᠯᠵᠤ᠂ ᠪᠣᠶ ᠪᠥᠬᠦᠶ ᠦᠢᠯᠡᠳᠪᠦᠷᠢᠯᠡᠵᠤ ᠪᠠᠶᠢᠭ᠎ᠠ ᠠᠭᠤᠷᠬᠠᠶ ᠶᠢ ᠴᠥᠮ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠠᠭᠤᠷᠬᠠᠶ ᠶᠢᠨ ᠡᠷᠬᠡ ᠶᠢ ᠡᠮᠬᠢᠯᠡᠨ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠠᠵᠢᠯ ᠢ ᠪᠥᠬᠦ | ᠲᠠᠯ᠎ᠠ ᠪᠠᠷ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ 84. | 1% ᠳᠤ ᠬᠦᠷᠴᠦ᠂ ᠭᠠᠵᠠᠷ ᠳᠡᠭᠡᠷᠡᠬᠢ ᠤᠰᠤᠨ ᠤ ᠰᠢᠯᠢᠳᠡᠭ ᠤᠰᠤᠨ ᠴᠣᠭᠴᠠ ᠶᠢᠨ ᠬᠠᠷᠢᠴᠠᠯ 50% ᠠᠴᠠ | ᠳᠡᠭᠡᠭᠰᠢ ᠳᠤ ᠬᠦᠷᠴᠦ᠂ ᠲᠩᠷᠢ ᠶᠢ ᠨᠠᠩ ᠬᠥᠬᠡᠮᠳᠦᠭ᠂ ᠤᠰᠤ ᠶᠢ ᠨᠠᠩ ᠨᠣᠭᠤᠭᠠᠨ᠂ ᠠᠭᠠᠷ ᠢ ᠨᠠᠩ ᠴᠡᠪᠡᠷ | ᠲᠤᠩᠭᠠᠯᠠᠭ ᠪᠣᠯᠭᠠᠪᠠ︔ ︽ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ | ᠡᠨᠧᠷᠭᠢ ᠶᠢᠨ ᠬᠤᠷᠣᠭᠳᠠᠭᠤᠯᠤᠯ ᠢ 20% ᠠᠴᠠ ᠳᠡᠭᠡᠭᠰᠢ ᠪᠠᠭᠤᠷᠠᠭᠤᠯᠵᠤ᠂ ᠠᠩᠬᠠᠳᠠᠭᠴᠢ ᠡᠨᠧᠷᠭᠢ ᠶᠢᠨ | ᠰᠤᠷᠪᠤᠯᠵᠢ ᠶᠢᠨ ᠬᠡᠷᠡᠭᠯᠡᠭᠡᠨ ᠳᠠᠬᠢ ᠴᠢᠯᠠᠭᠤᠵᠢᠮᠠᠯ ᠤᠨ ᠪᠤᠰᠤ ᠡᠨᠧᠷᠭᠢ ᠶᠢᠨ ᠰᠤᠷᠪᠤᠯᠵᠢ ᠶᠢᠨ ᠡᠵᠡᠯᠡᠬᠦ ᠬᠤᠪᠢ ᠶᠢᠨ | ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠪᠴᠢᠯᠡᠨ ᠪᠤᠢ ᠪᠣᠯᠭᠠᠵᠤ᠂ ᠠᠷᠠᠳ ᠲᠦᠮᠡᠨ ᠤ ᠰᠠᠶᠢᠨ | ᠰᠠᠶᠢᠬᠠᠨ ᠠᠮᠢ ᠠᠬᠤᠶ ᠶᠢᠨ ᠣᠷᠴᠢᠨ ᠲᠤᠭᠤᠷᠢᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ᠃ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ | ᠣᠷᠣᠯᠠᠭᠤᠯᠤᠯᠲᠠ ᠶᠢᠨ ᠠᠯᠬᠤᠴᠠ ᠪᠠᠨ ᠲᠦᠷᠭᠡᠳᠬᠡᠵᠦ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ | ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠶᠢ ᠪᠡᠶᠡᠯᠡᠭᠦᠯᠵᠦ᠂ ᠰᠠᠯᠭᠢ ᠬᠡᠷᠡᠯ ᠤᠰᠤᠲᠥ᠋ᠷᠥᠭᠴᠢ ᠡᠨᠧᠷᠭᠢ ᠶᠢ | ᠨᠥᠭᠡᠴᠡᠯᠡᠨ ᠬᠡᠷᠡᠭᠯᠡᠬᠦ ᠶᠢ ᠨᠢᠭᠡ ᠴᠣᠠᠠᠴᠠᠵᠢᠭᠤᠯᠥᠠᠠᠰᠠᠨ ᠰᠢᠨ᠎ᠡ ᠡᠨᠧᠷᠭᠢ ᠶᠢᠨ ᠰᠤᠷᠪᠤᠯᠵᠢ᠂ ᠵᠠᠳᠠᠷᠠᠵᠤ ᠪᠣᠯᠬᠤ | ᠰᠦᠯᠢᠶᠣᠣ ᠪᠠᠷ ᠭᠤᠤᠯ ᠴᠢᠭᠯᠡᠯ ᠪᠣᠯᠭᠠᠭᠰᠠᠨ ᠰᠢᠨ᠎ᠡ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ | ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢ 180 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠵᠦ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠣᠭᠠᠵᠢᠭᠤᠯᠬᠤ ᠨᠣᠷᠮ᠎ᠠ ᠶᠢ | 60% ᠠᠴᠠ ᠳᠡᠭᠡᠭᠰᠢ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠡᠬᠢ ᠪᠠᠶᠠᠯᠢᠭ ᠤᠨ ᠬᠡᠯᠪᠡᠷᠢ ᠶᠢᠨ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠥᠭᠡᠷᠡᠴᠢᠯᠡᠯᠲᠡ ᠪᠠᠷ ᠠᠬᠢᠭᠤᠯᠬᠤ᠂ ᠨᠡᠭᠡᠭᠡᠯᠲᠡ ᠪᠠᠷ | ᠳᠠᠶᠢᠴᠢᠯᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠤ ᠠᠮᠢᠵᠢᠷᠠᠯ ᠤᠨ | ᠬᠦᠴᠦᠨ ᠢ ᠴᠢᠩᠭᠠᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠨ ᠦᠢᠯᠡᠴᠢᠯᠡᠨ᠎ᠡ᠃ | — ᠴᠢᠨᠠᠷ ᠰᠠᠶᠢᠲᠠᠶ ᠠᠮᠢᠳᠤᠷᠠᠯ ᠢ ᠭᠦᠨᠵᠡᠭᠡᠶ ᠠᠬᠢᠭᠤᠯᠤᠨ᠎ᠠ᠃ ᠠᠷᠠᠳ ᠲᠦᠮᠡᠨ ᠢ ᠳᠡᠭᠡᠳᠦᠯᠡᠬᠦ ᠶᠢ | ᠪᠠᠷᠢᠮᠲᠠᠯᠠᠵᠤ᠂ ᠠᠷᠠᠳ ᠲᠦᠮᠡᠨ ᠢ ᠴᠢᠩᠭ᠎ᠠ ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ | ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠰᠠᠶᠢᠲᠠᠢ ᠠᠮᠢᠳᠤᠷᠠᠯ ᠤᠨ ᠵᠢᠱᠢᠶ᠎ᠡ ᠦᠵᠡᠭᠦᠯᠬᠦ ᠬᠤᠰᠢᠭᠤᠴᠢ ᠤᠷᠤᠨ ᠢ | ᠴᠢᠷᠮᠠᠶᠢᠨ ᠪᠠᠶᠢᠭᠤᠯᠵᠤ᠂ ᠬᠠᠮᠲᠤᠪᠠᠷ ᠪᠠᠶᠠᠵᠢᠨ ᠴᠢᠨᠡᠭᠡᠯᠢᠭᠵᠢᠬᠦ ᠵᠢᠱᠢᠶ᠎ᠡ ᠦᠵᠡᠭᠦᠯᠬᠦ ᠬᠤᠰᠢᠭᠤᠴᠢ ᠬᠤᠲᠠ ᠶᠢ ᠪᠦᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ ᠠᠵᠢᠯ ᠣᠯᠭᠤᠯᠲᠠ ᠶᠢᠨ ᠪᠠᠭᠲᠠᠭᠠᠮᠵᠢ ᠶᠢ | ᠨᠡᠮᠡᠭᠳᠡᠭᠦᠯᠦᠨ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠨ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠤᠨ | ᠬᠡᠪᠴᠢᠶ᠎ᠡ ᠶᠢ ᠥᠷᠭᠡᠳᠬᠡᠵᠦ᠂ ᠣᠷᠣᠯᠭ᠎ᠠ ᠪᠠᠭᠠᠲᠠᠶ ᠬᠠᠮᠲᠤᠯᠢᠭ ᠤᠨ ᠣᠷᠣᠯᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠠᠮᠢ ᠨᠠᠰᠤᠨ ᠤ ᠪᠦᠬᠦ ᠦᠶᠡᠯᠡᠯ ᠤᠨ | ᠬᠤᠭᠤᠴᠠᠭᠠᠨ ᠤ ᠪᠠᠲᠤᠯᠠᠭ᠎ᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠶᠠᠰᠤ | ᠴᠢᠨᠠᠷ ᠪᠠ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ | ᠨᠡᠩ ᠰᠢᠯᠢᠳᠡᠭ ᠪᠣᠯᠬᠤ ᠶᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠨᠠᠶᠢᠳᠠᠨ ᠬᠥᠮᠦᠵᠢᠭᠦᠯᠬᠦ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠨᠠᠶᠢᠳᠠᠨ ᠬᠥᠮᠦᠵᠢᠭᠦᠯᠬᠦ | ᠦᠢᠯᠡᠴᠢᠯᠡᠭᠡᠨ ᠤ ᠰᠢᠰᠲ᠋ᠧᠮᠵᠢ ᠶᠢ 50% ᠳᠤ ᠬᠦᠷᠦᠭᠦᠯᠦᠨ᠎ᠡ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠱᠠᠲᠤᠨ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠡᠤᠬᠡᠳ ᠤᠨ | ᠴᠡᠴᠡᠷᠯᠢᠭ ᠤᠨ ᠡᠵᠡᠯᠡᠬᠦ ᠬᠠᠷᠢᠴᠠᠯ ᠢ 25% ᠠᠴᠠ ᠲᠡᠭᠡᠭᠰᠢ ᠪᠤᠯᠭᠠᠵᠤ᠂ ᠭᠤᠷᠪᠠᠨ ᠲᠣᠭᠤᠷᠢᠭ ᠢ ᠴᠥᠮ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ | ᠲᠤᠭᠤᠷᠢᠭ ᠪᠣᠯᠭᠠᠨ ᠡᠭᠦᠳᠦᠨ ᠪᠠᠶᠢᠭᠤᠯᠵᠤ᠂ ᠰᠢᠨ᠎ᠡ ᠬᠢᠴᠢᠶᠡᠯ ᠰᠢᠨ᠎ᠡ ᠵᠢᠭᠠᠬᠤ ᠮᠠᠲ᠋ᠧᠷᠢᠶᠠᠯ ᠤᠨ ᠵᠢᠱᠢᠶ᠎ᠡ | ᠦᠵᠡᠭᠦᠯᠬᠦ ᠲᠤᠭᠤᠷᠢᠭ ᠪᠠ ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠳᠤ ᠢᠯᠡᠳᠲᠡ ᠦᠷ᠎ᠡ | ᠪᠦᠲᠦᠮᠵᠢ ᠤᠯᠬᠤ ᠶᠢ ᠠᠬᠢᠭᠤᠯᠤᠨ᠂ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠡᠷᠡᠭᠯᠡᠭᠡᠨ ᠤ | ᠬᠡᠯᠪᠡᠷᠢ ᠶᠢᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠪᠣᠯᠭᠠᠨ ᠪᠠᠶᠢᠭᠤᠯᠤᠨ᠎ᠠ᠃ ᠡᠷᠡᠭᠦᠯ ᠮᠡᠨᠲᠤ ᠦᠬᠠᠢ ᠶᠢᠨ | ᠠᠵᠢᠯᠯᠠᠭ᠎ᠠ ᠶᠢ ᠬᠡᠷᠡᠭᠵᠢᠭᠦᠯᠵᠦ᠂ ᠳᠡᠭᠡᠳᠦ ᠲᠡᠰ ᠳᠠᠪᠬᠤᠷᠭ᠎ᠠ ᠶᠢᠨ ᠠᠨᠠᠭᠠᠬᠤ ᠤᠬᠠᠭᠠᠨ ᠤ ᠴᠢᠳᠠᠪᠤᠷᠢᠲᠠᠨ ᠤ ᠡᠵᠡᠯᠡᠬᠦ | ᠬᠠᠷᠢᠴᠠᠯ ᠢ 20% ᠳᠤ ᠬᠦᠷᠭᠡᠵᠦ᠂ ᠲᠦᠮᠡᠨ ᠬᠥᠮᠦᠨ ᠪᠦᠷᠢ ᠳᠤ ᠪᠦᠬᠦ ᠰᠠᠯᠠᠭᠠᠨ ᠤ ᠡᠮᠴᠢ ᠲᠠᠢ ᠬᠥᠮᠦᠨ ᠤ | ᠲᠤᠭ᠎ᠠ ᠶᠢ 3.2 ᠬᠥᠮᠦᠨ ᠳᠤ ᠬᠦᠷᠭᠡᠵᠦ᠂ ᠪᠦᠬᠦ ᠬᠤᠳᠠ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠲᠦᠪᠰᠢᠨ ᠢ 30% ᠳᠤ ᠬᠦᠷᠭᠡᠨ᠎ᠡ᠃ ᠵᠣᠯ ᠵᠢᠷᠭᠠᠯᠲᠤ ᠨᠠᠰᠤᠵᠢᠯ ᠤᠨ ᠠᠰᠠᠷᠠᠮᠵᠢ ᠶᠢᠨ | ᠢᠨᠵᠧᠨᠧᠷᠢᠩ ᠢ ᠲᠦᠯᠬᠢᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ | ᠣᠷᠣᠯᠴᠠᠭᠰᠠᠨ ᠨᠤᠷᠮ᠎ᠠ ᠶᠢ 90% ᠠᠴᠠ ᠳᠡᠭᠡᠭᠰᠢ ᠳᠤ ᠬᠦᠷᠭᠡᠵᠦ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ | ᠠᠰᠠᠷᠠᠨ ᠰᠤᠪᠢᠯᠠᠬᠤ᠂ ᠡᠷᠡᠭᠦᠯᠵᠢᠭᠦᠯᠬᠦ᠂ ᠨᠠᠰᠤ ᠨᠥᠭᠴᠢᠬᠦ ᠦᠶ᠎ᠡ ᠶᠢᠨ ᠬᠠᠯᠠᠮᠵᠢᠯᠠᠯ ᠤᠨ ᠡᠮᠴᠢᠯᠡᠭᠡ ᠪᠠ | ᠨᠠᠰᠤᠵᠢᠯ ᠤᠨ ᠠᠰᠠᠷᠠᠮᠵᠢ ᠶᠢ ᠤᠶᠠᠯᠳᠤᠭᠤᠯᠤᠭᠰᠠᠨ ᠨᠢᠭᠡ ᠴᠤᠭᠴᠠᠵᠢᠭᠤᠯᠤᠭᠰᠠᠨ ᠦᠢᠯᠡᠴᠢᠯᠡᠭᠡᠨ ᠤ ᠪᠠᠶᠢᠷᠢᠰᠢᠯ ᠢ | ᠠᠩᠬ᠎ᠠ ᠠᠯᠬᠤᠮ ᠪᠤᠢ ᠪᠣᠯᠭᠠᠨ᠎ᠠ᠃ ᠬᠤᠳᠠ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠬᠤᠳᠠ ᠶᠢᠨ | ᠰᠢᠨᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠢᠨ ᠾᠧ ᠶᠢᠨ ᠬᠤᠶᠠᠳᠤᠭᠠᠷ | ᠬᠤᠭᠤᠴᠠᠭᠠᠨ ᠤ ᠭᠤᠶᠤ ᠰᠠᠶᠢᠬᠠᠨ ︽ᠬᠤᠳᠠ ᠶᠢᠨ ᠵᠤᠴᠢᠯᠠᠬᠤ ᠲᠢᠩᠬᠢᠮ︾ ᠢ ᠴᠣᠭᠴᠠᠯᠠᠵᠤ᠂ ᠪᠦᠬᠦ ᠤᠯᠤᠰ ᠤᠨ | ᠪᠣᠯᠪᠠᠰᠤᠨ ᠬᠤᠳᠠ ᠶᠢ ᠪᠠᠶᠢᠩᠭᠤᠵᠢᠭᠤᠯᠤᠨ ᠪᠠᠶᠢᠭᠤᠯᠵᠤ᠂ ᠬᠤᠳᠠ ᠶᠢᠨ ᠰᠣᠶᠣᠯ ᠤᠨ ᠬᠡᠪ ᠨᠠᠮᠪᠠ ᠶᠢ ᠬᠠᠳᠠᠭᠠᠯᠠᠵᠤ᠂ | ᠠᠮᠢᠳᠤᠷᠠᠯ ᠤᠨ ᠣᠷᠴᠢᠨ ᠲᠣᠭᠤᠷᠢᠨ ᠢ ᠣᠷᠣᠰᠢᠨ ᠰᠠᠭᠤᠬᠤ ᠳᠤ ᠨᠡᠩ ᠲᠠᠭᠠᠯᠠᠮᠵᠢᠲᠠᠢ ᠪᠣᠯᠭᠠᠬᠤ ᠶᠢ ᠠᠬᠢᠭᠤᠯᠤᠨ᠎ᠠ᠃ | ᠣᠷᠣᠨ ᠪᠦᠰᠡ ᠶᠢᠨ ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠵᠤ᠂ | ᠳᠡᠭᠡᠳᠦ ᠬᠤᠷᠳᠣᠴᠠᠲᠤ ᠲᠡᠮᠦᠷ ᠵᠠᠮ ᠤᠨ ᠲᠣᠣᠷ ᠢ ᠲᠦᠷᠭᠡᠪᠴᠢᠯᠡᠨ ᠪᠠᠶᠢᠭᠤᠯᠵᠤ᠂ ᠵᠠᠰᠠᠮᠠᠯ ᠵᠠᠮ ᠤᠨ ᠲᠣᠣᠷ᠂ ᠪᠦᠬᠦ | ᠲᠠᠯ᠎ᠠ ᠶᠢᠨ ᠠᠭᠠᠷ ᠤᠨ ᠠᠶᠠᠯᠠᠯ ᠤᠨ ᠲᠣᠣᠷ ᠢ ᠥᠷᠭᠡᠨ ᠢᠶᠠᠷ ᠬᠠᠮᠤᠷᠤᠨ᠎ᠠ᠃ ᠤᠯᠠᠨ ᠪᠡᠶᠡᠴᠢ ᠴᠣᠭᠴᠠ ᠠᠴᠠ | ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ | ᠴᠢᠬᠤᠯᠠᠴᠢᠯᠠᠬᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢ 2015 ᠢᠵᠢ ᠰᠢᠨ᠎ᠡ ᠪᠠᠷ ᠨᠡᠮᠡᠭᠳᠡᠭᠦᠯᠵᠦ᠂ 186 ᠬᠠᠭᠤᠴᠢᠨ ᠵᠢᠵᠢᠭ | ᠲᠣᠭᠤᠷᠢᠭ᠂ 8239 ᠢᠵᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠣᠷᠣᠨ ᠰᠠᠭᠤᠴᠠ ᠶᠢ | ᠥᠭᠡᠷᠡᠴᠢᠯᠡᠨ ᠵᠠᠰᠠᠬᠤ ᠶᠢ ᠪᠡᠶᠡᠯᠡᠬᠦᠯᠦᠨ᠎ᠡ᠃ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ︽ᠨᠢᠭᠡ ᠮᠥᠴᠡ︾ ᠶᠢᠨ ᠨᠡᠶᠢᠭᠡᠮ ᠲᠣᠭᠤᠷᠢᠭ ᠤᠨ ᠠᠮᠢᠳᠤᠷᠠᠯ ᠤᠨ | ᠦᠢᠯᠡᠴᠢᠯᠡᠭᠡᠨ ᠤ ᠲᠣᠭᠤᠷᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠬᠥᠳᠡᠭᠡ ᠶᠢᠨ ᠬᠥᠭᠵᠢᠯᠲᠡ ᠶᠢᠨ | ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠥᠳᠡᠭᠡ | ᠲᠣᠰᠬᠤᠨ ᠢᠶᠠᠷ ᠬᠤᠳᠠ ᠶᠢ ᠠᠬᠢᠭᠤᠯᠬᠤ᠂ ᠬᠤᠳᠠ ᠬᠥᠳᠡᠭᠡ ᠶᠢ ᠬᠠᠷᠢᠯᠴᠠᠨ ᠠᠬᠢᠭᠤᠯᠬᠤ ᠬᠤᠳᠠ ᠬᠥᠳᠡᠭᠡ ᠶᠢ ᠨᠢᠭᠡ | ᠴᠤᠬᠴᠠᠵᠢᠭᠤᠯᠤᠨ ᠬᠥᠭᠵᠢᠭᠦᠯᠬᠦ ᠪᠠᠶᠢᠷᠢᠰᠢᠯ ᠢ ᠪᠠᠶᠢᠭᠤᠯᠤᠨ᠎ᠠ᠃ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ | ᠰᠠᠶᠢᠲᠤᠷ ᠠᠳᠬᠤᠵᠤ᠂ 5 — 8 ᠵᠠᠭᠤᠨ ᠮᠥ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ ᠪᠠᠲᠤᠯᠠᠬᠤ ᠰᠠᠭᠤᠷᠢᠨ | ᠭᠠᠵᠠᠷ ᠢ ᠠᠯᠬᠤᠮ ᠬᠤᠪᠢᠶᠠᠨ ᠪᠥᠲᠥᠭᠡᠨ ᠪᠠᠶᠢᠭᠤᠯᠵᠤ᠂ ᠢᠳᠡᠰᠢᠨ ᠨᠣᠭᠤᠭ᠎ᠠ ᠶᠢᠨ ᠥᠪᠡᠷ ᠢ ᠪᠠᠨ ᠬᠠᠩᠭᠠᠬᠤ | ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | — ᠴᠢᠨᠠᠷ ᠰᠠᠶᠢᠳᠠᠢ ᠵᠠᠰᠠᠯᠲᠠ ᠶᠢ ᠭᠦᠨᠵᠡᠭᠡᠢ ᠠᠬᠢᠭᠤᠯᠤᠨ᠎ᠠ᠃ ᠬᠠᠮᠲᠤ ᠪᠠᠷ ᠪᠠᠶᠢᠭᠤᠯᠬᠤ ᠬᠠᠮᠲᠤ ᠪᠠᠷ | ᠵᠠᠰᠠᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ | ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ | ᠴᠣᠭᠴᠠ ᠶᠢ ᠪᠠᠶᠢᠭᠤᠯᠤᠨ᠎ᠠ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ | ᠲᠦᠷᠭᠡᠳᠬᠡᠵᠦ᠂ ᠲᠦᠷᠢᠮ ᠤᠨ ᠪᠠᠶᠢᠭᠤᠯᠤᠯᠲᠠ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠵᠠᠰᠠᠯᠲᠠ ᠶᠢᠨ ᠰᠢᠰᠲ᠋ᠧᠮ ᠤᠨ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠪᠦᠬᠦ | ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ | ᠲᠡᠩᠴᠡᠭᠰᠡᠨ ᠬᠤᠳᠠ ᠶᠢ ᠡᠭᠦᠳᠦᠨ ᠪᠠᠶᠢᠭᠤᠯᠤᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠠᠶᠤᠯ ᠲᠦᠭᠰᠢᠭᠦᠷᠢ ᠶᠢ ᠠᠷᠢᠯᠭᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ︽ᠲᠠᠪᠤᠨ | ᠢᠨᠵᠧᠨᠧᠷᠢᠩ︾ ᠢ ᠰᠠᠶᠢᠲᠤᠷ ᠠᠳᠬᠤᠵᠤ᠂ ︽ᠲᠠᠪᠤ ᠶᠢ ᠵᠠᠰᠠᠬᠤ ᠶᠢ ᠠᠭᠤᠰᠤᠯᠴᠠᠭᠤᠯᠬᠤ︾ ᠶᠢ ᠭᠦᠨᠵᠡᠭᠡᠶᠢᠷᠡᠭᠦᠯᠵᠦ᠂ | ᠲᠠᠪᠤᠨ ᠱᠠᠲᠤᠨ ᠤ ᠲᠤᠤᠷᠴᠢᠯᠠᠭᠰᠠᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ | ᠪᠦᠬᠦᠢ ᠠᠮᠤᠷ ᠠᠮᠤᠭᠤᠯᠠᠩ ᠦᠬᠠᠢ ᠶᠢ ᠪᠦᠳᠦᠭᠡᠨ ᠪᠠᠶᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠴᠠᠭᠠᠵᠠ ᠶᠢ ᠲᠦᠭᠡᠮᠡᠯᠵᠢᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠤᠯᠢᠵᠢᠯ ᠤᠨ ᠨᠡᠶᠢᠭᠡᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠬᠠᠣᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠪᠠᠶᠢᠭᠤᠯᠵᠤ᠂ ᠨᠡᠩ ᠥᠨᠳᠥᠷ ᠬᠢᠷᠢ ᠲᠦᠪᠰᠢᠨ | ᠪᠦᠬᠦᠢ ᠬᠠᠤᠯᠢᠵᠢᠯ ᠤᠨ ᠦᠬᠠᠶ ᠶᠢ ᠪᠦᠳᠦᠭᠡᠨ ᠪᠠᠶᠢᠭᠤᠯᠤᠨ᠎ᠠ᠃ ︽ᠬᠤᠳᠠ ᠶᠢᠨ ᠶᠡᠭᠡ ᠲᠠᠷᠢᠬᠢ︾ ᠶᠢ ᠪᠠᠶᠢᠭᠤᠯᠤᠨ | ᠬᠦᠴᠦᠷᠬᠡᠭᠵᠢᠭᠦᠯᠵᠦ᠂ ︽ᠲᠠᠪᠤᠨ ᠰᠢᠰᠲ᠋ᠧᠮᠵᠢ︾ ᠶᠢ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠤᠶᠤᠨᠲᠤ | ᠦᠬᠠᠢ ᠶᠢ ᠪᠦᠳᠦᠭᠡᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠬᠡᠷᠡᠭᠵᠢᠭᠦᠯᠵᠦ᠂ | ᠦᠨᠳᠦᠰᠦᠲᠡᠨ ᠤ ᠠᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠪᠠᠶᠢᠭᠤᠯᠤᠨ᠎ᠠ᠃ | ᠵᠢᠷᠤᠭ ᠲᠥᠯᠥᠪᠯᠡᠭᠡ ᠰᠠᠶᠢᠨ ᠰᠠᠶᠢᠬᠠᠨ ᠢ ᠵᠢᠷᠤᠭᠯᠠᠵᠤ᠂ ᠬᠠᠷᠠᠯᠲᠠ ᠬᠥᠮᠦᠰ ᠢ ᠤᠷᠮᠠᠰᠢᠭᠤᠯᠤᠨ | ᠤᠷᠤᠭᠰᠢᠯᠠᠭᠤᠯᠳᠠᠭ᠃ ᠪᠢᠳᠡ ᠬᠡᠵᠢᠶᠡᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠠ | ᠪᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠴᠠᠭ ᠪᠢᠳᠡᠨ ᠢ | ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠵᠦ᠂ ᠡᠳᠦᠷ ᠪᠣᠯᠭᠠᠨ ᠢ ᠴᠢᠩᠭ᠎ᠠ ᠠᠳᠬᠤᠵᠤ᠂ ᠶᠠᠪᠤᠳᠠᠯ | ᠪᠣᠯᠭᠠᠨ ᠢ ᠰᠠᠶᠢᠲᠤᠷ ᠬᠢᠵᠦ᠂ ᠲᠣᠭᠲᠠᠭᠰᠠᠨ ᠬᠠᠷᠠᠯᠲᠠ ᠵᠦᠭ ᠣᠮᠤᠭ ᠲᠡᠭᠦᠯᠳᠡᠷ ᠢᠶᠠᠷ ᠤᠷᠤᠭᠰᠢᠯᠠᠵᠤ᠂ ᠴᠠᠭ | ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ | ᠴᠢᠷᠮᠠᠶᠢᠨ ᠡᠭᠦᠳᠬᠦ ᠬᠡᠷᠡᠭᠲᠡᠶ︕ | ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ | 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠵᠢᠯ ᠮᠥᠨ᠂ | ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠡᠬᠢᠯᠡᠯᠲᠡ ᠶᠢᠨ ᠵᠢᠯ ᠮᠥᠨ᠂ ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠡᠷᠬᠡᠪᠰᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ | ᠶᠡᠷᠦᠩᠬᠡᠶ ᠬᠦᠭ ᠠᠶᠠᠰ ᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠨ ᠲᠡᠭᠦᠯᠳᠡᠷ᠂ ᠵᠦᠪ | ᠣᠨᠣᠪᠴᠢᠲᠠᠶ ᠪᠠᠶᠢᠯᠭᠠᠵᠤ᠂ ᠪᠦᠬᠦ ᠲᠠᠯ᠎ᠠ ᠪᠠᠷ ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠬᠦᠴᠦᠯᠡᠨ | ᠪᠠᠲᠤᠯᠠᠨ ᠰᠠᠶᠢᠵᠢᠷᠠᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠪᠠᠶᠢᠷᠢ ᠳᠤ | ᠪᠠᠶᠢᠯᠭᠠᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ | ᠡᠯ᠎ᠡ ᠲᠠᠯ᠎ᠠ ᠶᠢᠨ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ 2022 ᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠪᠠᠶᠢᠴᠠᠭᠠᠯᠲᠠ ᠶᠢᠨ ᠠᠵᠢᠯ | ᠠᠯᠳᠠᠯᠲᠠ ᠶᠢᠨ ᠨᠤᠷᠮ᠎ᠠ ᠶᠢ 6% ᠶᠢᠨ ᠲᠤᠲᠤᠷ᠎ᠠ ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ | ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3.5% ᠣᠷᠴᠢᠮ ᠳᠤ ᠬᠢᠵᠠᠭᠠᠷᠯᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ | ︔ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠤᠷᠤᠭᠰᠢᠯᠠᠬᠤ ᠳᠤ ᠳᠠᠷᠤᠯᠲᠠ ᠥᠭᠬᠦ᠂ | ᠠᠵᠢᠯᠯᠠᠬᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ︽ᠭᠤᠷᠪᠠᠨ ᠳᠠᠪᠬᠤᠷ ᠳᠠᠷᠤᠯᠲᠠ︾ ᠶᠢ ᠪᠦᠲᠦᠮᠵᠢᠲᠡᠢ | ᠠᠷᠭᠠᠴᠠᠭᠠᠵᠤ᠂ ︽ᠲᠤᠯᠤᠭᠠᠨ ᠶᠡᠭᠡ ᠲᠦᠷᠦ ᠶᠢᠨ ᠪᠤᠳᠤᠯᠭ᠎ᠠ︾ ᠶᠢᠨ ᠠᠵᠠ ᠲᠣᠬᠢᠶᠠᠯ ᠢ ᠠᠮᠵᠢᠵᠤ᠂ ᠠᠮᠢ ᠠᠬᠤᠢ ᠶᠢ | ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠪᠦᠬᠦ ᠬᠦᠴᠦᠨ ᠢᠶᠠᠷ ᠢᠶᠠᠨ ᠰᠠᠶᠢᠲᠤᠷ ᠵᠠᠮᠨᠠᠨ᠎ᠠ᠃ ᠳᠣᠣᠷᠠᠬᠢ ᠵᠢᠷᠭᠤᠭᠠᠨ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠬᠡᠯᠪᠡᠷᠢ ᠪᠠᠨ | ᠬᠤᠪᠢᠷᠠᠭᠤᠯᠤᠨ ᠬᠦᠭᠵᠢᠬᠦᠯᠬᠦ ᠶᠢ ᠬᠦᠴᠦᠨ ᠢᠶᠠᠨ ᠲᠥᠪᠯᠡᠷᠡᠭᠦᠯᠦᠨ ᠠᠬᠢᠭᠤᠯᠵᠤ ᠰᠢᠨ᠎ᠡ ᠰᠢᠪᠲᠤᠯᠤᠯᠲᠠ ᠲᠠᠢ | ᠪᠣᠯᠭᠠᠨ᠎ᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ | ᠱᠤᠭᠤᠮ ᠪᠣᠯᠭᠠᠬᠤ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢᠶᠠᠨ | ᠨᠡᠩ ᠰᠠᠶᠢᠲᠤᠷ ᠪᠠᠳᠠᠷᠠᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠪᠦᠬᠦ ᠬᠦᠴᠦᠨ ᠢᠶᠠᠷ ᠢᠶᠠᠨ ᠪᠦᠲᠦᠴᠡ ᠪᠠᠨ ᠲᠤᠬᠢᠷᠠᠭᠤᠯᠬᠤ᠂ ᠴᠢᠳᠠᠮᠵᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ | ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︽2022 ᠣᠨ ᠤ ᠭᠤᠣᠯᠳᠠᠯᠭ᠎ᠠ ᠲᠠᠢ ᠵᠦᠢᠯᠡᠰ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ︾ ᠶᠢ | ᠬᠡᠷᠡᠭᠵᠢᠬᠦᠯᠦᠨ᠎ᠡ᠃ ᠲᠥᠷᠥᠯ ᠵᠦᠢᠯ ᠤᠨ ᠪᠠᠯᠠ ᠣᠷᠣᠭᠤᠯᠤᠯᠲᠠ ᠶᠢ ᠥᠷᠭᠡᠳᠬᠡᠬᠦ ᠶᠢ ᠠᠳᠬᠤᠬᠤ ᠶᠢ ᠨᠡᠮᠡᠭᠳᠡᠯ ᠢ | ᠲᠣᠭᠲᠠᠪᠤᠷᠢᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ︽ᠲᠤᠭᠳᠠᠭᠤᠨ ᠡᠬᠢᠯᠡᠯᠳᠡ︾ ︽ᠰᠠᠶᠢᠨ | ᠡᠬᠢᠯᠡᠯᠲᠡ︾ ᠶᠢ ᠪᠡᠶᠡᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ 186 ᠴᠢᠬᠤᠯᠠ ᠶᠡᠭᠡ ᠲᠥᠷᠥᠯ ᠵᠦᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ 190 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ | ᠣᠷᠣᠭᠤᠯᠤᠯᠲᠠ ᠶᠢ ᠪᠡᠶᠡᠯᠡᠬᠦᠯᠦᠨ᠎ᠡ᠃ ᠲᠡᠷᠢᠭᠦᠨ ᠤ ᠭᠠᠵᠠᠷ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ︽ᠬᠡᠯᠬᠢᠶ᠎ᠡ ᠶᠢᠨ ᠳᠠᠷᠤᠭ᠎ᠠ ᠶᠢᠨ ᠲᠦᠷᠢᠮ︾ ᠢ ᠰᠤᠷᠤᠯᠴᠠᠨ ᠳᠡᠯᠭᠡᠷᠡᠭᠦᠯᠵᠦ᠂ ᠬᠤᠳᠠ ᠶᠢᠨ ᠱᠠᠲᠤᠨ ᠤ | ᠤᠳᠤᠷᠢᠳᠤᠯᠭ᠎ᠠ ᠬᠡᠯᠬᠢᠶ᠎ᠡ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠤᠳᠤ ᠦᠶ᠎ᠡ ᠶᠢᠨ ᠠᠵᠤ ᠦᠢᠯᠡᠰ ᠤᠨ | ᠬᠡᠯᠬᠢᠶ᠎ᠡ ᠶᠢᠨ ᠪᠥᠭᠡᠮᠨᠡᠷᠡᠯ ᠢ ᠪᠦᠬᠦ ᠬᠦᠴᠦᠨ ᠢᠶᠠᠷ ᠪᠤᠢ ᠪᠤᠯᠭᠠᠨ᠎ᠠ᠃ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠭᠤᠣᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠤᠯᠪᠤᠭᠠᠯᠠᠬᠤ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠭᠠᠷᠠᠭ ᠤᠨ | ᠲᠣᠬᠢᠷᠠᠭᠤᠯᠤᠯᠲᠠ᠂ ᠰᠠᠷ᠎ᠠ ᠶᠢᠨ ᠮᠡᠳᠡᠭᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠲᠥᠷᠥᠯ ᠵᠦᠢᠯ᠂ ᠨᠢᠭᠡ | ᠤᠳᠤᠷᠢᠳᠤᠯᠭ᠎ᠠ᠂ ᠨᠢᠭᠡ ᠲᠤᠰᠬᠠᠶ ᠪᠠᠭ᠂ ᠨᠢᠭᠡ ᠢᠵᠢ ᠲᠥᠰᠦᠯ ᠢ ᠬᠡᠷᠡᠭᠵᠢᠭᠦᠯᠦᠨ᠂ ᠡᠴᠦᠰ ᠲᠤᠨᠢ ᠲᠤᠯᠲᠠᠯ᠎ᠠ | ᠠᠳᠬᠤᠵᠤ᠂ ᠨᠡᠶᠢᠲᠡ 65 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠪᠤᠭᠤᠲᠤ ᠠᠴᠠ ᠢᠷᠭᠠᠢ ᠬᠦᠷᠬᠦ | ᠲᠡᠭᠡᠲᠤ ᠬᠤᠷᠳᠤᠴᠠᠲᠤ ᠲᠡᠮᠦᠷ ᠵᠠᠮ ᠤᠨ ᠦᠬᠠᠶ ᠶᠢᠨ ᠬᠡᠰᠡᠭ᠂ ᠨᠡᠶᠢᠲᠡ 77.8 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠭᠰᠠᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠨᠢᠭᠡᠳᠦᠭᠡᠷ ᠬᠤᠭᠤᠴᠠᠭ᠎ᠠ | ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠡᠬᠢᠯᠡᠭᠦᠯᠦᠨ᠂ ᠠᠬᠢᠴᠠ ᠪᠠᠨ ᠲᠦᠷᠭᠡᠳᠬᠡᠵᠦ᠂ | ᠨᠢᠭᠡ ᠪᠦᠯᠦᠭ ︽ᠬᠤᠶᠠᠷ ᠰᠢᠨ᠎ᠡ ᠨᠢᠭᠡ ᠬᠦᠨᠳᠦ︾ ᠶᠢᠨ ᠳᠤᠲᠠᠭᠤᠳᠠᠯ ᠢᠶᠠᠨ ᠨᠥᠬᠦᠪᠥᠷᠢᠯᠡᠬᠦ ᠲᠥᠷᠥᠯ ᠵᠦᠢᠯ ᠢ | ᠨᠥᠭᠡᠴᠡᠯᠡᠨ ᠬᠡᠷᠡᠭᠵᠢᠭᠦᠯᠬᠦ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ | ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠳᠡᠭᠡᠭᠰᠢ ᠪᠠᠯᠠ ᠮᠥᠩᠭᠦ ᠤᠯᠬᠤ ᠡᠷᠴᠢᠮ ᠢᠶᠠᠨ | ᠴᠢᠩᠭᠠᠷᠠᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠬᠦᠴᠦᠯᠡᠨ ᠴᠢᠷᠮᠠᠶᠢᠨ᠎ᠠ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ︽ᠨᠢᠭᠡᠳᠦᠭᠡᠷ ᠬᠠᠷᠢᠭᠤᠴᠠᠯᠭᠠᠳᠠᠨ︾ ᠤ ᠢᠨᠵᠧᠨᠧᠷᠢᠩ ᠪᠣᠯᠭᠠᠵᠤ᠂ | ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠬᠤ ᠦᠷ᠎ᠡ | ᠪᠦᠲᠦᠮᠵᠢ ᠪᠠᠨ ᠳᠡᠭᠡᠭᠰᠢᠯᠡᠭᠦᠯᠦᠨ᠂ ᠠᠵᠤ ᠦᠢᠯᠡᠰ ᠤᠨ ᠬᠡᠯᠬᠢᠶ᠎ᠡ᠂ ᠠᠵᠤ ᠦᠢᠯᠡᠰ ᠤᠨ ᠪᠦᠯᠦᠭᠯᠡᠯ ᠳᠤ | ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠵᠤ᠂ ᠨᠢᠭᠡ ᠪᠦᠯᠦᠭ ᠳᠤᠮᠳᠠᠳᠤ | ᠤᠯᠤᠰ ᠤᠨ 500 ᠬᠦᠴᠦᠷᠬᠡᠭ᠂ ᠠᠷᠠᠳ ᠤᠨ ᠡᠵᠡᠩᠨᠡᠭᠰᠡᠨ 500 ᠬᠦᠴᠦᠷᠬᠡᠭ ᠠᠵᠤ ᠠᠬᠤᠶᠢᠯᠠᠯ ᠢ | ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠨᠢᠭᠡ ᠪᠦᠯᠦᠭ ᠣᠷᠣᠭᠤᠯᠤᠯᠲᠠ ᠭᠠᠷᠭᠠᠯᠲᠠ ᠶᠢᠨ ᠬᠠᠷᠢᠴᠠᠯ ᠢᠶᠠᠷ | ᠥᠨᠳᠥᠷ᠂ ᠳᠠᠶᠢᠴᠢᠯᠠᠬᠤ ᠦᠢᠯᠡᠳᠦᠯ ᠢᠶᠠᠷ ᠶᠡᠭᠡ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠲᠥᠷᠥᠯ | ᠵᠦᠢᠯ ᠢ ᠮᠠᠨ ᠤ ᠬᠤᠲᠠ ᠳᠤ ᠣᠷᠣᠭᠤᠯᠬᠤ ᠶᠢ ᠳᠥᠯᠭᠢᠨ ᠠᠬᠢᠭᠤᠯᠵᠤ᠂ ᠥᠨᠥᠳᠦᠷ ᠤᠨ ᠴᠢᠨᠠᠷ ᠰᠠᠶᠢᠲᠠᠶ ᠲᠥᠷᠥᠯ | ᠵᠦᠢᠯ ᠢᠶᠠᠷ ᠮᠠᠷᠭᠠᠰᠢ ᠶᠢᠨ ᠴᠢᠨᠠᠷ ᠰᠠᠶᠢᠲᠠᠶ ᠬᠥᠭᠵᠢᠯᠲᠡ ᠳᠤ ᠡᠨᠧᠷᠭᠢ ᠬᠠᠳᠠᠭᠠᠯᠠᠨ᠎ᠠ᠃ ᠡᠯᠧᠮᠧᠨ᠋ᠲ ᠤᠨ | ᠪᠠᠲᠤᠯᠠᠭ᠎ᠠ ᠶᠢ ᠴᠢᠩᠭᠠᠳᠬᠠᠨ᠎ᠠ᠃ ᠪᠥᠬᠦ ᠬᠤᠲᠠ ᠶᠢᠨ ᠡᠨᠧᠷᠭᠢ ᠶᠢᠨ ᠬᠤᠷᠣᠭᠳᠠᠯ᠂ ᠭᠠᠵᠠᠷ ᠰᠢᠷᠣᠶ᠂ ᠤᠰᠤᠨ ᠤ | ᠡᠬᠢ ᠪᠠᠶᠠᠯᠢᠭ᠂ ᠴᠠᠬᠢᠯᠭᠠᠨ ᠬᠦᠴᠦᠨ ᠵᠡᠷᠭᠡ ᠬᠦᠴᠦᠨ ᠵᠦᠢᠯ ᠤᠨ ᠬᠦᠢᠴᠡᠳᠬᠡᠯ ᠲᠤᠭ᠎ᠠ ᠶᠢ ᠨᠢᠭᠡᠳᠦᠯᠲᠡᠶ | ᠲᠥᠯᠥᠪᠯᠡᠵᠦ᠂ ᠴᠢᠬᠤᠯᠠ ᠶᠡᠭᠡ ᠲᠥᠷᠥᠯ ᠵᠦᠢᠯ ᠤᠨ ᠬᠡᠷᠡᠭᠵᠢᠭᠦᠯᠦᠭᠳᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ | ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ ᠪᠠ ᠰᠤᠯᠠ ᠲᠠᠯᠪᠢᠭᠰᠠᠨ ᠭᠠᠵᠠᠷ ᠰᠢᠷᠣᠢ ᠶᠢ ᠰᠢᠢᠳᠪᠦᠷᠢᠯᠡᠬᠦ ᠶᠢ | ᠬᠦᠴᠦᠲᠡᠢ ᠠᠬᠢᠭᠤᠯᠵᠤ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠶᠢ ᠰᠣᠯᠢᠬᠤ︾ ᠶᠢ ᠲᠦᠷᠭᠡᠨ ᠪᠡᠶᠡᠯᠡᠭᠦᠯᠵᠦ᠂ | ᠰᠠᠶᠢᠨ ᠲᠦᠷᠦᠯ ᠵᠦᠢᠯ ᠳᠤ ᠭᠠᠵᠠᠷ ᠳᠤᠲᠠᠭᠳᠠᠬᠤ ᠦᠭᠡᠢ᠂ ᠰᠠᠶᠢᠨ ᠠᠵᠤ ᠦᠢᠯᠡᠰ ᠲᠤ ᠣᠷᠣᠨ ᠵᠠᠢ ᠲᠠᠢ ᠪᠣᠯᠭᠠᠨ᠎ᠠ | ᠃ ᠣᠨᠳᠣᠤ ᠭᠠᠵᠠᠷ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠬᠦᠢᠴᠡᠳᠬᠡᠯ ᠲᠤᠭ᠎ᠠ ᠶᠢ ᠢᠳᠡᠪᠬᠢᠲᠡᠶ ᠲᠡᠮᠡᠴᠡᠨ | ᠣᠯᠵᠤ᠂ ᠤᠰᠤᠨ ᠤ ᠡᠷᠬᠡ ᠶᠢ ᠲᠣᠰ ᠭᠠᠵᠠᠷ ᠲᠤᠨᠢ ᠰᠢᠯᠵᠢᠭᠦᠯᠦᠨ ᠥᠭᠬᠦ ᠲᠤᠷᠰᠢᠯᠲᠠ ᠶᠢ ᠰᠦᠪᠡᠭᠴᠢᠯᠡᠨ | ᠥᠷᠨᠢᠭᠦᠯᠵᠦ᠂ ᠰᠤᠯᠠ ᠪᠠᠶᠢᠬᠤ ᠤᠰᠤᠨ ᠤ ᠬᠡᠮᠵᠢᠶ᠎ᠡ ᠪᠠ ᠤᠰᠤᠨ ᠤ ᠬᠦᠢᠴᠡᠳᠬᠡᠯ ᠲᠤᠭ᠎ᠠ ᠶᠢ ᠬᠥᠳᠡᠯᠦᠩᠭᠦᠶ ᠪᠠᠷ | ᠠᠮᠢᠳᠤᠯᠢᠭ ᠪᠣᠯᠭᠠᠵᠤ᠂ ᠬᠡᠪ ᠤᠨ ᠪᠤᠰᠤ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ | ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ︽ᠬᠠᠮᠢᠶᠠᠷᠤᠯᠲᠠ ᠶᠢᠨ ᠵᠥᠪᠯᠡᠯ + ᠰᠠᠯᠠᠭ᠎ᠠ ᠮᠥᠴᠢᠷ + ᠠᠵᠤ ᠠᠬᠤᠶᠢᠯᠠᠯ︾ ᠤᠨ ᠬᠠᠮᠲᠤᠷᠠᠨ ᠠᠵᠢᠯᠯᠠᠬᠤ ᠵᠠᠭᠪᠤᠷ ᠢ | ᠲᠡᠭᠦᠯᠳᠡᠷᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ︽ᠭᠤᠷᠪᠠᠨ ᠲᠠᠯ᠎ᠠ ᠶᠢ ᠨᠢᠭᠡ ᠴᠤᠭᠴᠠᠵᠢᠭᠤᠯᠬᠤ︾ ᠰᠢᠨ᠎ᠡ ᠶᠢ ᠡᠭᠦᠳᠬᠦ ᠬᠥᠭᠵᠢᠯᠲᠡ ᠶᠢ ᠲᠦᠷᠭᠡᠳᠬᠡᠨ᠂ ︽ᠳᠥᠷᠪᠡᠨ | ᠲᠤᠭᠤᠷᠢᠭ ᠢ ᠨᠢᠭᠡᠳᠬᠡᠬᠦ︾ ᠣᠶᠤᠨᠴᠢ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ︽ᠨᠢᠭᠡ ᠲᠣᠭᠤᠷᠢᠭ | ᠳᠥᠷᠪᠡᠨ ᠬᠦᠷᠢᠶᠡᠯᠡᠩ︾ ᠤᠨ ᠵᠡᠷᠭᠡᠪᠡᠷ ᠤᠷᠤᠭᠰᠢᠯᠠᠬᠤ᠂ ᠥᠷᠢᠰᠥᠯᠳᠦᠨ ᠬᠥᠭᠵᠢᠬᠦ ᠪᠠᠶᠢᠷᠢᠰᠢᠯ ᠢ ᠪᠠᠶᠢᠭᠤᠯᠤᠨ᠎ᠠ᠃ | ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠷ᠎ᠡ | ᠪᠦᠲᠦᠮᠵᠢ ᠪᠠᠷ ᠪᠠᠭᠠᠲᠤᠷ ᠢ ᠦᠨᠡᠯᠡᠬᠦ ᠶᠢ ᠪᠠᠷᠢᠮᠲᠠᠯᠠᠨ᠂ ᠲᠥᠷᠥᠯ ᠵᠦᠢᠯ ᠤᠨ ᠵᠥᠪᠰᠢᠶᠡᠷᠡᠯ ᠤᠨ ᠪᠣᠭᠤᠮᠲᠠ ᠶᠢ | ᠴᠢᠩᠭ᠎ᠠ ᠠᠳᠬᠤᠵᠤ᠂ ᠪᠠᠯᠠ ᠣᠷᠣᠭᠤᠯᠤᠯᠲᠠ ᠶᠢᠨ ᠬᠦᠴᠦᠯᠡᠴᠡ ᠶᠢᠨ ᠪᠠᠷᠢᠮᠵᠢᠶ᠎ᠠ ᠪᠠᠨ ᠴᠢᠩᠳᠠᠯᠠᠵᠤ᠂ ᠬᠦᠷᠢᠶᠡᠯᠡᠩ | ᠲᠣᠭᠤᠷᠢᠭ ᠤᠨ ᠬᠥᠭᠵᠢᠯᠲᠡ ᠶᠢᠨ ︽ᠠᠯᠲᠠᠨ ᠤ ᠬᠡᠮᠵᠢᠶ᠎ᠡ︾ ︽ᠰᠢᠨ᠎ᠡ ᠬᠡᠮᠵᠢᠶ᠎ᠡ︾ ︽ᠪᠤᠬᠢᠷᠲᠤᠯ ᠦᠭᠡᠢ ᠬᠡᠮᠵᠢᠶ᠎ᠡ︾ ᠶᠢ | ᠳᠡᠭᠡᠭᠰᠢᠯᠡᠭᠦᠯᠦᠨ᠎ᠡ᠃ ᠰᠠᠭᠤᠷᠢ ᠪᠡᠯᠡᠳᠬᠡᠮᠵᠢ ᠪᠠᠨ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠡᠸ᠋ᠨ ᠾᠧ᠂ | ᠳ᠋ᠦᠩᠹᠧᠩ ᠤᠨ 220 ᠺᠢᠯᠤᠸᠤᠯᠲ ᠵᠡᠷᠭᠡ ᠬᠦᠴᠦᠳᠡᠯ ᠥᠭᠡᠷᠡᠴᠢᠯᠡᠬᠦ ᠥᠷᠲᠡᠭᠡ ᠶᠢ ᠪᠥᠲᠥᠭᠡᠨ ᠪᠠᠶᠢᠭᠤᠯᠵᠤ᠂ | ᠳᠣᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠲᠡᠮᠦᠷ ᠵᠠᠮ ᠤᠨ ᠲᠤᠰᠬᠠᠶ ᠬᠡᠷᠡᠭᠯᠡᠬᠦ | ᠱᠤᠭᠤᠮ᠂ ᠵᠠᠮ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ | ᠬᠡᠷᠡᠭᠵᠢᠭᠦᠯᠦᠨ᠂ ᠬᠦᠷᠢᠶᠡᠯᠡᠩ ᠲᠣᠭᠤᠷᠢᠭ ᠤᠨ ᠠᠮᠢᠳᠤᠷᠠᠯ ᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠲᠣᠭᠤᠷᠢᠭ | ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠳᠣᠤᠷ᠎ᠠ | ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ | ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ ︽ᠬᠤᠤᠰ ᠵᠠᠭᠤᠨ ᠳ᠋ᠦᠩᠰᠢᠭᠤᠷ︾ ᠤᠨ | ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠶᠢ ᠲᠦᠷᠭᠡᠳᠬᠡᠨ᠎ᠡ᠃ ᠬᠡᠦᠷᠰᠢᠭᠦᠯᠬᠦ ᠪᠠᠷ | ᠰᠠᠭᠤᠷᠢ ᠪᠣᠯᠭᠠᠬᠤ᠂ ᠬᠢᠮᠢ ᠶᠢᠨ ᠠᠵᠤ ᠦᠢᠯᠡᠳᠪᠦᠷᠢ ᠪᠠᠷ ᠭᠤᠤᠯ ᠪᠣᠯᠭᠠᠬᠤ᠂ ᠬᠢᠮᠢ ᠶᠢᠨ ᠠᠵᠤ ᠦᠢᠯᠡᠳᠪᠦᠷᠢ ᠪᠠᠷ | ᠬᠡᠦᠷᠰᠢᠭᠦᠯᠬᠦ ᠶᠢ ᠡᠵᠡᠮᠳᠡᠬᠦ ᠶᠢ ᠪᠠᠷᠢᠮᠲᠠᠯᠠᠵᠤ᠂ ᠬᠡᠦᠷᠰᠢᠭᠦᠯᠦᠭᠰᠡᠨ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ | ᠡᠮᠬᠢᠯᠡᠨ ᠨᠡᠶᠢᠯᠡᠭᠦᠯᠵᠦ ᠲᠠᠰ ᠳᠡᠪᠰᠢᠭᠦᠯᠬᠦ ᠶᠢ ᠡᠷᠡᠰ ᠭᠤᠶᠢᠪᠢᠰᠢ ᠥᠬᠡᠶ ᠪᠠᠷ ᠠᠬᠢᠭᠤᠯᠤᠨ᠂ ᠠᠵᠤ ᠠᠬᠤᠶᠢᠯᠠᠯ ᠢ | ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠪᠠᠭ᠎ᠠ ᠶᠢ ᠬᠠᠭᠠᠵᠤ ᠶᠡᠭᠡ ᠶᠢ ᠳᠡᠭᠡᠭᠰᠢᠯᠡᠭᠦᠯᠬᠦ᠂ | ᠨᠡᠮᠡᠭᠳᠡᠯ ᠤᠨ ᠬᠡᠮᠵᠢᠶ᠎ᠡ ᠪᠠᠷ ᠳᠠᠶᠢᠴᠢᠯᠠᠬᠤ᠂ ᠪᠠᠯᠠ ᠨᠡᠶᠢᠯᠡᠭᠦᠯᠦᠨ ᠬᠤᠷᠰᠢᠯᠴᠠᠬᠤ᠂ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠵᠦ ᠥᠷᠭᠡᠳᠬᠡᠨ ᠪᠠᠶᠢᠭᠤᠯᠬᠤ ᠬᠡᠵᠦ ᠪᠠᠶᠢᠭ᠎ᠠ ᠬᠡᠦᠷᠰᠢᠭᠦᠯᠬᠦ ᠵᠤᠤᠬ᠎ᠠ ᠶᠢᠨ ᠥᠨᠳᠥᠷ ᠤᠨ ᠬᠡᠮᠵᠢᠶ᠎ᠡ ᠶᠢ | ᠪᠦᠬᠦᠨ ᠢ 6.25 ᠮᠧᠲᠷ ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠲᠠᠰ ᠤᠨ ᠪᠣᠬᠢᠷᠲᠤᠯ ᠥᠬᠡᠶ | ᠬᠡᠦᠷᠰᠢᠭᠦᠯᠬᠦ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠲᠤᠯᠤᠭᠠᠶᠢᠯᠠᠭᠴᠢ ᠠᠵᠤ ᠠᠬᠤᠶ᠂ | ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠡᠦᠷᠡᠰᠦᠨ ᠵᠤᠤᠬ᠎ᠠ ᠶᠢᠨ | ᠨᠡᠭᠦᠷᠡᠰᠦᠨ ᠬᠡᠢ᠂ ᠪᠦᠳᠦᠬᠦᠯᠢᠭ ᠪᠧᠨ᠋ᠽᠧᠨ᠂ ᠨᠡᠭᠦᠷᠡᠰᠦᠨ ᠬᠡᠦᠳᠠᠰᠣ ᠵᠡᠷᠭᠡ ᠨᠠᠷᠢᠯᠢᠭ ᠡᠳ᠋ᠰᠢᠭᠦᠯᠦᠭᠰᠡᠨ ᠭᠢᠨᠵᠢ ᠶᠢ | ᠪᠢᠯᠢᠭ ᠲᠦᠢᠯ ᠤᠨ ᠮᠠᠲ᠋ᠧᠷᠢᠶᠠᠯ᠂ ᠣᠨᠴᠠ ᠲᠦᠷᠦᠯ ᠤᠨ ᠨᠡᠭᠦᠷᠡᠰᠦᠨ ᠬᠦ᠋ ᠵᠡᠷᠭᠡ ᠥᠨᠳᠥᠷ ᠨᠡᠮᠡᠯᠲᠡ ᠦᠷᠳᠡᠭ ᠲᠠᠢ | ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠲᠡᠰᠢ ᠤᠷᠲᠤᠳᠬᠠᠬᠤ ᠶᠢ ᠠᠬᠢᠭᠤᠯᠤᠨ᠎ᠠ᠃ ᠾᠯᠣᠷ | ᠱᠦᠯᠲᠦ ᠶᠢᠨ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ ᠳᠣᠤᠷᠠᠳᠤ ᠤᠷᠤᠰᠬᠠᠯ ᠤᠨ ᠥᠨᠳᠥᠷ ᠨᠡᠮᠡᠯᠲᠡ | ᠥᠷᠲᠡᠭᠲᠦ ᠦᠢᠯᠡᠳᠬᠦᠨ ᠢ ᠤᠷᠲᠤᠳᠬᠠᠨ ᠬᠥᠭᠵᠢᠭᠦᠯᠵᠦ᠂ ᠨᠢᠭᠡ ᠪᠦᠯᠦᠭ ᠡᠮ ᠡᠮᠨᠡᠯᠭᠡ᠂ ᠲᠠᠷᠢᠶᠠᠨ ᠡᠮ᠂ | ᠪᠤᠳᠤᠭ ᠤᠨ ᠵᠠᠪᠰᠠᠷ ᠤᠨ ᠴᠣᠭᠴᠠ ᠵᠡᠷᠭᠡ ᠳᠡᠭᠡᠳᠦ ᠲᠠᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠥᠷᠥᠯ | ᠵᠦᠢᠯ ᠢ ᠲᠦᠷᠭᠡᠳᠬᠡᠨ ᠪᠠᠶᠢᠷᠢᠰᠢᠭᠤᠯᠵᠤ᠂ ᠨᠢᠭᠲᠠ ᠬᠤᠯᠪᠣᠭ᠎ᠠ ᠲᠠᠢ᠂ ᠠᠪᠴᠠᠯᠳᠤᠨ ᠬᠥᠭᠵᠢᠭᠰᠡᠨ ᠥᠨᠳᠥᠷ ᠦᠷ᠎ᠡ | ᠠᠰᠢᠭᠲᠤ ᠣᠷᠴᠢᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠰᠢᠨ᠎ᠡ ᠬᠡᠯᠪᠡᠷᠢ ᠶᠢᠨ | ᠣᠷᠪᠠᠯ᠂ ᠰᠢᠨ᠎ᠡ ᠬᠡᠯᠪᠡᠷᠢ ᠶᠢᠨ ᠲᠦᠷᠭᠡᠳᠭᠡᠬᠦᠷ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠵᠡᠷᠭᠡ ᠰᠢᠨ᠎ᠡ | ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠪᠣᠬᠢᠷᠲᠤᠯ ᠦᠭᠡᠢ ᠪᠦᠲᠦᠭᠡᠭᠳᠡᠬᠦᠨ᠂ ᠪᠣᠬᠢᠷᠲᠤᠯ ᠦᠭᠡᠢ ᠤᠷᠠᠯᠠᠯ᠂ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠳᠡᠮᠵᠢᠨ᠎ᠡ᠃ ᠤᠯᠠᠮᠵᠢᠯᠠᠯᠲᠤ ᠠᠵᠤ ᠦᠢᠯᠡᠰ ᠤᠨ | ᠲᠣᠭᠠᠵᠢᠭᠤᠯᠬᠤ ᠥᠭᠡᠷᠡᠴᠢᠯᠡᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠡᠭᠦᠯᠡᠨ | ᠪᠤᠳᠤᠯᠲᠠ ᠳᠤ ᠬᠡᠷᠡᠭᠯᠡᠬᠦ ᠲᠤᠭ᠎ᠠ ᠪᠠᠷᠢᠮᠳᠠ ᠪᠠᠷ ᠣᠶᠤᠨ ᠴᠢᠳᠠᠪᠤᠷᠢ ᠣᠯᠭᠤᠬᠤ︾ ᠠᠵᠢᠯᠯᠠᠭ᠎ᠠ ᠶᠢ ᠥᠷᠨᠢᠭᠦᠯᠦᠨ᠂ | ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ︾ ᠶᠢᠨ ᠬᠡᠷᠡᠭᠯᠡᠭᠡᠨ ᠤ ᠲᠠᠯᠠᠪᠤᠷ ᠤᠨ ᠵᠢᠱᠢᠶ᠎ᠡ | ᠦᠵᠡᠭᠦᠯᠬᠦ ᠶᠢ ᠵᠣᠷᠢᠭᠵᠢᠭᠤᠯᠵᠤ᠂ ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ ᠬᠤᠳᠳᠤᠭ ᠤᠨ ᠨᠡᠬᠦᠷᠡᠰᠦᠨ | ᠴᠢᠯᠠᠭᠤ ᠶᠢ ᠣᠶᠤᠨᠴᠢᠯᠠᠭᠰᠠᠨ ᠰᠤᠩᠭᠤᠬᠤ ᠪᠠ ᠠᠭᠤᠷᠬᠠᠶ ᠶᠢᠨ ᠬᠤᠳᠳᠤᠭ ᠤᠨ ᠤᠰᠤ ᠶᠢ ᠰᠢᠢᠳᠪᠦᠷᠢᠯᠡᠬᠦ ᠶᠢ | ᠠᠬᠢᠭᠤᠯᠵᠤ᠂ ᠾᠯᠣᠷᠲᠤ ᠬᠢᠮᠢ ᠵᠡᠷᠭᠡ ᠶᠢᠨ ᠣᠷᠠᠨ ᠮᠡᠷᠭᠡᠰᠢᠯ ᠤᠨ ᠢᠵᠢ ᠪᠥᠷᠢᠳᠦᠭᠦᠯᠬᠦ ᠲᠣᠨᠣᠭᠯᠠᠯ ᠢ ᠠᠦ᠋ᠲ᠋ᠣᠴᠢᠯᠠᠨ | ᠡᠵᠡᠮᠳᠡᠬᠦ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠵᠤ᠂ ᠨᠢᠭᠡ ᠪᠦᠯᠦᠭ ᠣᠶᠤᠨᠴᠢ ᠦᠢᠯᠡᠳᠪᠦᠷᠢ᠂ ᠣᠶᠤᠨᠴᠢ | ᠦᠢᠯᠡᠳᠪᠦᠷᠢ ᠶᠢᠨ ᠲᠠᠰᠤᠭ ᠢ ᠪᠠᠶᠢᠭᠤᠯᠤᠨ᠎ᠠ᠃ | ᠬᠤᠶᠠᠷ ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠲᠦᠷᠭᠡᠨ | ᠡᠬᠢᠯᠡᠯᠲᠡ ᠲᠠᠢ ᠪᠤᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠣᠳᠣᠬᠢᠴᠢᠯᠠᠭᠰᠠᠨ ᠠᠵᠤ ᠦᠢᠯᠡᠰ ᠤᠨ ᠰᠦᠷᠦᠭᠵᠢᠯ ᠢ ᠥᠨᠳᠥᠷ | ᠪᠠᠷᠢᠮᠵᠢᠶ᠎ᠠ ᠪᠠᠷ ᠪᠤᠶᠢᠵᠢᠭᠤᠯᠤᠨ᠎ᠠ᠃ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ︽ᠰᠠᠯᠭᠢ ᠬᠡᠷᠡᠯ ᠤᠰᠤᠲᠥ᠋ᠷᠥᠭᠴᠢ ᠡᠨᠧᠷᠭᠢ ᠶᠢ ᠨᠥᠭᠡᠴᠡᠯᠡᠬᠦ︾ ᠣᠯᠠᠨ ᠡᠨᠧᠷᠭᠢ ᠶᠢᠨ ᠬᠠᠷᠢᠯᠴᠠᠨ | ᠨᠥᠬᠦᠪᠥᠷᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠢ | ᠰᠢᠯᠢᠳᠡᠭᠵᠢᠭᠦᠯᠦᠨ ᠳᠣᠭᠢᠷᠠᠭᠤᠯᠬᠤ ᠶᠢ ᠪᠡᠶᠡᠯᠡᠭᠦᠯᠵᠦ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ | ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠨᠢᠭᠡ ᠪᠦᠯᠦᠭ ︽ᠬᠡᠷᠡᠯᠯᠢᠭ ᠸᠣᠯᠲ + ᠠᠮᠢ ᠠᠬᠤᠶ ᠶᠢ ᠰᠡᠷᠭᠦᠭᠡᠬᠦ︾ | ᠲᠥᠷᠥᠯ ᠵᠦᠢᠯ ᠢ ᠪᠥᠲᠥᠭᠡᠨ ᠪᠠᠶᠢᠭᠤᠯᠵᠤ᠂ ᠶᠡᠷᠦᠩᠬᠡᠶ ᠬᠡᠮᠵᠢᠶ᠎ᠡ ᠨᠢ 66.3 ᠲᠦᠮᠡᠨ ᠺᠢᠯᠣᠸᠠᠲ ᠤᠨ ᠬᠡᠷᠡᠯᠯᠢᠭ | ᠸᠣᠯᠲ᠂ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ 21 ᠬᠡᠷᠡᠭᠵᠢᠭᠦᠯᠵᠦ᠂ ᠳᠠᠬᠢᠨ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ ᠳᠡᠭᠡᠭᠰᠢᠯᠡᠭᠦᠯᠦᠨ᠎ᠡ᠃ | ᠭᠤᠤᠯᠳᠠᠯᠭ᠎ᠠ ᠲᠠᠢ ᠠᠵᠤ ᠠᠬᠤᠶᠢᠯᠠᠯ ᠠᠵᠤ ᠦᠢᠯᠡᠳᠪᠦᠷᠢ ᠶᠢᠨ ᠳᠠᠭᠠᠯᠲᠠ ᠭᠠᠷᠤᠯᠲᠠ ᠶᠢᠨ ᠤᠰᠤᠲᠥ᠋ᠷᠥᠭᠴᠢ ᠶᠢ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠲᠦᠯᠡᠰᠢᠨ ᠳ᠋ᠢᠶᠠᠨ ᡂᠢ ᠶᠢᠨ ᠮᠠᠰᠢᠨ | ᠲᠡᠷᠭᠡᠨ ᠤ ᠵᠢᠱᠢᠶ᠎ᠡ ᠦᠵᠡᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠤᠨ᠂ ᠤᠰᠤᠲᠥ᠋ᠷᠥᠭᠴᠢ ᠨᠡᠮᠡᠬᠦ ᠥᠷᠲᠡᠭᠡ ᠶᠢ | ᠡᠮᠬᠢ ᠵᠢᠷᠤᠮ ᠲᠠᠢ ᠪᠥᠲᠥᠭᠡᠨ ᠪᠠᠶᠢᠭᠤᠯᠵᠤ᠂ ᠲᠦᠯᠡᠰᠢᠨ ᠳ᠋ᠢᠶᠠᠨ ᡂᠢ ᠶᠢᠨ ᠨᠢᠭᠡ ᠪᠦᠯᠦᠭ ᠲᠡᠷᠭᠡ ᠬᠥᠰᠬᠡ ᠶᠢ | ᠳᠡᠯᠭᠡᠷᠡᠭᠦᠯᠦᠨ ᠬᠡᠷᠡᠭᠯᠡᠵᠦ᠂ ᠤᠰᠤᠲᠥ᠋ᠷᠥᠭᠴᠢ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠣᠶ | ᠪᠣᠯᠭᠠᠨ᠎ᠠ᠃ ᠲᠣᠮᠣ ᠮᠤᠯᠧᠺᠦ᠋ᠯᠲᠦ ᠮᠠᠲ᠋ᠧᠷᠢᠶᠠᠯ ᠢ ᠤᠯᠠᠨ ᠡᠰᠢᠵᠢᠬᠦᠯᠦᠨ ᠬᠥᠭᠵᠢᠭᠦᠯᠵᠦ᠂ 1.4 — ᠪᠥᠲ᠋ᠠᠨᠳᠢᠤᠯ | ᠵᠡᠷᠭᠡ ᠦᠢᠯᠡᠳᠬᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠲᠦᠯᠬᠢᠨ ᠠᠬᠢᠭᠤᠯᠵᠤ᠂ ᠠᠮᠤᠯᠦ᠋ᠨ᠂ | ᠵᠠᠳᠠᠷᠠᠵᠤ ᠪᠣᠯᠬᠤ ᠰᠦᠯᠢᠶᠣᠣ ᠵᠡᠷᠭᠡ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠵᠦ᠂ ᠪᠦᠬᠦ ᠤᠯᠤᠰ ᠤᠨ ᠠᠮᠢᠳᠤ | ᠪᠣᠳᠠᠰ ᠤᠨ ᠵᠠᠳᠠᠷᠠᠵᠤ ᠪᠣᠯᠬᠤ ᠰᠦᠯᠢᠶᠣᠣ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠢ ᠪᠦᠳᠦᠭᠡᠨ | ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠶ ᠪᠠᠷ | ᠪᠠᠶᠢᠭᠤᠯᠵᠤ᠂ ᠨᠡᠭᠦᠷᠡᠰᠦᠲᠥ᠋ᠷᠥᠭᠴᠢ ᠮᠠᠲ᠋ᠧᠷᠢᠶᠠᠯ ᠤᠨ ᠪᠠᠯ ᠴᠢᠯᠠᠭᠤ᠂ ᠯᠢᠲ᠋ᠢ ᠴᠠᠬᠢᠯᠭᠠᠨ ᠴᠡᠨᠡᠭ ᠵᠡᠷᠭᠡ ᠨᠢᠭᠡ ᠪᠦᠯᠦᠭ | ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠪᠠᠷ ᠰᠢᠨ᠎ᠡ ᠮᠠᠶ᠋ᠢᠭ ᠤᠨ ᠨᠡᠭᠦᠷᠡᠰᠦᠲᠥ᠋ᠷᠥᠭᠴᠢ ᠮᠠᠲ᠋ᠧᠷᠢᠶᠠᠯ ᠤᠨ | ᠨᠢᠭᠡ ᠴᠤᠭᠴᠠᠵᠢᠨ ᠬᠥᠭᠵᠢᠬᠦ ᠶᠢ ᠲᠥᠯᠬᠢᠨ ᠠᠬᠢᠭᠤᠯᠤᠨ᠎ᠠ᠃ ᠣᠷᠭᠠᠨᠢᠭ ᠴᠠᠬᠢᠭᠤᠷ᠂ ᠬᠡᠷᠡᠯᠯᠢᠭ ᠴᠡᠨᠡᠭ ᠤᠨ | ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠣᠯᠠᠨ ᠲᠠᠯᠠᠰᠲᠤ ᠴᠠᠬᠢᠭᠤᠷ᠂ ᠲᠠᠩ ᠲᠠᠯᠠᠰᠲᠤ | ᠴᠠᠬᠢᠭᠤᠷ᠂ ᠮᠥᠬᠦᠯᠢᠭᠲᠦ ᠴᠠᠬᠢᠭᠤᠷ ᠤᠨ ᠲᠥᠷᠥᠯ ᠵᠦᠢᠯ ᠢ ᠵᠦᠶ ᠵᠣᠬᠢᠰᠲᠠᠶ ᠪᠠᠶᠢᠷᠢᠰᠢᠭᠤᠯᠵᠤ᠂ ᠳᠣᠤᠷᠠᠳᠤ | ᠤᠷᠤᠰᠬᠠᠯ ᠤᠨ ᠢᠵᠢ ᠪᠥᠷᠢᠳᠦᠭᠰᠡᠨ ᠬᠡᠷᠴᠢᠮᠡᠯ ᠢᠯᠲᠠᠰᠤ᠂ ᠨᠡᠷᠡᠨ ᠡᠨᠧᠷᠭᠢ ᠶᠢᠨ ᠳ᠋ᠢᠶᠠᠨ ᡂᠢ ᠶᠢᠨ ᠲᠣᠨᠣᠭᠯᠠᠭᠠᠰᠤ | ᠵᠡᠷᠭᠡ ᠢᠵᠢ ᠪᠥᠷᠢᠳᠦᠭᠰᠡᠨ ᠠᠵᠤ ᠦᠢᠯᠡᠰ ᠢ ᠬᠥᠭᠵᠢᠭᠦᠯᠵᠦ᠂ ᠬᠡᠷᠡᠯᠯᠢᠭ ᠴᠡᠨᠡᠭ ᠤᠨ ᠮᠠᠲ᠋ᠧᠷᠢᠶᠠᠯ ᠤᠨ ᠠᠵᠤ | ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ H ᠬᠡᠯᠪᠡᠷᠢ ᠶᠢᠨ ᠪᠣᠯᠣᠳ ᠤᠨ ᠮᠡᠷᠭᠡᠵᠢᠯ ᠤᠨ ᠥᠭᠡᠷᠡᠴᠢᠯᠡᠯᠲᠡ ᠶᠢᠨ | ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠰᠠᠶᠢᠲᠤᠷ ᠠᠳᠬᠤᠵᠤ᠂ ᠰᠢᠨ᠎ᠡ ᠮᠠᠲ᠋ᠧᠷᠢᠶᠠᠯ ᠪᠠ ᠲᠣᠨᠤᠭ | ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢᠶᠠᠷ ᠳᠠᠶᠢᠴᠢᠯᠠᠭᠤᠯᠤᠨ᠂ ᠬᠠᠶᠢᠷᠤᠪ ᠤᠨ ᠲᠤᠬᠤᠢ ᠶᠢᠨ ᠲᠤᠤᠷ᠎ᠠ | ᠨᠡᠭᠦᠷᠡᠰᠦᠲᠥ᠋ᠷᠥᠭᠴᠢᠲᠤ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠤᠨ᠎ᠠ᠃ | ᠠᠵᠤ ᠦᠢᠯᠡᠰ ᠤᠨ ᠰᠢᠨ᠎ᠡ ᠬᠥᠳᠡᠯᠭᠡᠭᠴᠢ ᠡᠨᠧᠷᠭᠢ ᠶᠢᠨ ᠬᠥᠭᠵᠢᠨ ᠪᠤᠵᠠᠭᠠᠢᠢᠷᠠᠬᠤ ᠶᠢ ᠬᠦᠴᠦᠯᠡᠨ | ᠠᠬᠢᠭᠤᠯᠤᠨ᠎ᠠ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠶᠡᠭᠡ ᠪᠠᠷ ᠪᠤᠶᠢᠵᠢᠭᠤᠯᠤᠨ | ᠬᠥᠭᠵᠢᠭᠦᠯᠵᠦ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ | ᠦᠷᠳᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠶᠢᠰᠢ ᠤᠷᠲᠤᠳᠬᠠᠬᠤ᠂ ᠠᠮᠢᠳᠤᠷᠠᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠶ ᠪᠠ ᠤᠯᠠᠨ ᠶᠠᠩᠵᠤᠴᠢᠯᠠᠯᠳᠠ ᠲᠡᠶᠢᠰᠢ ᠲᠡᠰ ᠳᠡᠪᠰᠢᠭᠦᠯᠬᠦ ᠶᠢ | ᠲᠦᠯᠬᠢᠨ ᠠᠬᠢᠭᠤᠯᠤᠨ᠎ᠠ᠃ ᠠᠭᠠᠷ ᠤᠨ ᠠᠶᠠᠯᠠᠯ ᠤᠨ ᠭᠠᠷᠠᠮ ᠤᠨ ᠪᠠᠷᠠᠭᠠᠨ ᠤ ᠭᠦᠢᠯᠭᠡᠭᠡ ᠪᠠ ᠭᠠᠷᠠᠮ ᠳᠠᠭᠠᠤ ᠶᠢᠨ | ᠠᠵᠤ ᠠᠬᠤᠶ ᠶᠢ ᠢᠳᠡᠪᠬᠢᠲᠡᠶ ᠪᠠᠷ ᠬᠥᠭᠵᠢᠭᠦᠯᠵᠦ᠂ ᠠᠶᠠᠯᠠᠯ ᠨᠡᠪᠲᠡᠷᠡᠬᠦ ᠶᠤᠰᠣᠯᠠᠯ ᠵᠡᠷᠭᠡ ᠠᠵᠢᠯᠯᠠᠭ᠎ᠠ ᠶᠢ ᠡᠷᠬᠢᠯᠡᠵᠦ᠂ | ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠤᠢᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠤᠨ | ᠲᠣᠣᠷ ᠢ ᠰᠦᠪᠡᠭᠴᠢᠯᠡᠨ ᠪᠠᠶᠢᠭᠤᠯᠵᠤ᠂ ᠠᠶᠠᠯᠠᠯ ᠨᠡᠪᠲᠡᠷᠡᠬᠦ ᠪᠠ ᠠᠷᠠᠳ ᠤᠨ ᠠᠭᠠᠷ ᠤᠨ ᠠᠶᠠᠯᠠᠯ ᠤᠨ | ᠬᠥᠭᠵᠢᠯᠲᠡ ᠶᠢᠨ ︽ᠬᠤᠶᠠᠷ ᠵᠢᠭᠦᠷ ᠵᠡᠷᠭᠡᠪᠡᠷ ᠨᠢᠰᠬᠦ︾ ᠶᠢ ᠲᠦᠯᠬᠢᠨ ᠠᠬᠢᠭᠤᠯᠤᠨ᠎ᠠ᠃ ᠣᠲᠣ ᠦᠶ᠎ᠡ ᠶᠢᠨ ᠪᠠᠷᠠᠭᠠᠨ ᠤ | ᠬᠦᠢᠯᠭᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠡᠶᠢᠲᠡᠯᠡᠵᠦ᠂ ᠣᠲᠣ ᠦᠶ᠎ᠡ ᠶᠢᠨ ᠤᠶᠤᠨᠲᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠭᠡᠭᠡᠨ ᠪᠠ ᠰᠦᠯᠵᠢᠶᠡᠨ | ᠳᠡᠭᠡᠷᠡᠬᠢ ᠪᠠᠷᠠᠭᠠᠨ ᠤ ᠬᠦᠢᠯᠭᠡᠭᠡᠨ ᠤ ᠦᠢᠯᠡᠴᠢᠯᠡᠭᠡᠨ ᠤ ᠲᠠᠪᠴᠠᠩ᠂ ᠤᠶᠤᠨᠲᠤ ᠵᠠᠰᠠᠮᠠᠯ ᠵᠠᠮ ᠤᠨ ᠭᠠᠷᠠᠮ ᠢ | ᠪᠥᠲᠥᠭᠡᠨ ᠪᠠᠶᠢᠭᠤᠯᠵᠤ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ᠂ ︽ᠵᠠᠰᠠᠮᠠᠯ ᠵᠠᠮ ᠠᠴᠠ ᠲᠡᠮᠦᠷ ᠵᠠᠮ | ᠳᠤ ᠰᠢᠯᠵᠢᠬᠦ︾᠂ ᠲᠡᠮᠦᠷ ᠵᠠᠮ ᠲᠡᠯᠡᠶ ᠶᠢᠨ ᠵᠠᠮ ᠤᠨ ᠬᠤᠯᠪᠣᠭᠠᠯᠠᠨ ᠲᠡᠭᠡᠭᠡᠪᠦᠷᠢᠯᠡᠬᠦ ᠶᠢ ᠶᠡᠬᠡᠪᠡᠷ ᠬᠥᠭᠵᠢᠭᠦᠯᠵᠦ᠂ | ᠤᠯᠠᠮᠵᠢᠯᠠᠯᠲᠤ ᠪᠠᠷᠠᠭᠠᠨ ᠤ ᠬᠦᠢᠯᠭᠡᠭᠡᠨ ᠢ ︽ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ︾ ᠳᠠᠰᠢ ᠬᠡᠯᠪᠡᠷᠢ ᠪᠠᠨ | ᠬᠤᠪᠢᠷᠠᠭᠤᠯᠬᠤ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ | ᠶᠡᠭᠡ ᠬᠡᠮᠵᠢᠶᠡᠨ ᠤ ᠲᠠᠸᠠᠷ ᠤᠨ ᠪᠠᠷᠠᠭᠠᠨ ᠤ ᠬᠦᠢᠯᠭᠡᠭᠡᠨ ᠤ ᠬᠦᠢᠰᠦ ᠶᠢ ᠬᠦᠴᠦᠯᠡᠨ ᠪᠣᠶ ᠪᠣᠯᠭᠠᠨ᠎ᠠ᠃ ᠶᠡᠷᠦᠩᠬᠡᠶ | ᠬᠡᠯᠲᠡᠰ ᠤᠨ ᠠᠵᠤ ᠠᠬᠤᠶ᠂ ᠲᠤᠭᠠᠵᠢᠭᠤᠯᠤᠭᠰᠠᠨ ᠠᠵᠤ ᠠᠬᠤᠶ᠂ ᠰᠦᠯᠵᠢᠶᠡᠨ ᠤ ᠳᠡᠯᠭᠡᠭᠦᠷ ᠤᠨ ᠠᠵᠤ ᠠᠬᠤᠶ᠂ | ᠦᠵᠡᠬᠦᠯᠦᠯᠭᠡ ᠶᠢᠨ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠦᠨ᠎ᠡ᠃ ᠭᠤᠣᠯ ᠬᠤᠲᠠ ᠶᠢᠨ ᠲᠣᠭᠤᠷᠢᠭ ᠤᠨ | ᠬᠤᠳᠠᠯᠳᠤᠭᠠᠨ ᠤ ᠲᠣᠭᠤᠷᠢᠭ ᠤᠨ ᠳᠠᠬᠢᠨ ᠳᠠᠪᠲᠠᠨ ᠳᠡᠰ ᠳᠡᠪᠰᠢᠬᠦ ᠶᠢ ᠲᠦᠷᠭᠡᠳᠬᠡᠵᠦ᠂ ᠨᠢᠭᠡ ᠪᠦᠯᠦᠭ ᠨᠠᠷᠠᠲᠤ | ᠲᠥᠷᠥᠯ ᠲᠡᠮᠳᠡᠭᠲᠦ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠨᠢᠭᠡ ᠪᠦᠯᠦᠭ ᠣᠷᠣᠨ ᠨᠤᠲᠤᠭ ᠤᠨ | ᠰᠦᠯᠵᠢᠶᠡᠨ ᠤ ᠳᠡᠯᠭᠡᠭᠦᠷ᠂ ᠰᠦᠯᠵᠢᠶᠡᠨ ᠤ ᠬᠤᠳᠠᠯᠳᠤᠭᠠᠴᠢᠨ ᠢ ᠪᠤᠶᠢᠵᠢᠭᠤᠯᠤᠨ᠂ ᠨᠢᠭᠡ ᠪᠦᠯᠦᠭ ᠣᠨᠴᠠᠯᠢᠭ ᠢᠶᠠᠷ | ᠢᠯᠡ ᠲᠣᠳᠣ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠰᠥᠨᠢ ᠶᠢᠨ ᠠᠵᠤ ᠠᠬᠤᠶ ᠶᠢᠨ ᠴᠤᠭᠯᠠᠷᠠᠯ ᠤᠨ | ᠲᠣᠭᠤᠷᠢᠭ᠂ ᠬᠤᠳᠠᠯᠳᠤᠭ᠎ᠠ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ ᠪᠠᠶᠢᠭᠤᠯᠵᠤ᠂ | ︽ᠪᠠᠷᠠᠭ᠎ᠠ ᠬᠤᠳᠠᠯᠳᠤᠨ ᠠᠪᠬᠤ + ᠠᠮᠲᠠᠲᠤ ᠢᠳᠡᠭᠡᠨ + ᠰᠡᠯᠡᠭᠦᠴᠡᠯ︾ ᠢ ᠨᠢᠭᠡ ᠴᠣᠠᠠᠴᠠᠵᠢᠭᠤᠯᠥᠠᠠᠰᠠᠨ ᠬᠠᠮ | ᠬᠡᠯᠪᠡᠷᠢ ᠶᠢᠨ ᠬᠡᠷᠡᠭᠯᠡᠭᠡᠨ ᠤ ᠬᠡᠯᠬᠢᠶ᠎ᠡ ᠶᠢ ᠴᠣᠭᠴᠠᠯᠠᠨ ᠪᠠᠶᠢᠭᠤᠯᠵᠤ᠂ ︽ᠦᠬᠠᠶ ᠳᠠᠬᠢ ᠠᠭᠤᠯᠵᠠᠯᠳᠠ︾ ᠪᠠ | ︽ᠦᠬᠠᠶ ᠶᠢᠨ ᠪᠡᠯᠡᠭ︾ ᠵᠡᠷᠭᠡ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠣᠷᠣᠨ ᠪᠦᠰᠡ ᠶᠢᠨ ᠬᠡᠷᠡᠭᠯᠡᠭᠡᠨ ᠤ ᠴᠤᠭᠯᠠᠷᠠᠯ ᠤᠨ ᠭᠠᠵᠠᠷ ᠢ | ᠬᠦᠴᠦᠯᠡᠨ ᠪᠣᠶ ᠪᠣᠯᠭᠠᠨ᠎ᠠ᠃ ᠪᠥᠬᠦ ᠣᠷᠣᠨ ᠪᠦᠰᠡ ᠪᠥᠬᠦ ᠤᠯᠠᠷᠢᠯ ᠤᠨ᠂ ᠵᠦᠷᠢᠶᠡᠴᠢᠯᠡᠭᠰᠡᠨ ᠳᠡᠭᠡᠳᠦ | ᠦᠵᠦᠭᠦᠷᠴᠢᠯᠡᠭᠰᠡᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠠᠭᠤᠯᠠ᠂ | ᠤᠰᠤ᠂ ᠡᠯᠡᠰᠦ᠂ ᠬᠤᠲᠠ︾ ᠶᠢᠨ ᠥᠪᠡᠷᠮᠢᠴᠡ ᠦᠵᠡᠮᠵᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠬᠠᠲᠤᠨ ᠭᠤᠤᠯ | ᠳᠠᠭᠠᠤ ᠶᠢᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠬᠦᠢᠴᠡᠳ | ᠠᠭᠤᠰᠤᠯᠴᠠᠭᠤᠯᠵᠤ᠂ ᠥᠪᠡᠷᠮᠢᠴᠡ ᠣᠨᠴᠠᠯᠢᠭ ᠲᠠᠢ ᠦᠵᠦᠮ ᠤᠨ ᠠᠷᠢᠬᠢ ᠶᠢᠨ ᠡᠳ᠋ᠯᠡᠩ ᠵᠡᠷᠭᠡ ᠰᠣᠳᠣᠨ | ᠦᠵᠡᠮᠵᠢ ᠶᠢᠨ ᠣᠷᠣᠨ ᠢ ᠪᠤᠶᠢᠵᠢᠭᠤᠯᠤᠨ᠂ ᠦᠬᠠᠶ ᠨᠠᠭᠤᠷ ᠤᠨ ᠦᠵᠡᠮᠵᠢ ᠶᠢᠨ ᠣᠷᠣᠨ ᠤ ᠤᠯᠤᠰ ᠤᠨ 5A | ᠲᠠᠰ ᠤᠨ ᠦᠵᠡᠮᠵᠢ ᠶᠢᠨ ᠣᠷᠣᠨ᠂ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ | ᠪᠠᠶᠢᠭᠤᠯᠬᠤ ᠶᠢ ᠠᠬᠢᠭᠤᠯᠤᠨ᠎ᠠ᠃ 654 ᠶᠢᠨ ︽ᠵᠢᠵᠢᠭ ᠭᠤᠷᠪᠠᠨ ᠱᠣᠭᠤᠮ︾ ᠤᠨ ᠴᠡᠷᠢᠭ ᠤᠨ ᠠᠵᠤ | ᠦᠢᠯᠡᠳᠪᠦᠷᠢ ᠶᠢᠨ ᠰᠣᠶᠣᠯ ᠤᠨ ᠬᠦᠷᠢᠶᠡᠯᠡᠩ ᠵᠡᠷᠭᠡ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ ᠢ ᠬᠥᠭᠵᠢᠭᠦᠯᠵᠦ᠂ ᠨᠢᠭᠡ | ᠪᠦᠯᠦᠭ ᠰᠦᠯᠵᠢᠶᠡᠨ ᠤ ᠬᠠᠯᠠᠮᠰᠢᠯ ᠤᠨ ᠭᠠᠵᠠᠷ ᠢ ᠤᠬᠠᠭᠠᠯᠠᠨ ᠪᠠᠶᠢᠭᠤᠯᠵᠤ᠂ ᠵᠢᠭᠤᠯᠴᠢᠯᠠᠯ ᠰᠡᠯᠡᠭᠦᠴᠡᠯ ᠤᠨ ᠬᠤᠳᠠ | ᠪᠠ ᠬᠠᠳᠤᠨ ᠭᠤᠣᠯ ᠤᠨ ᠰᠠᠪᠠ ᠭᠠᠵᠠᠷ ᠤᠨ ᠵᠢᠭᠤᠯᠴᠢᠯᠠᠯ ᠤᠨ ᠵᠣᠷᠢᠭᠰᠠᠨ ᠭᠠᠵᠠᠷ ᠤᠨ ᠬᠤᠳᠠ ᠶᠢ ᠡᠭᠦᠳᠦᠨ | ᠪᠠᠶᠢᠭᠤᠯᠤᠨ᠎ᠠ᠃ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠪᠠ | ᠥᠨᠳᠥᠷ ᠬᠢᠷᠢ ᠲᠦᠪᠰᠢᠨ ᠪᠥᠬᠦᠶ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ︽ᠠᠭᠠᠷ ᠤᠨ ᠠᠶᠠᠯᠠᠯ + ᠵᠢᠭᠤᠯᠴᠢᠯᠠᠯ︾ ︽ᠠᠷᠠᠳ ᠤᠨ ᠰᠠᠭᠤᠴᠠ + ᠵᠢᠭᠤᠯᠴᠢᠯᠠᠯ︾ ᠵᠡᠷᠭᠡ ᠤᠨᠴᠠᠯᠢᠬᠳᠤ | ᠵᠢᠭᠤᠯᠴᠢᠯᠠᠯ ᠤᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢ ᠲᠦᠷᠭᠡᠳᠬᠡᠵᠦ᠂ ᠰᠣᠶᠣᠯ ᠵᠢᠭᠤᠯᠴᠢᠯᠠᠯ ᠤᠨ | ᠰᠣᠳᠣᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ︽ᠦᠬᠠᠶ ᠶᠢᠨ ᠠᠷᠪᠠᠨ ᠦᠵᠡᠮᠵᠢ︾ ᠶᠢᠨ ᠵᠢᠭᠤᠯᠴᠢᠯᠠᠯ ᠤᠨ | ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠨ᠎ᠠ᠃ ᠵᠢᠭᠤᠯᠴᠢᠯᠠᠯ ᠤᠨ ᠡᠵᠡᠩᠨᠡᠯᠲᠡ | ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ | ︵ᠬᠤᠶᠠᠷ︶ ᠠᠮᠢ ᠠᠬᠤᠢ ᠶᠢ ᠤᠷᠢᠳᠠᠪᠡᠷ ᠪᠤᠲᠤᠯᠭᠢᠯᠠᠨ ᠪᠣᠬᠢᠷᠲᠤᠯ ᠦᠭᠡᠢ ᠪᠠᠷ ᠬᠥᠭᠵᠢᠭᠦᠯᠬᠦ ᠶᠢ | ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠠᠮᠢ ᠠᠬᠤᠢ ᠶᠢᠨ ᠪᠣᠯᠪᠠᠰᠤᠨ ᠤ ᠰᠢᠨ᠎ᠡ ᠳᠡᠭᠡᠭᠰᠢᠯᠡᠯᠲᠡ ᠶᠢ | ᠪᠡᠶᠡᠯᠡᠭᠦᠯᠬᠦ ᠶᠢ ᠠᠬᠢᠭᠤᠯᠤᠨ᠎ᠠ | ᠰᠢ ᠶᠢᠨ ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ︽ᠬᠦᠮᠦᠰ ᠬᠦᠭᠡ ᠠᠭᠤᠯᠠ ᠶᠢ ᠬᠥᠰᠡᠷᠳᠡᠭᠦᠯᠬᠦ ᠦᠭᠡᠶ ᠪᠣᠯ ᠬᠦᠭᠡ ᠠᠭᠤᠯᠠ ᠬᠦᠮᠦᠰ ᠢ | ᠬᠥᠰᠡᠷᠳᠡᠭᠦᠯᠬᠦ ᠦᠭᠡᠶ︾ ᠭᠡᠬᠦ ᠪᠠᠶᠢᠯᠳᠤᠬᠤ ᠪᠣᠳᠣᠯᠭ᠎ᠠ ᠶᠢᠨ ᠪᠠᠲᠤ ᠬᠦᠴᠦᠨ ᠢᠶᠠᠷ ᠠᠮᠢ ᠠᠬᠤᠢ ᠶᠢᠨ ᠣᠷᠴᠢᠨ | ᠲᠣᠭᠤᠷᠢᠨ ᠢ ᠦᠪᠡᠷ ᠤᠨ ᠨᠢᠳᠦ ᠪᠠᠨ ᠬᠠᠮᠠᠭᠠᠯᠠᠬᠤ ᠲᠠᠢ ᠠᠳᠠᠯᠢ ᠪᠠᠷ ᠬᠠᠮᠠᠭᠠᠯᠠᠵᠤ᠂ ᠦᠪᠡᠷ ᠤᠨ ᠠᠮᠢ ᠨᠠᠰᠤᠨ | ᠳᠠᠭᠠᠨ ᠬᠠᠨᠳᠤᠬᠤ ᠲᠠᠢ ᠠᠳᠠᠯᠢ ᠪᠠᠷ ᠠᠮᠢ ᠠᠬᠤᠢ ᠶᠢᠨ ᠣᠷᠴᠢᠨ ᠲᠣᠭᠤᠷᠢᠨ ᠳᠤ ᠬᠠᠨᠳᠤᠵᠤ᠂ ᠡᠵᠢ ᠭᠤᠣᠯ ᠢ | ᠬᠠᠮᠠᠭᠠᠯᠠᠬᠤ ᠶᠢ ᠢᠮᠠᠭᠲᠠ ᠳᠤᠪᠤᠶᠢᠮ᠎ᠠ ᠪᠠᠶᠢᠷᠢᠨ ᠳᠤ ᠲᠠᠯᠪᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ | ᠪᠠᠭᠠᠰᠬᠠᠬᠤ ᠶᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ | ᠦᠬᠠᠢ ᠶᠢᠨ ᠬᠦᠴᠦᠨ ᠴᠢᠳᠠᠯ ᠢᠶᠠᠨ ᠡᠷᠭᠦᠨ᠎ᠡ᠃ ᠠᠮᠢ ᠠᠬᠤᠶ ᠶᠢᠨ ᠣᠷᠴᠢᠨ ᠲᠤᠭᠤᠷᠢᠨ ᠤ ᠲᠤᠪᠤᠶᠢᠮ᠎ᠠ | ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠤᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠵᠡᠷᠭᠡ ᠡᠯ᠎ᠡ ᠲᠥᠷᠥᠯ ᠤᠨ ᠬᠠᠷᠢᠭᠤ ᠲᠤᠰᠬᠠᠭᠰᠠᠨ | ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠠᠳᠬᠤᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ | ᠠᠬᠢᠴᠠ ᠪᠠᠨ ᠲᠦᠷᠭᠡᠳᠬᠡᠵᠦ᠂ ᠣᠯᠠᠨ ᠲᠦᠮᠡᠨ ᠤ ᠲᠤᠰᠬᠠᠯ ᠶᠡᠬᠡᠲᠡᠶ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠠᠰᠠᠭᠤᠳᠠᠯ ᠢ ᠨᠢᠭᠡ ᠠᠴᠠ ᠵᠦᠢᠴᠢᠯᠡᠵᠦ᠂ ᠠᠮᠢ ᠠᠬᠤᠶ ᠶᠢᠨ ᠣᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠬᠤ ᠶᠢ ᠳᠥᠯᠭᠢᠨ ᠠᠬᠢᠭᠤᠯᠵᠤ᠂ ᠠᠵᠢᠯ ᠳᠠᠭᠠᠨ ᠴᠠᠭᠠᠷᠠᠭᠰᠠᠨ ᠦᠷ᠎ᠡ ᠪᠦᠲᠦᠮᠵᠢ ᠪᠠᠷ ᠢᠶᠠᠨ ᠰᠢᠨ᠎ᠡ | ᠨᠢᠭᠡ ᠡᠭᠡᠯᠵᠢ ᠶᠢᠨ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠣᠭᠳᠣᠨ᠎ᠠ᠃ | ᠠᠮᠢ ᠠᠬᠤᠶ ᠶᠢᠨ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ | ᠪᠠᠲᠤᠲᠠᠶ ᠲᠦᠯᠬᠢᠨ ᠠᠬᠢᠭᠤᠯᠤᠨ᠎ᠠ᠃ ᠪᠣᠬᠢᠷᠲᠤᠯ ᠢ ᠵᠠᠰᠠᠬᠤ ᠥᠨᠳᠥᠷ ᠳᠠᠷᠤᠯᠲᠠ ᠲᠠᠢ ᠪᠠᠶᠢᠳᠠᠯ ᠢ ᠪᠠᠲᠤᠯᠠᠵᠤ᠂ | ︽ᠳᠤᠯᠤᠭ᠎ᠠ ᠶᠢ ᠵᠠᠰᠠᠬᠤ︾ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ | ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ | ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠶᠢ ᠡᠷᠡᠰ ᠭᠤᠶᠢᠪᠢᠰᠢ ᠥᠬᠡᠶ ᠪᠠᠷ ᠠᠬᠢᠭᠤᠯᠤᠨ᠂ ︽ᠬᠤᠶᠠᠷ | ᠬᠠᠷᠢᠭᠤᠴᠠᠯᠭ᠎ᠠ ᠬᠤᠶᠠᠷ ᠲᠠᠷᠤᠭ᠎ᠠ ᠶᠢᠨ ᠲᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ | ᠠᠭᠤᠷᠬᠠᠶ ᠶᠢ 12 ᠪᠠᠶᠢᠭᠤᠯᠤᠨ᠎ᠠ᠃ ᠲᠣᠭᠤᠰᠣ ᠳᠡᠭᠳᠡᠬᠦ ᠶᠢ ᠬᠢᠨᠠᠨ ᠡᠵᠡᠮᠳᠡᠬᠦ ᠰᠢᠰᠲ᠋ᠧᠮ ᠤᠨ ᠲᠠᠪᠴᠠᠩ ᠢ | ᠲᠡᠭᠦᠯᠳᠡᠷᠵᠢᠭᠦᠯᠵᠦ᠂ ︽ᠲᠠᠷᠠᠬᠠᠶ ᠪᠤᠲᠠᠷᠬᠠᠶ ᠪᠠᠶᠢᠭᠰᠠᠨ ᠢ ᠲᠥᠪᠯᠡᠷᠡᠭᠦᠯᠦᠨ ᠬᠤᠷᠢᠶᠠᠬᠤ ᠪᠣᠯᠭᠠᠨ ᠥᠭᠡᠷᠡᠴᠢᠯᠡᠬᠦ︾ | ︽ᠲᠦᠯᠡᠰᠢ ᠶᠢ ᠴᠠᠬᠢᠯᠭᠠᠨ ᠪᠣᠯᠭᠠᠨ ᠥᠭᠡᠷᠡᠴᠢᠯᠡᠬᠦ︾ ︽ᠲᠦᠯᠡᠰᠢ ᠶᠢ ᠤᠰᠤᠲᠥ᠋ᠷᠥᠭᠴᠢ ᠪᠣᠯᠭᠠᠨ ᠥᠭᠡᠷᠡᠴᠢᠯᠡᠬᠦ︾ | ᠵᠡᠷᠭᠡ ᠪᠣᠬᠢᠷᠲᠤᠯ ᠥᠬᠡᠶ ᠪᠠᠷ ᠲᠠᠮᠵᠢᠭᠤᠯᠬᠤ ᠠᠷᠭ᠎ᠠ ᠮᠠᠶ᠋ᠢᠭ ᠢ ᠶᠡᠬᠡᠪᠡᠷ ᠳᠡᠯᠭᠡᠷᠡᠭᠦᠯᠵᠦ᠂ ᠦᠢᠯᠡᠳᠪᠦᠷᠢᠯᠡᠯ ᠤᠨ | ᠭᠤᠭᠴᠤᠭ᠎ᠠ ᠳᠠᠬᠢ ᠲᠣᠭᠤᠰᠣ ᠳᠡᠭᠳᠡᠬᠦ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠨ᠎ᠠ᠃ | ᠭᠤᠣᠯᠳᠠᠯᠭ᠎ᠠ ᠲᠠᠢ ᠠᠵᠢᠯ ᠲᠦᠷᠦᠯ ᠤᠨ ᠣᠨᠴᠠᠭᠠᠶ ᠭᠠᠳᠠᠭᠰᠢᠯᠠᠭᠤᠯᠤᠯᠲᠠ ᠶᠢᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠭᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠴᠠᠬᠢᠯᠠᠭᠤᠷ | ᠴᠢᠯᠠᠭᠤ ᠦᠢᠯᠡᠳᠪᠦᠷᠢᠯᠡᠬᠦ ᠴᠢᠳᠠᠪᠤᠷᠢ ᠶᠢᠨ ᠬᠡᠮᠵᠢᠶ᠎ᠡ ᠪᠠᠨ ᠪᠠᠭᠠᠰᠬᠠᠬᠤ ᠶᠢ ᠬᠡᠷᠡᠭᠵᠢᠭᠦᠯᠵᠦ᠂ 3 ᠲᠦᠮᠡᠨ | ᠺᠢᠯᠣᠧᠣᠯᠲ ᠠᠮᠫᠧᠷ ᠠᠴᠠ ᠳᠣᠷᠣᠭᠰᠢᠬᠢ ᠠᠭᠤᠷᠬᠠᠶ ᠶᠢᠨ ᠢᠯᠴᠢ ᠶᠢᠨ ᠵᠤᠤᠬ᠎ᠠ ᠶᠢ ᠪᠦᠬᠦ ᠲᠠᠯ᠎ᠠ ᠪᠠᠷ | ᠭᠡᠭᠡᠭᠳᠡᠭᠦᠯᠦᠨᠡ᠃ 5405 ᠡᠷᠦᠬᠡ ᠶᠢᠨ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢ ᠪᠡᠶᠡᠯᠡᠭᠦᠯᠵᠦ᠂ | ᠪᠠᠶᠢᠭᠤᠯᠤᠭᠰᠠᠨ ᠲᠣᠭᠤᠷᠢᠭ ᠤᠨ 65 ᠠᠭᠤᠷᠰᠢᠯᠳᠠ ᠶᠢᠨ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ | ᠰᠢᠲᠠᠭᠠᠬᠤ ᠭᠦᠸᠧᠯᠦ ᠶᠢ ᠲᠦᠷᠭᠡᠳᠬᠡᠨ ᠰᠢᠭᠰᠢᠭᠳᠡᠭᠦᠯᠵᠦ᠂ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ | ᠳᠤᠯᠠᠭᠠᠯᠠᠭ᠎ᠠ ᠶᠢᠨ ᠲᠤᠷᠰᠢᠯᠲᠠ ᠶᠢᠨ ᠬᠤᠲᠠ ᠶᠢ ᠴᠢᠷᠮᠠᠶᠢᠨ ᠡᠭᠦᠳᠦᠨ᠎ᠡ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ᠂ | ᠣᠽᠣᠨ᠂ PM10 ᠶᠢ ᠬᠠᠮᠵᠢᠯᠴᠠᠭᠤᠯᠤᠨ ᠡᠵᠡᠮᠳᠡᠬᠦ ᠶᠢ ᠲᠦᠯᠬᠢᠨ ᠠᠬᠢᠭᠤᠯᠤᠨ᠎ᠠ᠃ ᠨᠡᠭᠦᠷᠡᠰᠦ ᠤᠬᠢᠶᠠᠵᠤ ᠰᠢᠯᠢᠬᠦ | ᠠᠵᠢᠯ ᠲᠦᠷᠦᠯ ᠤᠨ ᠲᠤᠰᠬᠠᠶ ᠵᠦᠢᠯ ᠤᠨ ᠵᠠᠰᠠᠯᠲᠠ ᠶᠢ ᠥᠷᠨᠢᠭᠦᠯᠦᠨ᠎ᠡ᠃ ᠬᠥᠷᠥᠰᠥ ᠰᠢᠷᠣᠶ ᠶᠢᠨ ᠣᠷᠴᠢᠨ | ᠲᠤᠭᠤᠷᠢᠨ ᠤ ᠲᠦᠷᠦᠯ ᠬᠤᠪᠢᠶᠠᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠶᠡᠭᠡ ᠬᠡᠮᠵᠢᠶᠡᠨ ᠤ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ | ᠃ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠵᠦ ᠬᠤᠯᠪᠣᠭᠠᠯᠠᠨ ᠵᠠᠰᠠᠬᠤ ᠶᠢ ᠴᠢᠩᠭᠠᠳᠬᠠᠵᠤ᠂ ᠪᠣᠬᠢᠷᠲᠤᠯ ᠢ ᠬᠠᠮᠵᠢᠯᠴᠠᠨ ᠵᠠᠰᠠᠬᠤ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠶᠢ | ᠬᠦᠴᠦᠲᠡᠶ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠵᠠᠰᠠᠨ | ᠰᠡᠷᠭᠦᠭᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠭᠤᠷᠪᠠᠨ ᠱᠤᠭᠤᠮ ᠨᠢᠭᠡ ᠲᠠᠩᠰᠠ︾ ᠶᠢ ᠴᠢᠩᠭ᠎ᠠ | ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠴᠢᠨ ᠲᠤᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ | ᠰᠢᠰᠲ᠋ᠧᠮ ᠢ ᠪᠦᠷᠢᠨᠰᠢᠬᠦᠯᠦᠨ᠎ᠠ᠃ ᠭᠤᠤᠯ ᠤᠨ ᠳᠠᠷᠤᠭ᠎ᠠ ᠶᠢᠨ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠭᠤᠤᠯ | ᠮᠥᠷᠡᠨ ᠨᠠᠭᠤᠷ ᠴᠥᠭᠦᠷᠥᠮ ᠤᠨ ︽ᠳᠥᠷᠪᠡᠨ ᠲᠤᠷ᠎ᠠ ᠶᠢ ᠠᠷᠢᠯᠭᠠᠬᠤ︾ ᠶᠢ ᠪᠠᠶᠢᠩᠭᠤᠵᠢᠭᠤᠯᠤᠨ ᠠᠬᠢᠭᠤᠯᠵᠤ᠂ | ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠬᠠᠮᠢᠶᠠᠷᠤᠯᠲᠠ ᠪᠠᠨ ᠴᠢᠩᠭᠠᠳᠬᠠᠨ᠂ ᠬᠠᠲᠤᠨ | ᠭᠤᠤᠯ ᠤᠨ ᠰᠠᠶᠢᠷᠭᠠᠯ ᠤᠨ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠢᠳᠡᠪᠬᠢᠲᠡᠶ | ᠯᠠᠪᠳᠠᠭᠤᠨ ᠢᠶᠠᠷ ᠰᠠᠶᠢᠲᠤᠷ ᠬᠢᠵᠦ᠂ ᠤᠰᠤᠨ ᠠᠰᠢᠭᠯᠠᠯᠲᠠ ᠶᠢᠨ ᠬᠦᠢᠰᠣ ᠶᠢᠨ ᠣᠷᠣᠨ ᠤ ᠡᠯᠡᠰᠦ ᠰᠢᠪᠠᠷ ᠢ | ᠵᠠᠰᠠᠬᠤ ᠶᠢ ᠠᠬᠢᠭᠤᠯᠵᠤ᠂ ᠬᠠᠲᠤᠨ ᠭᠤᠤᠯ ᠤᠨ ᠦᠬᠠᠶ ᠶᠢᠨ ᠬᠡᠰᠡᠭ ᠤᠨ ᠤᠰᠤᠨ ᠤ ᠴᠢᠨᠠᠷ ᠢ ᠰᠠᠶᠢᠵᠢᠷᠠᠭᠤᠯᠵᠤ᠂ | ᠠᠮᠢ ᠠᠬᠤᠶ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ | ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ | ᠥᠷᠨᠢᠭᠦᠯᠦᠨ᠂ ᠤᠰᠤᠨ ᠤ ᠡᠬᠢ ᠪᠠᠶᠠᠯᠢᠭ ᠤᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠶᠢ | ᠠᠷᠪᠢᠯᠠᠬᠤ ᠬᠡᠯᠪᠡᠷᠢ ᠶᠢᠨ ᠬᠤᠳᠠ ᠶᠢ ᠪᠦᠳᠦᠭᠡᠨ ᠪᠠᠶᠢᠭᠤᠯᠤᠨ᠎ᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ | ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠢ ᠵᠠᠰᠠᠬᠤ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠲᠦᠷᠭᠡᠪᠴᠢᠯᠡᠨ | ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠪᠠ ᠤᠯᠤᠰ ᠤᠨ ᠪᠠᠶᠢᠯᠳᠤᠬᠤ ᠪᠤᠳᠤᠯᠭ᠎ᠠ ᠶᠢᠨ | ᠬᠠᠷᠠᠯᠲᠠ ᠪᠠᠷ ᠬᠥᠲᠥᠯᠦᠮᠵᠢ ᠪᠣᠯᠭᠠᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠠᠵᠢᠯᠯᠠᠭ᠎ᠠ ᠶᠢᠨ | ᠲᠥᠰᠦᠯ ᠢ ᠨᠠᠶᠢᠷᠠᠭᠤᠯᠤᠨ ᠵᠣᠬᠢᠶᠠᠵᠤ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠶᠢ ᠤᠷᠮᠠᠰᠢᠭᠤᠯᠤᠨ ᠬᠢᠵᠠᠭᠠᠷᠯᠠᠬᠤ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠᠨ ᠲᠡᠭᠦᠯᠳᠡᠷᠵᠢᠭᠦᠯᠵᠦ᠂ ᠡᠬᠢ ᠡᠭᠦᠰᠦᠯ᠂ ᠶᠠᠪᠤᠴᠠ᠂ | ᠲᠡᠭᠦᠰᠬᠡᠯ ᠤᠨ ᠡᠯ᠎ᠡ ᠭᠤᠭᠴᠤᠭ᠎ᠠ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ︽ᠬᠤᠤᠰ ᠦᠨᠳᠦᠷ︾ ᠲᠦᠷᠦᠯ | ᠵᠦᠢᠯ ᠤᠨ ᠲᠣᠭᠲᠠᠭᠠᠯ ᠠᠴᠠ ᠵᠥᠷᠢᠴᠡᠨ ᠡᠨᠧᠷᠭᠢ ᠬᠡᠷᠡᠭᠯᠡᠬᠦ ᠪᠠ ᠡᠮᠬᠢ ᠵᠢᠷᠤᠮ ᠥᠬᠡᠶ ᠪᠠᠷ ᠡᠨᠧᠷᠭᠢ ᠬᠡᠷᠡᠭᠯᠡᠬᠦ ᠶᠢ | ᠡᠷᠡᠰ ᠬᠤᠷᠢᠭᠯᠠᠨ᠎ᠠ᠃ ᠬᠤᠴᠣᠷᠤᠩᠭᠤᠶ᠂ ᠳᠣᠣᠷ᠎ᠠ ᠲᠡᠰ ᠤᠨ᠂ ᠳᠣᠣᠷ᠎ᠠ ᠦᠷ᠎ᠡ ᠠᠰᠢᠭ ᠲᠠᠢ ᠦᠢᠯᠡᠳᠪᠦᠷᠢᠯᠡᠬᠦ | ᠴᠢᠳᠠᠪᠤᠷᠢ ᠶᠢ ᠲᠦᠷᠭᠡᠪᠴᠢᠯᠡᠨ ᠰᠢᠭᠰᠢᠭᠳᠡᠭᠦᠯᠵᠦ᠂ ᠨᠢᠭᠡᠴᠢ ᠦᠢᠯᠡᠳᠪᠦᠷᠢᠯᠡᠬᠦ ᠡᠨᠧᠷᠭᠢ ᠶᠢᠨ ᠰᠤᠷᠪᠤᠯᠵᠢ ᠡᠬᠢ | ᠪᠠᠶᠠᠯᠢᠭ ᠤᠨ ᠬᠤᠷᠣᠭᠳᠠᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠦᠨᠡᠨ ᠬᠦ ᠪᠠᠭᠤᠷᠠᠭᠤᠯᠤᠨ᠎ᠠ᠃ | ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠵᠤ᠂ | ︽ᠨᠢᠭᠡ ᠯᠡ ᠠᠳᠠᠯᠢ ᠪᠠᠷ ᠱᠠᠭᠠᠷᠳᠠᠬᠤ︾ ᠦᠢᠯᠡᠳᠪᠦᠷᠢᠯᠡᠯ ᠢ ᠵᠣᠭᠰᠣᠭᠠᠵᠤ ᠦᠢᠯᠡᠳᠪᠦᠷᠢᠯᠡᠯ ᠢ ᠬᠢᠵᠠᠭᠠᠷᠯᠠᠬᠤ ᠪᠠ | ︽ᠬᠥᠳᠡᠯᠭᠡᠭᠡᠨᠲᠦ ᠮᠠᠶ᠋ᠢᠭ︾ ᠢᠶᠠᠷ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠡᠷᠡᠰ ᠬᠤᠷᠢᠭᠯᠠᠨ᠎ᠠ᠃ ᠤᠯᠤᠰ ᠤᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ | ᠪᠠᠭᠠᠵᠢ ᠶᠢ ᠬᠦᠢᠴᠡᠳ ᠬᠡᠷᠡᠭᠯᠡᠨ᠂ ᠠᠵᠤ ᠠᠬᠤᠶᠢᠯᠠᠯ ᠤᠨ ᠴᠡᠪᠡᠷ ᠡᠨᠧᠷᠭᠢ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ | ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠬᠤ ᠶᠢ ᠵᠣᠷᠢᠭᠵᠢᠭᠤᠯᠵᠤ᠂ | ᠨᠡᠭᠦᠷᠡᠰᠦᠲᠥ᠋ᠷᠥᠭᠴᠢ ᠶᠢ ᠬᠤᠷᠢᠶᠠᠨ ᠴᠤᠭᠯᠠᠭᠤᠯᠵᠤ ᠪᠢᠲᠡᠭᠦᠮᠵᠢᠯᠡᠨ ᠬᠠᠳᠠᠭᠠᠯᠠᠬᠤ ᠵᠢᠴᠢ ᠠᠰᠢᠭᠯᠠᠬᠤ ᠵᠢᠱᠢᠶ᠎ᠡ | ᠦᠵᠡᠭᠦᠯᠬᠦ ᠲᠥᠷᠥᠯ ᠵᠦᠢᠯ ᠢ ᠰᠦᠪᠡᠭᠴᠢᠯᠡᠨ ᠪᠠᠶᠢᠭᠤᠯᠵᠤ᠂ ᠪᠣᠬᠢᠷᠲᠤᠯ ᠥᠬᠡᠶ ᠤᠷᠴᠢᠯᠵᠢᠭᠤᠯᠬᠤ | ᠥᠭᠡᠷᠡᠴᠢᠯᠡᠯᠲᠡ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠳᠡᠭᠡᠳᠦ ᠳᠠᠪᠬᠤᠷᠭ᠎ᠠ ᠶᠢᠨ ᠶᠠᠷᠢᠯᠴᠠᠭᠠᠨ ᠤ ᠲᠠᠪᠴᠠᠩ᠂ ᠤᠰᠤᠨ ᠤ ᠠᠮᠢ ᠠᠬᠤᠶ ᠶᠢᠨ | ᠪᠣᠯᠪᠠᠰᠤᠨ ᠤ ᠶᠠᠷᠢᠯᠴᠠᠭᠠᠨ ᠤ ᠲᠠᠪᠴᠠᠩ ᠵᠡᠷᠭᠡ ᠳᠡᠭᠡᠳᠦ ᠲᠡᠰ ᠤᠨ ᠰᠢᠷᠢᠰ ᠠᠵᠢᠯᠯᠠᠭ᠎ᠠ ᠶᠢ ᠦᠷᠨᠢᠬᠦᠯᠦᠨ᠎ᠡ᠃ | ︵ᠭᠤᠷᠪᠠ︶ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ ᠰᠢᠨ᠎ᠡ | ᠠᠯᠬᠤᠮ ᠢ ᠠᠯᠬᠤᠨ᠎ᠠ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠰᠠᠭᠤᠷᠢ ᠪᠣᠯᠭᠠᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠭᠠᠳᠠᠭᠠᠳᠤ ᠨᠡᠬᠡᠬᠡᠯᠳᠡ ᠶᠢᠨ ᠲᠡᠰ | ᠳᠠᠪᠬᠤᠷᠭ᠎ᠠ ᠪᠣᠯᠤᠨ ᠲᠦᠪᠰᠢᠨ ᠢᠶᠠᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ | ᠦᠷᠭᠦᠯᠵᠢᠯᠡᠨ ᠰᠢᠯᠢᠳᠡᠭᠵᠢᠭᠦᠯᠦᠨ᠎ᠡ᠃ ︽ᠬᠤᠲᠠ ᠶᠢᠨ ᠶᠡᠭᠡ ᠲᠠᠷᠢᠬᠢ︾ ᠶᠢᠨ ᠳ᠋ᠠᠶᠢᠲ᠋ᠠ ᠶᠢᠨ ᠳᠤᠮᠳᠠ ᠲᠠᠪᠴᠠᠩ ᠢ | ᠪᠠᠶᠢᠭᠤᠯᠵᠤ᠂ ᠲᠣᠭᠠᠴᠢᠯᠠᠭᠰᠠᠨ ᠡᠨᠧᠷᠭᠢ ᠣᠯᠭᠤᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢᠶᠠᠷ | ᠳᠠᠬᠢᠨ ᠪᠠᠶᠢᠭᠤᠯᠬᠤ᠂ ᠰᠢᠰᠲ᠋ᠧᠮ ᠢ ᠳᠠᠬᠢᠨ ᠪᠠᠶᠢᠭᠤᠯᠬᠤ᠂ ᠳ᠋ᠠᠶᠢᠲ᠋ᠠ ᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ | ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ | ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠶᠡᠬᠡᠪᠡᠷ ᠠᠬᠢᠭᠤᠯᠵᠤ᠂ ︽ᠮᠦᠩᠭᠡ ᠰᠣᠪᠠᠭ · ᠲᠦᠷᠪᠡᠨ | ᠬᠦᠢᠴᠡᠳᠬᠡᠬᠦ︾ ᠦᠢᠯᠡᠴᠢᠯᠡᠭᠡ ᠶᠢ ᠲᠦᠭᠡᠮᠡᠯᠵᠢᠭᠦᠯᠦᠨ ᠬᠡᠷᠡᠭᠯᠡᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ︽ᠪᠥᠬᠦ ᠶᠠᠪᠤᠴᠠ ᠳᠤ ᠡᠯᠧᠺᠲᠷᠤᠨᠴᠢᠯᠠᠬᠤ︾ ᠪᠦᠷᠢᠳᠬᠡᠨ ᠳᠠᠩᠰᠠᠯᠠᠬᠤ ᠶᠢ ᠪᠡᠶᠡᠯᠡᠭᠦᠯᠵᠦ᠂ ᠰᠢᠨ᠎ᠡ ᠪᠠᠷ | ᠡᠷᠭᠢᠯᠡᠭᠰᠡᠨ ᠠᠵᠤ ᠠᠬᠤᠶᠢᠯᠠᠯ ᠤᠨ ᠦᠨ᠎ᠡ ᠲᠥᠯᠥᠪᠦᠷᠢ ᠥᠬᠡᠶ ᠪᠠᠷ ᠲᠠᠮᠠᠭ᠎ᠠ ᠰᠡᠶᠢᠯᠦᠨ ᠦᠢᠯᠡᠳᠬᠦ ᠦᠢᠯᠡᠴᠢᠯᠡᠭᠡ ᠶᠢ | ᠬᠡᠷᠡᠭᠵᠢᠭᠦᠯᠦᠨ᠂ ︽ᠬᠡᠷᠡᠴᠢᠯᠡᠯ ᠥᠬᠡᠶ ᠬᠤᠲᠠ︾ ᠶᠢ ᠡᠭᠦᠳᠦᠨ ᠪᠠᠶᠢᠭᠤᠯᠬᠤ ᠶᠢ ᠭᠦᠨᠵᠡᠭᠡᠶ ᠠᠬᠢᠭᠤᠯᠤᠨ᠎ᠠ᠃ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ | ᠵᠢᠷᠤᠮᠵᠢᠭᠤᠯᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠯᠲᠠ ᠶᠢ ᠴᠢᠩᠭ᠎ᠠ ᠬᠢᠵᠠᠭᠠᠷᠯᠠᠵᠤ᠂ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠳᠠᠷᠤᠭᠠᠰᠤ ᠶᠢ ᠬᠥᠩᠭᠡᠯᠡᠵᠦ ᠬᠦᠴᠢᠷᠳᠡᠯ ᠢ ᠰᠢᠢᠳᠪᠦᠷᠢᠯᠡᠬᠦ᠂ ᠰᠡᠷᠭᠦᠭᠡᠨ ᠬᠥᠭᠵᠢᠭᠦᠯᠬᠦ ᠳᠤ | ᠬᠦᠴᠦᠨ ᠨᠡᠮᠡᠷᠢᠯᠡᠨ᠎ᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠶᠢᠨ ᠲᠦᠷᠢᠮ ᠢ ᠨᠠᠶᠢᠳᠠᠪᠤᠷᠢᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠮᠦᠩᠬᠦᠨ ᠬᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ | ᠲᠣᠭᠲᠠᠴᠠ ᠶᠢ ᠪᠦᠷᠢᠨᠰᠢᠬᠦᠯᠵᠤ᠂ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ | ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠳᠦᠯᠦᠨ ᠵᠢᠯᠣᠭᠤᠳᠴᠤ ᠲᠦᠭᠡᠮᠡᠯ ᠠᠰᠢᠭ ᠬᠦᠷᠲᠡᠭᠡᠬᠦ | ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠮᠡᠳᠡᠭᠡ | ᠵᠠᠩᠭᠢ ᠶᠢᠨ ᠲᠠᠪᠴᠠᠩ ᠢ ᠪᠠᠶᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠵᠠᠰᠠᠭ ᠤᠨ | ᠣᠷᠳᠣᠨ ᠤ ᠭᠡᠷ᠎ᠡ ᠶᠢ ᠪᠦᠬᠦ ᠲᠠᠯ᠎ᠠ ᠪᠠᠷ ᠢᠯᠭᠠᠷᠠᠭᠤᠯᠤᠨ ᠵᠢᠷᠤᠮᠵᠢᠭᠤᠯᠵᠤ᠂ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ | ᠪᠠ ᠢᠲᠡᠭᠡᠮᠵᠢ ᠠᠯᠳᠠᠬᠤ ᠶᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠶᠠᠰᠤ ᠴᠢᠨᠠᠷ ᠢᠶᠠᠷ | ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠪᠠᠷᠠᠭᠤᠨ | ᠣᠷᠣᠨ ᠤ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠲᠥᠪ ᠢ | ᠪᠥᠲᠥᠭᠡᠨ ᠪᠠᠶᠢᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ | ᠡᠭᠦᠷᠭᠡ ᠶᠢ ᠪᠡᠶᠡᠯᠡᠭᠦᠯᠵᠦ᠂ ᠬᠤᠳᠠ ᠳᠤ ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠮᠬᠢᠯᠡᠨ | ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠶᠢ ᠭᠦᠨᠵᠡᠭᠡᠶ ᠲᠦᠯᠬᠢᠨ ᠠᠬᠢᠭᠤᠯᠵᠤ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠪᠠ ᠪᠣᠳᠠᠲᠤ ᠴᠣᠭᠴᠠᠵᠢᠭᠤᠯᠤᠨ | ᠠᠵᠢᠯᠯᠠᠬᠤ ᠶᠢ ᠠᠬᠢᠭᠤᠯᠤᠨ᠎ᠠ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ | ᠬᠤᠳᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠵᠦᠢ ᠵᠣᠬᠢᠰᠲᠠᠶ | ᠬᠤᠪᠢᠶᠠᠷᠢᠯᠠᠵᠤ᠂ ᠬᠦᠷᠢᠶ᠎ᠡ ᠬᠡᠪᠴᠢᠶ᠎ᠡ ᠬᠤᠪᠢᠶᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠲᠡᠭ | ᠰᠠᠭᠤᠷᠢ ᠶᠢᠨ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ | ᠵᠠᠷᠤᠯᠭ᠎ᠠ ᠶᠢᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠡᠳ᠋ ᠤᠨ ᠵᠠᠰᠠᠭ ᠤᠨ | ᠳᠠᠭᠠᠭᠠᠵᠤ ᠳᠡᠶᠢᠯᠬᠦ ᠴᠢᠳᠠᠪᠤᠷᠢ ᠶᠢ ᠦᠨᠡᠯᠡᠨ ᠵᠢᠱᠢᠬᠦ ᠶᠢ ᠴᠢᠩᠭᠠᠳᠬᠠᠨ᠎ᠠ᠃ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠬᠢᠭᠡᠳ ᠠᠮᠵᠢᠯᠲᠠ | ᠪᠦᠲᠦᠮᠵᠢ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠤᠨ ᠠᠵᠢᠯᠯᠠᠭᠤᠯᠬᠤ ᠶᠢ | ᠪᠡᠶᠡᠯᠡᠭᠦᠯᠦᠨ᠎ᠡ᠃ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠲᠦᠷᠭᠡᠳᠬᠡᠵᠦ᠂ ᠬᠤᠷᠢᠶᠠᠬᠤ ᠶᠣᠰᠣᠲᠠᠶ ᠶᠢ ᠨᠢ ᠴᠥᠮ ᠬᠤᠷᠢᠶᠠᠬᠤ ᠶᠢ ᠦᠨᠡᠨᠬᠦ ᠪᠠᠲᠤᠯᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠲᠤᠭᠤᠯᠬᠤ︾ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠤᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ | ᠪᠠᠶᠢᠷᠢᠯᠠᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠬᠥᠳᠡᠯᠦᠩᠭᠦᠶ ᠬᠢᠨᠠᠨ ᠬᠡᠮᠵᠢᠬᠦ ᠰᠢᠰᠲ᠋ᠧᠮ ᠢ | ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠠᠵᠢᠯᠯᠠᠭ᠎ᠠ ᠶᠢ ᠨᠡᠶᠢᠳᠡᠮ ᠬᠠᠮᠤᠷᠬᠤ ᠶᠢ ᠠᠬᠢᠭᠤᠯᠵᠤ᠂ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ | ᠣᠷᠣᠭᠤᠯᠤᠯᠲᠠ ᠶᠢ 23% ᠠᠴᠠ ᠳᠡᠭᠡᠭᠰᠢ ᠨᠡᠮᠡᠭᠳᠡᠬᠦᠯᠬᠦ ᠪᠠᠷ ᠬᠦᠴᠦᠯᠡᠨ ᠴᠢᠷᠮᠠᠶᠢᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ | ᠡᠷᠡᠰ ᠰᠠᠶᠢᠲᠤᠷ ᠬᠢᠵᠦ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ᠂ ᠭᠤᠤᠯᠳᠠᠯᠭ᠎ᠠ ᠲᠠᠢ | ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠢ | ᠢᠳᠡᠪᠬᠢᠲᠡᠶ ᠪᠤᠶᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ︽ᠬᠤᠶᠠᠷ ᠳᠠᠬᠢᠨ ᠢᠶᠠᠷ ᠨᠡᠮᠡᠭᠳᠡᠭᠦᠯᠬᠦ︾ | ᠠᠵᠢᠯᠯᠠᠭ᠎ᠠ ᠶᠢ ᠡᠬᠢᠯᠡᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠢ ᠲᠣᠮᠢᠯᠠᠨ ᠰᠠᠭᠤᠯᠭᠠᠬᠤ ᠲᠦᠷᠢᠮ ᠢ ᠪᠠᠶᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠬᠦᠷᠢᠶᠡᠯᠡᠩ ᠳᠤ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠢᠳᠡᠪᠬᠢᠲᠡᠶ | ᠴᠢᠷᠮᠠᠶᠢᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ | ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ | ᠦᠢᠯᠡᠳᠪᠦᠷᠢᠯᠡᠬᠦ ᠰᠣᠷᠬᠤ ᠰᠤᠳᠤᠯᠬᠤ ᠬᠡᠷᠡᠭᠯᠡᠬᠦ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ︽ᠣᠨᠳᠣᠤ ᠭᠠᠵᠠᠷ ᠲᠤ ᠨᠡᠪᠴᠢᠭᠦᠯᠵᠤ᠂ ᠦᠬᠠᠶ ᠳᠤ ᠤᠯᠠᠷᠢᠭᠤᠯᠬᠤ︾ | ᠶᠢ ᠲᠦᠷᠭᠡᠳᠬᠡᠵᠦ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠪᠥᠲᠥᠭᠡᠨ ᠪᠠᠶᠢᠭᠤᠯᠤᠨ᠎ᠠ᠃ ︽ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠬᠥᠮᠦᠵᠢᠭᠦᠯᠬᠦ᠂ | ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠬᠡᠷᠡᠭᠯᠡᠬᠦ︾ ᠳᠥᠷᠪᠡᠨ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ᠭᠠᠳᠠᠭᠠᠳᠤ ᠳᠤ ᠰᠠᠭᠤᠭ᠎ᠠ ᠴᠢᠳᠠᠪᠤᠷᠢᠲᠠᠨ ᠤ ᠠᠵᠢᠯ ᠤᠨ ᠥᠷᠲᠡᠭᠡ ᠶᠢᠨ ᠦᠢᠯᠡᠳᠦᠯ ᠢᠶᠠᠨ ᠬᠦᠢᠴᠡᠳ | ᠪᠠᠳᠠᠷᠠᠭᠤᠯᠤᠨ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨᠵᠢᠯᠡᠬᠦ | ᠤᠬᠠᠭᠠᠨ ᠤ ᠰᠤᠳᠤᠯᠭᠠᠨ ᠤ ᠪᠦᠯᠬᠦᠮ ᠢ ᠤᠶᠠᠨ ᠴᠢᠨᠠᠷᠲᠠᠶ ᠪᠠᠷ ᠣᠷᠣᠭᠤᠯᠤᠨ ᠠᠪᠴᠢᠷᠠᠨ᠎ᠠ᠃ ᠭᠠᠳᠠᠭᠰᠢ | ᠨᠡᠭᠡᠭᠡᠯᠳᠡ ᠶᠢᠨ ᠬᠠᠮᠲᠤᠷᠠᠯᠴᠠᠭ᠎ᠠ ᠪᠠᠨ ᠥᠷᠭᠡᠳᠬᠡᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾᠂ ᠳᠤᠮᠳᠠᠳᠤ | ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ | ᠠᠵᠢᠯᠯᠠᠭ᠎ᠠ ᠶᠢ ᠡᠬᠢᠯᠡᠭᠦᠯᠵᠦ᠂ ᠶᠡᠭᠡ ᠬᠡᠮᠵᠢᠶᠡᠨ ᠤ ᠲᠠᠸᠠᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠳᠤᠮᠳᠠᠳᠤ ᠮᠣᠩᠭᠤᠯ ᠣᠷᠣᠰ ᠤᠨ ᠣᠨᠴᠠᠯᠢᠭ ᠲᠠᠢ ᠠᠷᠠᠯᠵᠢᠶᠠᠨ ᠤ | ᠣᠷᠣᠨ ᠢ ᠪᠠᠶᠢᠭᠤᠯᠤᠨ᠎ᠠ᠃ ᠤᠯᠤᠰ ᠤᠨ ᠬᠠᠲᠤᠨ ᠭᠤᠤᠯ ᠤᠨ ︽几︾ ᠦᠰᠦᠭᠲᠤ ᠲᠤᠬᠤᠢ ᠶᠢᠨ ᠬᠤᠲᠠ ᠶᠢᠨ | ᠲᠣᠭᠤᠷᠢᠭ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠡᠷᠬᠢᠨ | ᠲᠣᠭᠤᠷᠢᠨ ᠤ ᠭᠠᠵᠠᠷ ᠣᠷᠣᠨ ᠯᠤᠭ᠎ᠠ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠨ᠂ ᠡᠯ᠎ᠡ | ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠳᠣᠲᠣᠷᠠᠬᠢ ᠡᠬᠢ | ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ᠂ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ | | ︵ᠲᠦᠷᠪᠡ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠦᠴᠦᠨ ᠢᠶᠠᠨ | ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠰᠢᠨ᠎ᠡ ᠲᠦᠪᠰᠢᠨ ᠳᠤ ᠬᠦᠷᠬᠦ ᠶᠢ ᠠᠬᠢᠭᠤᠯᠤᠨ᠎ᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ | ᠠᠷᠠᠳ ᠲᠦᠮᠡᠨ ᠳᠤ ᠪᠤᠶᠠᠨ ᠦᠢᠯᠡᠳᠬᠦ ᠶᠢ ᠠᠯᠢᠪᠠ ᠠᠵᠢᠯ ᠤᠨ ᠢᠶᠠᠨ ᠡᠭᠦᠰᠦᠯᠲᠡ ᠪᠠ ᠲᠤᠰᠤᠯᠳᠠ ᠪᠣᠯᠭᠠᠵᠤ᠂ | ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ | ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠨᠢ ᠨᠡᠩ ᠲᠡᠭᠦᠯᠳᠡᠷ ᠪᠣᠯᠭᠠᠵᠤ᠂ | ᠵᠣᠯ ᠵᠢᠷᠭᠠᠯᠲᠤ ᠲᠦᠷᠦᠭᠳᠡᠯ ᠢ ᠨᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠦᠷᠦᠭᠳᠡᠯ ᠢ ᠨᠢ ᠨᠡᠩ | ᠪᠠᠲᠤᠯᠠᠭ᠎ᠠ ᠲᠠᠢ ᠪᠣᠯᠭᠠᠨ᠎ᠠ᠃ | ᠰᠣᠳᠣᠨ ᠬᠤᠲᠠ ᠶᠢ ᠬᠦᠴᠦᠯᠡᠨ ᠪᠠᠶᠢᠭᠤᠯᠤᠨ᠎ᠠ᠃ ᠨᠠᠷᠢᠯᠢᠭ ᠲᠥᠯᠥᠪᠵᠢᠭᠦᠯᠵᠦ᠂ ᠨᠠᠷᠢᠯᠢᠭ ᠪᠥᠲᠥᠭᠡᠨ | ᠪᠠᠶᠢᠭᠤᠯᠵᠤ᠂ ᠨᠠᠷᠢᠯᠢᠭ ᠬᠠᠮᠢᠶᠠᠷᠴᠤ᠂ ᠬᠤᠲᠠ ᠶᠢᠨ ᠲᠣᠭᠤᠷᠢᠭ᠂ ᠲᠠᠷᠢᠶᠠᠯᠠᠬᠤ ᠣᠷᠣᠨ᠂ ᠠᠭᠤᠷᠬᠠᠶ ᠶᠢᠨ ᠣᠷᠣᠨ ᠤ | ᠣᠷᠭᠠᠨᠢᠭ ᠠᠭᠤᠰᠤᠯᠴᠠᠯ ᠢ ᠠᠬᠢᠭᠤᠯᠵᠤ᠂ ᠬᠤᠲᠠ ᠶᠢᠨ ᠴᠢᠳᠠᠮᠵᠢ ᠪᠠᠨ ᠲᠡᠭᠦᠯᠳᠡᠷᠵᠢᠭᠦᠯᠬᠦ᠂ ᠳᠦᠷᠢ ᠲᠥᠷᠬᠦ ᠪᠠᠨ | ᠳᠡᠭᠡᠭᠰᠢᠯᠡᠭᠦᠯᠬᠦ᠂ ᠴᠢᠨᠠᠷ ᠳᠡᠰ ᠢᠶᠠᠨ ᠢᠯᠡᠷᠡᠭᠦᠯᠬᠦ ᠶᠢ ᠬᠦᠴᠦᠯᠡᠨ ᠠᠬᠢᠭᠤᠯᠤᠨ᠎ᠠ᠃ ᠬᠤᠳᠠ ᠶᠢᠨ | ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠪᠠᠨ ᠰᠢᠯᠢᠳᠡᠭᠵᠢᠬᠦᠯᠦᠨ᠎ᠡ᠃ ᠭᠤᠷᠪᠠᠳᠤᠭᠠᠷ ᠤᠳᠠᠭᠠᠨ ᠤ ᠤᠯᠤᠰ ᠤᠨ | ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ | ︽ᠭᠤᠷᠪᠠᠨ ᠲᠤᠭᠤᠷᠢᠭ ᠭᠤᠷᠪᠠᠨ ᠱᠤᠭᠤᠮ︾ ᠤᠨ ᠵᠠᠭᠠᠭ ᠬᠢᠵᠠᠭᠠᠷ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ | ᠲᠣᠭᠲᠠᠭᠠᠵᠤ᠂ ︽ᠨᠢᠭᠡ ᠴᠠᠭᠠᠷᠢᠭ ᠨᠢᠭᠡ ᠪᠦᠰᠡ ᠨᠢᠭᠡ ᠬᠤᠩᠭᠢᠯ︾ ᠤᠨ ᠬᠤᠲᠠ ᠶᠢᠨ ᠬᠥᠭᠵᠢᠯᠲᠡ ᠶᠢᠨ ᠪᠣᠷᠣ | ᠲᠥᠯᠥᠪ ᠢ ᠴᠣᠭᠴᠠᠯᠠᠨ ᠪᠠᠶᠢᠭᠤᠯᠵᠤ᠂ ᠪᠥᠬᠦ ᠣᠷᠣᠨ ᠪᠦᠰᠡ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠨ ᠠᠰᠢᠭᠯᠠᠬᠤ ︽ᠨᠢᠭᠡ ᠵᠢᠷᠤᠭ ᠲᠥᠰᠦᠪ︾ ᠢ ᠪᠦᠷᠢᠯᠳᠦᠭᠦᠯᠦᠨ᠎ᠡ᠃ ︽ᠨᠢᠭᠡ | ᠮᠦᠴᠡᠲᠤ︾ ᠨᠡᠶᠢᠭᠡᠮ ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ | ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ | ᠲᠤᠷᠰᠢᠯᠲᠠ ᠶᠢᠨ ᠴᠢᠭ ᠢ ᠤᠷᠢᠳᠠᠪᠡᠷ ᠬᠡᠷᠡᠭᠵᠢᠭᠦᠯᠬᠦ ᠶᠢ ᠪᠠᠷᠢᠮᠲᠠᠯᠠᠨ᠂ ᠰᠠᠭᠤᠷᠢ ᠪᠠᠨ ᠪᠠᠲᠤ ᠲᠠᠯᠪᠢᠵᠤ᠂ ᠣᠷᠣᠰᠢᠨ | ᠰᠠᠭᠤᠬᠤ ᠳᠤ ᠲᠣᠬᠢᠷᠠᠮᠵᠢᠲᠠᠶ᠂ ᠠᠵᠢᠯᠯᠠᠬᠤ ᠳᠤ ᠲᠣᠬᠢᠷᠠᠮᠵᠢᠲᠠᠶ᠂ ᠰᠤᠷᠤᠯᠴᠠᠬᠤ ᠳᠤ ᠲᠣᠬᠢᠷᠠᠮᠵᠢᠲᠠᠶ᠂ ᠠᠰᠠᠷᠠᠬᠤ ᠳᠤ | ᠲᠣᠬᠢᠷᠠᠮᠵᠢᠲᠠᠶ ᠬᠠᠷᠠᠯᠲᠠ ᠶᠢᠨ ᠲᠣᠭᠤᠷᠢᠨ ᠳᠤ ᠣᠲᠣ ᠶᠢᠨ ᠪᠠᠶᠢᠭ᠎ᠠ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ | ᠰᠠᠶᠢᠲᠤᠷ ᠬᠡᠷᠡᠭᠯᠡᠵᠦ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠶᠡᠬᠡᠪᠡᠷ | ᠬᠥᠭᠵᠢᠭᠦᠯᠦᠨ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠪᠠᠷᠠᠭᠠᠨ ᠤ ᠬᠦᠢᠯᠭᠡᠭᠡᠨ ᠤ ᠳᠣᠭᠢᠷᠠᠭᠤᠯᠤᠨ | ᠬᠦᠷᠭᠡᠬᠦ᠂ ᠰᠡᠯᠡᠭᠦᠴᠡᠯ ᠡᠷᠡᠭᠦᠯᠵᠢᠯ ᠰᠤᠪᠢᠯᠠᠯᠲᠠ᠂ ᠨᠡᠶᠢᠭᠡᠮ ᠤᠨ ᠬᠠᠷᠢᠯᠴᠠᠭ᠎ᠠ ᠵᠤᠭ᠎ᠠ ᠴᠡᠩᠭᠡᠯ ᠵᠡᠷᠭᠡ | ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠢ ᠲᠡᠭᠦᠯᠳᠡᠷᠵᠢᠭᠦᠯᠵᠦ᠂ ᠨᠢᠭᠡ ᠪᠦᠯᠦᠭ ᠠᠷᠠᠳ ᠲᠤ ᠲᠥᠬᠦᠮ | ᠦᠵᠡᠭᠦᠯᠬᠦ ᠶᠡᠷᠦᠩᠬᠡᠶᠢᠯᠡᠭᠰᠡᠨ ᠴᠣᠭᠴᠠ ᠪᠠ ᠨᠡᠶᠢᠭᠡᠮ ᠲᠣᠭᠤᠷᠢᠭ ᠤᠨ ᠬᠤᠳᠠᠯᠳᠤᠭᠠᠨ ᠤ ︽E ᠲᠥᠪ︾ ᠢ ᠪᠥᠲᠥᠭᠡᠨ | ᠪᠠᠶᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠬᠤᠳᠠ | ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠤᠳᠠ ᠶᠢᠨ ᠰᠢᠨᠡᠴᠢᠯᠡᠯᠳᠡ ᠪᠠ ᠦᠭᠡᠷᠡᠴᠢᠯᠡᠯᠳᠡ ᠶᠢᠨ | ᠰᠠᠭᠤᠷᠢ ᠮᠥᠩᠭᠦ ᠶᠢ ᠪᠠᠶᠢᠭᠤᠯᠵᠤ᠂ ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢ ᠦᠨᠡᠯᠡᠨ ᠵᠢᠱᠢᠬᠦ ᠠᠵᠢᠯ ᠢ | ᠥᠷᠨᠢᠭᠦᠯᠦᠨ᠎ᠡ᠃ 59 ᠬᠠᠭᠤᠴᠢᠨ ᠰᠠᠭᠤᠭᠠᠯᠢ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ᠂ 2790 ᠢᠵᠢ | ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠲᠦᠷᠦᠯ ᠵᠦᠢᠯ ᠢ ᠠᠵᠢᠯ | ᠡᠬᠢᠯᠡᠭᠦᠯᠦᠨ ᠪᠦᠳᠦᠭᠡᠨ ᠪᠠᠶᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠵᠣᠬᠢᠬᠤ | ᠬᠡᠮᠵᠢᠶ᠎ᠡ ᠪᠠᠷ ᠤᠷᠢᠳᠴᠢᠯᠠᠨ ᠥᠷᠨᠢᠭᠦᠯᠵᠦ᠂ ᠰᠢᠨᠬᠤᠸᠠ ᠵᠡᠭᠡᠯᠢ᠂ ᠠᠷᠠᠳ ᠤᠨ ᠵᠠᠮ᠂ ᠲᠡᠷᠭᠡᠨ ᠦᠷᠳᠡᠭᠡ ᠶᠢᠨ | ᠡᠮᠦᠨ᠎ᠡ ᠵᠠᠮ ᠵᠡᠷᠭᠡ ᠨᠢᠭᠡ ᠪᠦᠯᠦᠭ ᠬᠤᠳᠠ ᠶᠢᠨ ᠵᠠᠮ ᠤᠨ ᠴᠢᠨᠠᠷ ᠢ ᠳᠡᠭᠡᠭᠰᠢᠯᠡᠭᠦᠯᠵᠦ᠂ ᠰᠢᠲᠠᠮᠠᠬᠠᠢ ᠬᠡᠢ᠂ ᠤᠰᠤ | ᠬᠠᠩᠭᠠᠬᠤ᠂ ᠳᠤᠯᠠᠭᠠᠯᠠᠭ᠎ᠠ ᠬᠠᠩᠭᠠᠬᠤ ᠵᠡᠷᠭᠡ ᠬᠤᠳᠠ ᠶᠢᠨ ᠶᠠᠪᠤᠳᠠᠯ ᠤᠨ ᠬᠤᠭᠤᠯᠠᠢ ᠲᠣᠣᠷ ᠢ ᠲᠡᠰ ᠳᠡᠪᠰᠢᠭᠦᠯᠵᠦ᠂ | ᠵᠣᠷᠯᠣᠩ ᠤᠨ ᠬᠤᠪᠢᠰᠬᠠᠯ ᠢ ᠰᠠᠶᠢᠲᠤᠷ ᠠᠳᠬᠤᠨ᠎ᠠ᠃ ᠹᠧᠩ ᠬᠤᠸᠠᠩ ᠱᠠᠨ ᠠᠭᠤᠯᠠᠨ ᠤ ᠠᠭᠤᠯᠠᠷᠬᠠᠭ ᠭᠠᠵᠠᠷ ᠤᠨ | ᠪᠡᠶ᠎ᠡ ᠲᠠᠮᠢᠷ ᠤᠨ ᠴᠡᠴᠡᠷᠯᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ᠂ ᠤᠷᠭᠤᠮᠠᠯ ᠤᠨ ᠬᠦᠷᠢᠶᠡᠯᠡᠩ | ᠵᠡᠷᠭᠡ ᠨᠣᠭᠤᠭᠠᠷᠠᠭᠤᠯᠤᠯᠲᠠ ᠶᠢᠨ ᠦᠵᠡᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ | ᠨᠢᠭᠡ ᠪᠦᠯᠦᠭ ᠠᠷᠠᠳ ᠲᠤ ᠲᠥᠬᠦᠮ ᠦᠵᠡᠭᠦᠯᠬᠦ ᠵᠦᠯᠭᠡ ᠭᠠᠵᠠᠷ ᠪᠠ ᠪᠢᠴᠢᠯ ᠴᠡᠴᠡᠷᠯᠢᠭ ᠢ ᠪᠥᠲᠥᠭᠡᠨ | ᠪᠠᠶᠢᠭᠤᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠶᠢ | ᠣᠷᠣᠯᠠᠭᠤᠯᠬᠤ ᠢᠨᠵᠧᠨᠧᠷᠢᠩ ᠢ ᠥᠷᠨᠢᠭᠦᠯᠵᠦ᠂ ᠬᠠᠲᠤᠨ ᠭᠤᠤᠯ ᠤᠨ ᠪᠠᠷᠠᠭᠤᠨ ᠬᠡᠰᠡᠭ ᠳᠠᠭᠠᠤ ᠣᠷᠣᠨ ᠤ ᠪᠣᠷᠣᠭᠠᠨ | ᠪᠣᠬᠢᠷ ᠤᠰᠤ ᠶᠢ ᠡᠷᠴᠢᠮᠵᠢᠭᠦᠯᠦᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠬᠠᠶᠢᠮᠢᠶᠠᠨ ᠬᠤᠲᠠ᠂ ᠤᠶᠠᠨ | ᠴᠢᠨᠠᠷᠲᠠᠶ ᠬᠤᠲᠠ ᠶᠢ ᠪᠥᠲᠥᠭᠡᠨ ᠪᠠᠶᠢᠭᠤᠯᠤᠨ᠎ᠠ᠃ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠪᠦᠳᠤᠭᠡᠨ | ᠪᠠᠶᠢᠭᠤᠯᠤᠯᠲᠠ ᠶᠢ ᠲᠦᠷᠭᠡᠳᠬᠡᠨ᠎ᠡ᠃ 4.8 ᠳ᠋ᠦᠩᠰᠢᠭᠤᠷ ᠲᠥᠭᠦᠷᠢᠭ ᠤᠨ ᠡᠳ᠋ ᠤᠨ ᠵᠠᠰᠠᠭ ᠤᠨ ᠪᠠᠯᠠ ᠮᠥᠩᠭᠦ | ᠣᠷᠣᠭᠤᠯᠵᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ | ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ ᠾᠧ ᠰᠤᠷᠭᠠᠭᠤᠯᠢ ᠶᠢᠨ ᠲᠣᠭᠤᠷᠢᠭ᠂ ᠣᠯᠠᠨ | ᠨᠡᠶᠢᠲᠡ ᠶᠢᠨ ᠰᠣᠶᠣᠯ ᠤᠨ ᠲᠥᠪ ᠵᠡᠷᠭᠡ ᠠᠯᠪᠠᠨ ᠠᠴᠠ ᠪᠠᠶᠢᠭᠤᠯᠬᠤ ᠲᠥᠷᠥᠯ ᠵᠦᠢᠯ ᠢ ᠪᠥᠬᠦ ᠲᠠᠯ᠎ᠠ ᠪᠠᠷ ᠠᠵᠢᠯ | ᠡᠬᠢᠯᠡᠭᠦᠯᠦᠨ ᠪᠠᠶᠢᠭᠤᠯᠵᠤ᠂ ᠴᠠᠬᠢᠯᠭᠠᠨ ᠬᠦᠴᠦᠨ᠂ ᠬᠤᠭᠤᠯᠠᠶ ᠲᠣᠤᠷ ᠵᠡᠷᠭᠡ ᠰᠠᠭᠤᠷᠢ ᠪᠡᠯᠡᠳᠬᠡᠮᠵᠢ ᠶᠢ ᠢᠵᠢ | ᠪᠦᠷᠢᠳᠦᠭᠦᠯᠦᠨ ᠲᠡᠭᠦᠯᠳᠡᠷᠵᠢᠭᠦᠯᠵᠦ᠂ ᠲᠥᠪ ᠤᠨ ᠨᠣᠭᠤᠭᠠᠨ ᠵᠠᠮ᠂ ᠭᠠᠨᠳᠠᠷᠢ ᠴᠡᠴᠡᠷᠯᠢᠭ ᠤᠨ ᠴᠢᠨᠠᠷ ᠲᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠭᠤᠤᠯ | ᠰᠡᠳᠦᠪᠲᠦ ᠬᠦᠷᠢᠶᠡᠯᠡᠩ ᠢ ᠪᠠᠶᠢᠭᠤᠯᠤᠨ᠎ᠠ᠃ ᠬᠥᠲᠥᠴᠢ ᠬᠡᠯᠪᠡᠷᠢ ᠶᠢᠨ᠂ ᠲᠤᠭᠴᠢ ᠬᠡᠯᠪᠡᠷᠢ ᠶᠢᠨ ᠠᠵᠤ ᠠᠬᠤᠶᠢᠯᠠᠯ ᠢ | ᠢᠳᠡᠪᠬᠢᠲᠡᠶ ᠪᠠᠷ ᠲᠡᠳᠡᠨ ᠣᠷᠣᠭᠤᠯᠵᠤ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠳᠤ ᠣᠷᠣᠯᠴᠠᠭᠤᠯᠵᠤ᠂ | ᠣᠯᠠᠨ ᠲᠦᠮᠡᠨ ᠤ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠵᠠᠮ ᠬᠠᠷᠢᠯᠴᠠᠭᠠᠨ ᠤ ᠲᠣᠣᠷ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠣᠷᠣᠨ ᠪᠦᠰᠡ ᠶᠢᠨ ᠵᠠᠮ ᠬᠠᠷᠢᠯᠴᠠᠭᠠᠨ ᠤ | ᠵᠠᠩᠭᠢᠯᠠᠭ᠎ᠠ ᠶᠢᠨ ᠴᠡᠭ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | S37 ᠮᠤᠵᠢ ᠶᠢᠨ ᠵᠠᠮ ᠤᠨ ᠦᠬᠠᠶ ᠠᠴᠠ ᠨᠢᠩᠳᠦ᠋ᠩ ᠬᠥᠷᠬᠦ ᠳᠡᠭᠡᠳᠦ ᠬᠤᠷᠲᠤᠴᠠᠲᠤ ᠵᠠᠰᠠᠮᠠᠯ ᠵᠠᠮ᠂ ᠿᠦᠩᠴᠧᠩ | ᠠᠴᠠ ᠦᠬᠠᠢ ᠬᠦᠷᠬᠦ ᠳᠡᠭᠡᠳᠦ ᠬᠤᠷᠲᠤᠴᠠᠲᠤ ᠵᠠᠰᠠᠮᠠᠯ ᠵᠠᠮ ᠤᠨ ᠦᠬᠠᠶ ᠶᠢᠨ ᠬᠡᠰᠡᠭ ᠤᠨ ᠪᠠᠶᠠᠨᠳᠤᠬᠠᠢ ᠠᠴᠠ | G244 ᠬᠥᠷᠬᠦ ᠬᠤᠯᠪᠣᠬᠤ ᠱᠤᠭᠤᠮ ᠤᠨ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠠᠬᠢᠭᠤᠯᠵᠤ᠂ S217 | ᠮᠤᠵᠢ ᠶᠢᠨ ᠵᠠᠮ ᠤᠨ ᠬᠠᠶᠢᠷᠤᠪ ᠤᠨ ᠲᠤᠬᠤᠢ ᠶᠢᠨ ᠬᠤᠲᠠ ᠶᠢ ᠲᠣᠭᠤᠷᠢᠭᠰᠠᠨ ᠬᠡᠰᠡᠭ ᠤᠨ ᠲᠤᠰᠠᠯᠠᠬᠤ ᠵᠠᠮ᠂ | ᠨᠠᠭᠤᠷ ᠲᠣᠭᠤᠷᠢᠭᠰᠠᠨ ᠵᠢᠭᠤᠯᠴᠢᠯᠠᠯ ᠤᠨ ᠵᠠᠮ ᠵᠡᠷᠭᠡ ᠲᠥᠷᠥᠯ ᠵᠦᠢᠯ ᠤᠨ ᠲᠡᠷᠭᠡ ᠨᠡᠪᠲᠡᠷᠡᠬᠦ ᠶᠢ ᠬᠦᠴᠦᠯᠡᠨ | ᠠᠬᠢᠭᠤᠯᠵᠤ᠂ ︽ᠳᠥᠷᠪᠡᠨ ᠬᠥᠨᠳᠡᠯᠡᠨ ᠳᠥᠷᠪᠡᠨ ᠭᠤᠯᠳᠤ ᠲᠠᠪᠤᠨ ᠬᠥᠭᠦᠷᠭᠡ ᠭᠤᠷᠪᠠᠨ ᠵᠠᠮ︾ ᠤᠨ ᠵᠠᠮ | ᠬᠠᠷᠢᠯᠴᠠᠭᠠᠨ ᠤ ᠲᠣᠤᠷ ᠰᠦᠯᠵᠢᠶ᠎ᠡ ᠶᠢ ᠪᠣᠶ ᠪᠣᠯᠭᠠᠨ᠎ᠠ᠃ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ | ᠪᠠᠨ ᠳᠡᠭᠡᠭᠰᠢᠯᠡᠭᠦᠯᠦᠨ᠎ᠡ᠃ ᠬᠤᠲᠠ ᠶᠢ ᠣᠯᠠᠨ ᠢᠶᠠᠷ ᠢᠶᠠᠨ ᠬᠠᠮᠢᠶᠠᠷᠬᠤ᠂ ᠬᠤᠲᠠ ᠶᠢ ᠨᠠᠷᠢᠯᠢᠭᠵᠢᠭᠤᠯᠤᠨ ᠬᠠᠮᠢᠶᠠᠷᠬᠤ | ᠂ ᠬᠤᠲᠠ ᠶᠢ ᠤᠶᠤᠨᠴᠢ ᠪᠠᠷ ᠬᠠᠮᠢᠶᠠᠷᠬᠤ ︽ᠭᠤᠷᠪᠠ ᠶᠢ ᠵᠡᠷᠭᠡ ᠪᠠᠷ ᠬᠠᠮᠢᠶᠠᠷᠬᠤ︾ ᠶᠢ ᠪᠠᠷᠢᠮᠲᠠᠯᠠᠨ᠂ ᠵᠡᠭᠡᠯᠢ ᠶᠢᠨ | ᠳᠠᠷᠤᠭ᠎ᠠ ᠶᠢᠨ ᠲᠦᠷᠢᠮ᠂ ︽ᠵᠠᠰᠠᠮᠠᠯ ᠵᠠᠮ ᠢᠶᠠᠷ ᠠᠯᠪᠠᠯᠠᠬᠤ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 5G | ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠤᠶᠤᠨᠲᠤ ᠬᠤᠲᠠ ᠶᠢᠨ ᠬᠠᠮᠢᠶᠠᠷᠤᠯᠲᠠ᠂ | ᠤᠶᠤᠨᠲᠤ ᠵᠢᠵᠢᠭ ᠲᠣᠭᠤᠷᠢᠭ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠲᠣᠭᠠᠴᠢᠯᠠᠭᠰᠠᠨ ᠬᠤᠲᠠ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠤᠨ᠎ᠠ᠃ ᠬᠠᠭᠤᠴᠢᠨ ᠬᠤᠲᠠ ᠶᠢᠨ | ᠲᠣᠭᠤᠷᠢᠭ ᠤᠨ ᠭᠤᠤᠯᠳᠠᠯᠭ᠎ᠠ ᠲᠠᠢ ᠵᠡᠭᠡᠯᠢ ᠲᠣᠭᠤᠷᠢᠭ ᠤᠨ ᠪᠠᠷᠢᠯᠭ᠎ᠠ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠵᠡᠷᠭᠡ ᠶᠢ ᠥᠭᠡᠷᠡᠴᠢᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠦᠯᠡᠳᠡᠭᠰᠡᠨ ᠥᠯᠥ | ᠣᠨᠣᠭᠳᠠᠬᠤ ᠪᠤᠯᠤᠩ ᠢ ᠴᠡᠪᠡᠷᠯᠡᠨ ᠥᠭᠡᠷᠡᠴᠢᠯᠡᠵᠦ ᠨᠤᠷᠠᠭᠠᠨ ᠨᠡᠭᠦᠯᠭᠡᠵᠦ᠂ ᠬᠤᠲᠠ ᠶᠢᠨ ᠲᠣᠭᠤᠷᠢᠭ ᠤᠨ | ᠬᠥᠭᠦᠷᠭᠡ ᠶᠢᠨ ᠬᠤᠩᠭᠢᠯ ᠢ ᠵᠠᠰᠠᠵᠤ ᠴᠢᠮᠡᠭᠯᠡᠨ᠎ᠡ᠃ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠶᠢᠨ ᠦᠵᠡᠮᠵᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠷᠤ | ᠵᠡᠭᠡᠯᠢ ᠭᠤᠳᠤᠮᠵᠢ᠂ ᠬᠡᠷ ᠤᠨ ᠭᠠᠳᠠᠨᠠᠬᠢ ᠵᠠᠷ ᠮᠡᠳᠡᠭᠡ᠂ ᠢᠯᠡ ᠣᠳᠠᠰᠣ ᠪᠠᠷ ᠴᠠᠬᠢᠯᠭᠠᠨ ᠴᠡᠨᠡᠭᠯᠡᠬᠦ ᠵᠡᠷᠭᠡ ᠲᠤᠰᠬᠠᠶ | ᠴᠡᠭᠴᠡᠯᠡᠨ ᠵᠠᠰᠠᠯᠲᠠ ᠶᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ | ᠡᠷᠴᠢᠮ ᠢᠶᠠᠨ ᠴᠢᠩᠭᠠᠷᠠᠭᠤᠯᠤᠨ ᠠᠬᠢᠭᠤᠯᠤᠨ᠎ᠠ᠃ ᠬᠠᠲᠤᠨ ᠭᠤᠣᠯ ᠤᠨ ᠡᠷᠭᠢ ᠳᠠᠭᠠᠤ ᠱᠤᠭᠤᠮ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠪᠠᠨ ᠴᠢᠩᠭᠠᠳᠬᠠᠵᠤ᠂ ᠪᠣᠯᠪᠠᠰᠤᠨ ᠪᠤᠰᠤ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠵᠤ ᠴᠢᠩᠭ᠎ᠠ ᠬᠠᠮᠢᠶᠠᠷᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠪᠠᠨ | ᠪᠦᠷᠢᠨᠰᠢᠬᠦᠯᠦᠨ ᠲᠡᠭᠦᠯᠳᠡᠷᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠦᠯᠦ ᠡᠭᠦᠰᠭᠡᠬᠦ | ᠬᠤᠷᠢᠭ᠎ᠠ ᠱᠤᠭᠤᠮ ᠢ ᠡᠷᠡᠰ ᠰᠠᠬᠢᠨ᠎ᠠ᠃ ᠨᠢᠭᠡᠳᠦᠯᠲᠡᠢ ᠲᠦᠯᠦᠪᠯᠡᠨ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ | ᠠᠬᠢᠭᠤᠯᠬᠤ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ 3 ᠵᠢᠱᠢᠶ᠎ᠡ ᠦᠵᠡᠭᠦᠯᠬᠦ ᠴᠢᠭ ᠢ | ᠲᠥᠪᠯᠡᠷᠡᠭᠦᠯᠦᠨ ᠪᠠᠶᠢᠭᠤᠯᠵᠤ᠂ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠲᠠᠷᠢᠶᠠᠯᠠᠬᠤ | ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ᠂ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃ ᠬᠠᠶᠢᠷᠤᠪ ᠤᠨ ᠲᠤᠬᠤᠢ ᠶᠢᠨ | ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠤᠳᠤ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠨᠡᠭᠡᠭᠡᠨ ᠬᠥᠭᠵᠢᠭᠦᠯᠬᠦ ᠵᠡᠷᠭᠡ ᠲᠦᠷᠦᠯ ᠵᠦᠢᠯ ᠢ ᠡᠬᠢᠯᠡᠭᠦᠯᠵᠦ᠂ | ︽ᠦᠬᠠᠢ ᠶᠢᠨ ᠦᠵᠦᠮ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠳᠡᠯᠭᠡᠷᠡᠭᠦᠯᠦᠨ | ᠪᠣᠷᠣᠯᠠᠭᠤᠯᠬᠤ ᠪᠠᠨ ᠴᠢᠩᠭᠠᠳᠬᠠᠵᠤ᠂ ᠡᠯᠡᠰᠦᠨ ᠴᠦᠯ ᠤᠨ ᠦᠵᠦᠮ ᠤᠨ ᠠᠷᠢᠬᠢ ᠶᠢᠨ ᠰᠣᠶᠣᠯ ᠤᠨ ᠲᠦᠷᠦᠯ | ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ | ᠪᠠᠨ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ | ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ ᠬᠥᠭᠵᠢᠭᠦᠯᠦᠨ᠎ᠡ᠃ ᠬᠤᠲᠠ ᠶᠢᠨ ᠳᠠᠷᠤᠭ᠎ᠠ ᠶᠢᠨ | ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠣᠲᠣ ᠦᠶ᠎ᠡ ᠶᠢᠨ | ᠪᠡᠯᠡᠳᠭᠡᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠦᠨ᠂ ᠤᠳᠠ ᠶᠢᠨ ᠢᠳᠡᠰᠢᠨ ᠨᠣᠭᠤᠭ᠎ᠠ ᠳᠠᠷᠢᠬᠤ ᠰᠠᠭᠤᠷᠢᠨ | ᠭᠠᠵᠠᠷ᠂ ᠬᠠᠶᠢᠨᠠᠨ ᠤ ᠭᠠᠭ᠋ᠠᠶ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠠᠷᠢᠶᠠᠯᠠᠩ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠰᠢᠨ᠎ᠡ | ᠰᠣᠷᠭᠤᠭ ᠢᠳᠡᠭᠡᠨ ᠤ ᠵᠦᠢᠯ ᠤᠨ ᠡᠯᠧᠺᠲᠷᠣᠨ ᠬᠤᠳᠠᠯᠳᠤᠭ᠎ᠠ᠂ ᠲᠥᠪ ᠲᠣᠭᠤᠭᠠᠨ ᠬᠡᠷ᠂ ᠬᠦᠢᠳᠡᠨ ᠬᠡᠯᠬᠢᠶᠡᠲᠦ | ᠣᠷᠣᠨ ᠰᠠᠭᠤᠴᠠ ᠶᠢᠨ ᠲᠣᠬᠢᠷᠠᠭᠤᠯᠤᠯᠲᠠ ᠶᠢ ᠬᠥᠭᠵᠢᠭᠦᠯᠬᠦ ᠶᠢ ᠳᠡᠮᠵᠢᠵᠦ᠂ ᠰᠢᠨ᠎ᠡ ᠰᠣᠷᠭᠤᠭ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠦᠮᠡᠨ ᠠᠵᠤ ᠠᠬᠤᠶᠢᠯᠠᠯ ᠢᠶᠠᠷ | ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠤᠨᠴᠠᠯᠢᠬᠳᠤ | ᠳᠠᠪᠠᠭᠤᠯᠢᠭ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠶᠢᠵᠢᠭᠤᠯᠤᠨ᠎ᠠ᠃ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠪᠠ | ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠠᠬᠢᠭᠤᠯᠵᠤ᠂ ᠪᠦᠬᠦᠯᠢ ᠴᠣᠭᠴᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ | ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠢ ᠪᠠᠲᠤᠯᠠᠬᠤ ᠰᠠᠭᠤᠷᠢ ᠪᠠᠨ ᠪᠠᠬᠢᠵᠢᠭᠦᠯᠦᠨ᠎ᠡ᠃ ︽ᠲᠦᠷᠦ ᠭᠦᠷᠦᠨ ᠪᠣᠯ ᠳᠠᠷᠤᠢ | ᠠᠷᠠᠳ ᠲᠦᠮᠡᠨ᠂ ᠠᠷᠠᠳ ᠲᠦᠮᠡᠨ ᠪᠣᠯ ᠳᠠᠷᠤᠢ ᠲᠦᠷᠦ ᠭᠦᠷᠦᠨ︾ ᠭᠡᠳᠡᠭ ᠢ ᠢᠮᠠᠭᠲᠠ ᠪᠠᠲᠤ ᠴᠡᠭᠡᠵᠢᠯᠡᠵᠦ᠂ | ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ ᠪᠠᠲᠤᠯᠠᠵᠤ᠂ ᠪᠤᠶᠠᠨ ᠵᠢᠷᠭᠠᠯ ᠢ ᠨᠢ ᠨᠡᠮᠡᠭᠳᠡᠭᠦᠯᠵᠦ᠂ | ᠬᠤᠷᠢᠭ᠎ᠠ ᠱᠤᠭᠤᠮ ᠢ ᠰᠠᠬᠢᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ | ᠨᠡᠩ ᠤᠯᠠᠨ ᠨᠡᠩ ᠭᠤᠣᠯᠴᠢ ᠪᠠᠷ ᠡᠳ᠋ᠯᠡᠬᠦᠯᠦᠨ᠎ᠡ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠪᠥᠬᠦ | ᠬᠦᠴᠦᠨ ᠢᠶᠠᠷ ᠠᠬᠢᠭᠤᠯᠤᠨ᠎ᠠ᠃ ᠠᠵᠢᠯ ᠣᠯᠭᠤᠯᠲᠠ ᠶᠢᠨ ᠨᠡᠩ ᠢᠳᠡᠪᠬᠢᠲᠡᠶ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠵᠦ᠂ ᠠᠵᠢᠯ ᠠᠯᠳᠠᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠤᠨ ᠠᠯᠪᠠ ᠠᠴᠠ ᠬᠠᠯᠠᠭᠳᠠᠭᠰᠠᠳ᠂ | ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠬᠤᠳᠠ ᠪᠠᠯᠭᠠᠰᠤᠨ ᠳᠤ 4500 ᠬᠥᠮᠦᠨ ᠳᠤ ᠰᠢᠨ᠎ᠡ ᠪᠠᠷ ᠠᠵᠢᠯ ᠣᠯᠭᠤᠨ᠎ᠠ᠃ ︽ᠠᠳᠠᠯ | ᠦᠢᠯᠡᠰ ᠴᠣᠭᠴᠠᠯᠠᠬᠤ ᠦᠬᠠᠶ︾ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠪᠦᠯᠦᠭ ᠠᠳᠠᠯ ᠦᠢᠯᠡᠰ ᠴᠣᠭᠴᠠᠯᠠᠬᠤ | ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢᠶᠠᠨ | ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠵᠡᠷᠭᠡ ᠨᠡᠶᠢᠭᠡᠮ ᠤᠨ | ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠲᠡᠰ | ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢᠶᠠᠨ ᠲᠡᠭᠦᠯᠳᠡᠷᠵᠢᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠣᠨᠴᠠᠭᠠᠶ | ᠬᠦᠴᠢᠷᠳᠡᠯ ᠲᠠᠢ ᠬᠠᠮᠲᠤᠯᠢᠭ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ︽ᠨᠢᠭᠡ ᠨᠠᠰᠤᠲᠠᠨ ᠨᠢᠭᠡ | ᠬᠡᠦᠬᠡᠳ︾ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠂ ᠪᠦᠬᠦ ᠤᠯᠤᠰ ᠤᠨ ᠭᠡᠷ ᠲᠡᠭᠡᠨ ᠰᠠᠭᠤᠬᠤ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ | ᠡᠭᠦᠷᠭᠡ ᠶᠢ ᠪᠡᠶᠡᠯᠡᠭᠦᠯᠵᠦ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢ ᠥᠷᠨᠢᠭᠦᠯᠵᠦ᠂ | ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ | ᠡᠮᠴᠢᠯᠡᠭᠡᠨ ᠤ ᠰᠤᠪᠢᠯᠠᠯᠲᠠ ᠡᠷᠡᠭᠦᠯᠵᠢᠯ ᠤᠨ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ︔ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠶᠢᠨ | ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠡᠤᠬᠡᠳ ᠰᠠᠭᠠᠲᠠᠭᠤᠯᠬᠤ | ᠦᠢᠯᠡᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠬᠥᠮᠦᠨ ᠠᠮᠠ ᠶᠢᠨ ᠣᠷᠳᠣ | ᠬᠤᠭᠤᠴᠠᠭᠠᠨ ᠤ ᠲᠡᠩᠴᠡᠭᠦᠷᠢᠲᠡᠶ ᠦᠰᠦᠯᠳᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠶᠠᠰᠤ ᠴᠢᠨᠠᠷ ᠢᠶᠠᠨ | ᠳᠡᠭᠡᠭᠰᠢᠯᠡᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠤᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠲᠥᠪ ᠤᠨ | ᠨᠡᠶᠢᠲᠡ ᠶᠢᠨ ᠪᠠᠶᠢᠷᠢ ᠶᠢᠨ ᠠᠰᠠᠷ ᠵᠡᠷᠭᠡ 8 ᠲᠦᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠳᠠ ᠶᠢᠨ ᠲᠤᠷᠰᠢᠯᠲᠠ ᠬᠢᠬᠦ | ᠬᠤᠳᠠ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠣᠷᠣᠨ ᠢ ᠪᠠᠶᠢᠭᠤᠯᠵᠤ᠂ ᠬᠤᠲᠠ ᠶᠢᠨ ᠱᠠᠲᠤᠨ ᠠᠴᠠ | ᠳᠡᠭᠡᠭᠰᠢᠬᠢ ᠵᠢᠱᠢᠶ᠎ᠡ ᠦᠵᠡᠭᠦᠯᠬᠦ ᠴᠡᠴᠡᠷᠯᠢᠭ ᠢ ᠪᠥᠬᠦ ᠬᠤᠲᠠ ᠶᠢᠨ ᠬᠡᠤᠬᠡᠳ ᠤᠨ ᠴᠡᠴᠡᠷᠯᠢᠭ ᠤᠨ ᠶᠡᠷᠦᠩᠬᠡᠶ | ᠲᠣᠭᠠᠨ ᠤ 25% ᠠᠴᠠ ᠳᠡᠭᠡᠭᠰᠢ ᠳᠤ ᠬᠦᠷᠦᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠬᠦᠭᠵᠢᠯᠳᠡ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠤᠳᠠ ᠲᠣᠭᠤᠷᠢᠭ ᠤᠨ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠦᠭᠵᠢᠯᠳᠡ ᠶᠢᠨ | ᠰᠢᠶᠠᠨ ᠢᠶᠠᠷ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠬᠢᠴᠢᠶᠡᠯ ᠰᠢᠨ᠎ᠡ ᠵᠢᠭᠠᠬᠤ ᠮᠠᠲ᠋ᠧᠷᠢᠶᠠᠯ ᠤᠨ | ᠤᠯᠤᠰ ᠤᠨ ᠲᠠᠰ ᠤᠨ ᠵᠢᠱᠢᠶ᠎ᠡ ᠦᠵᠡᠭᠦᠯᠬᠦ ᠣᠷᠣᠨ ᠪᠠ ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠶᠢ ᠨᠠᠷᠢᠯᠢᠭ ᠬᠢᠵᠦ ᠭᠦᠨᠵᠡᠭᠡᠶ ᠠᠬᠢᠭᠤᠯᠤᠨ᠎ᠠ᠃ ︽ᠬᠤᠶᠠᠷ ᠢ ᠬᠦᠩᠭᠡᠷᠡᠬᠦᠯᠬᠦ︾ ᠲᠥᠷᠥ ᠶᠢᠨ | ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ | ᠵᠢᠷᠤᠮᠵᠢᠭᠤᠯᠤᠨ ᠬᠠᠮᠢᠶᠠᠷᠤᠨ᠎ᠠ᠃ ᠣᠨᠴᠠᠭᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠦᠬᠠᠶ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ | ᠪᠤᠯᠭᠠᠨ ᠲᠠᠰ ᠳᠡᠪᠰᠢᠭᠦᠯᠬᠦ ᠡᠮᠦᠨᠡᠬᠢ ᠬᠤᠭᠤᠴᠠᠭᠠᠨ ᠤ ᠠᠵᠢᠯ ᠢ ᠡᠭᠢᠯᠡᠭᠦᠯᠦᠨ᠎ᠡ᠃ ︽ᠮᠡᠷᠭᠡᠵᠢᠯ ᠴᠢᠳᠠᠪᠤᠷᠢ ᠪᠠᠷ | ᠦᠪᠦᠷ ᠮᠣᠩᠭᠤᠯ ᠢᠶᠠᠨ ᠮᠠᠨᠳᠣᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠪᠠ ᠰᠤᠷᠭᠠᠨ | ᠬᠥᠮᠦᠵᠢᠯ ᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠡᠷᠭᠢᠯᠡᠬᠦ ᠶᠢ ᠭᠦᠨᠵᠡᠭᠡᠶᠢᠷᠡᠭᠦᠯᠦᠨ᠂ | ᠵᠠᠬᠢᠶᠠᠯᠠᠭ᠎ᠠ ᠶᠢᠨ ᠮᠠᠶ᠋ᠢᠭ ᠤᠨ᠂ ᠬᠤᠯᠪᠣᠭᠠᠯᠠᠬᠤ ᠮᠠᠶ᠋ᠢᠭ ᠤᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠣᠷᠣᠨ ᠪᠦᠰᠡ ᠶᠢᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠢ | ᠪᠥᠲᠥᠭᠡᠨ ᠪᠠᠶᠢᠭᠤᠯᠤᠨ᠎ᠠ᠃ ᠡᠷᠡᠭᠦᠯ ᠮᠡᠨᠲᠤ ᠦᠬᠠᠶ ᠶᠢᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠨ᠎ᠡ᠃ | ᠣᠳᠣᠬᠢᠴᠢᠯᠠᠭᠰᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠵᠤ | ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ | ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠤᠯᠤᠭᠠᠨ᠎ᠠ ᠶᠢᠨ ᠬᠢᠵᠢᠭ ᠵᠡᠷᠭᠡ | ᠬᠠᠯᠳᠠᠪᠤᠷᠢᠲᠤ ᠡᠪᠡᠳᠴᠢᠨ ᠢ ᠴᠢᠩᠭ᠎ᠠ ᠰᠡᠷᠭᠡᠶᠢᠯᠡᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠᠨ ᠲᠡᠭᠦᠯᠳᠡᠷᠵᠢᠭᠦᠯᠵᠦ᠂ ᠣᠷᠣᠨ | ᠪᠦᠰᠡ ᠶᠢᠨ ᠡᠮᠴᠢᠯᠡᠭᠡᠨ ᠤ ᠲᠥᠪ᠂ ᠨᠢᠭᠲᠠ ᠬᠡᠯᠪᠡᠷᠢ ᠶᠢᠨ ᠣᠷᠣᠨ ᠪᠦᠰᠡ ᠶᠢᠨ ᠡᠮᠴᠢᠯᠡᠭᠡᠨ ᠤ ᠬᠠᠮᠲᠤ ᠶᠢᠨ | ᠴᠤᠭᠴᠠ ᠶᠢᠨ ᠪᠦᠲᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠰᠠᠷ ᠢ ᠪᠠᠶᠢᠭᠤᠯᠵᠤ᠂ | ᠶᠡᠷᠦᠩᠬᠡᠶᠢᠯᠡᠭᠰᠡᠨ ᠡᠮᠴᠢᠯᠡᠭᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠬᠢᠴᠢᠯᠠᠯᠳᠠ ᠶᠢᠨ | ᠪᠠᠶᠢᠭᠤᠯᠤᠯᠲᠠ ᠶᠢ ᠲᠦᠷᠭᠡᠳᠬᠡᠨ᠂ ᠪᠦᠬᠦ ᠤᠯᠤᠰ ᠤᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠬᠤᠯᠪᠣᠵᠤ᠂ | ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠡᠭᠦᠳᠡᠨ ᠡᠮᠨᠡᠯᠭᠡ ᠶᠢᠨ | ᠵᠠᠷᠤᠳᠠᠯ ᠢ ᠮᠤᠵᠢ ᠠᠯᠤᠰᠯᠠᠨ ᠰᠢᠭᠤᠳ ᠲᠠᠰᠤᠯᠤᠨ ᠪᠤᠳᠤᠬᠤ ᠲᠤᠷᠰᠢᠯᠲᠠ ᠶᠢᠨ ᠠᠵᠢᠯ ᠢ ᠦᠷᠨᠢᠬᠦᠯᠦᠨ᠎ᠡ᠃ | ᠪᠠᠶᠢᠩᠭᠤ ᠲᠣᠬᠢᠶᠠᠯᠳᠤᠬᠤ ᠡᠪᠡᠳᠴᠢᠨ ᠤ ᠡᠮ ᠤᠨ ᠵᠦᠢᠯ ᠪᠠ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠬᠡᠪᠴᠢᠶ᠎ᠡ ᠪᠠᠨ ᠥᠷᠭᠡᠳᠬᠡᠵᠦ᠂ | ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃ ᠡᠷᠡᠭᠦᠯ | ᠮᠡᠨᠳᠤ ᠶᠢᠨ ᠨᠥᠯᠥᠭᠡ ᠶᠢ ᠦᠨᠡᠯᠡᠨ ᠵᠢᠱᠢᠬᠦ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ | ᠲᠡᠰ ᠤᠨ ᠲᠤᠷᠰᠢᠯᠲᠠ ᠶᠢᠨ ᠴᠢᠭ ᠢ ᠴᠢᠷᠮᠠᠶᠢᠨ ᠪᠤᠢ ᠪᠣᠯᠭᠠᠨ᠎ᠠ᠃ ᠰᠣᠶᠣᠯ ᠪᠡᠶ᠎ᠡ ᠲᠠᠮᠢᠷ ᠤᠨ ᠦᠢᠯᠡᠰ ᠢ ᠲᠠᠰᠤᠷᠠᠯᠲᠠ | ᠦᠭᠡᠢ ᠬᠦᠭᠵᠢᠬᠦᠯᠦᠨ᠎ᠡ᠃ ᠬᠠᠲᠤᠨ ᠭᠤᠤᠯ ᠤᠨ ᠭᠡᠷᠡᠯᠲᠦ ᠰᠤᠪᠤᠳ · ᠦᠬᠠᠶ ᠶᠢᠨ ᠤᠷᠠᠨ ᠪᠢᠴᠢᠯᠭᠡ ᠶᠢᠨ | ᠤᠷᠠᠯᠢᠭ ᠤᠨ ᠨᠠᠶᠢᠷ ᠵᠡᠷᠭᠡ ᠤᠷᠠᠨ ᠪᠢᠴᠢᠯᠭᠡ ᠶᠢᠨ ᠦᠵᠡᠭᠦᠯᠦᠯᠭᠡ ᠶᠢᠨ ᠤᠷᠤᠯᠳᠤᠭᠠᠨ ᠤ ᠶᠠᠷᠢᠶᠠᠨ ᠤ ᠲᠠᠪᠴᠠᠩ ᠤᠨ | ᠠᠵᠢᠯᠯᠠᠭ᠎ᠠ ᠶᠢ ᠰᠠᠶᠢᠲᠤᠷ ᠡᠷᠭᠢᠯᠡᠵᠦ᠂ ᠵᠠᠭᠤᠨ ᠨᠢᠰᠬᠡᠯ ᠤᠨ ᠪᠠᠭᠤᠳᠠᠯ ᠤᠨ ᠦᠬᠠᠶ ᠶᠢᠨ ᠤᠷᠠᠨ ᠪᠢᠴᠢᠯᠭᠡ ᠶᠢᠨ | ᠪᠦᠲᠦᠭᠡᠯ ᠤᠨ ᠦᠵᠡᠭᠦᠯᠦᠯᠭᠡ ᠶᠢ ᠡᠷᠭᠢᠯᠡᠨ᠂ ᠳᠤᠮᠳᠠᠳᠤ ᠤᠯᠤᠰ ᠤᠨ ᠪᠠᠷᠠᠭᠤᠨ ᠣᠷᠣᠨ ᠤ ᠤᠷᠠᠨ ᠪᠢᠴᠢᠯᠭᠡ ᠶᠢᠨ | ᠪᠣᠯᠪᠠᠰᠤᠷᠠᠯ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ | ᠬᠤᠲᠠ · ᠦᠬᠠᠶ︾ ᠶᠢᠨ ᠨᠠᠷᠠᠲᠤ ᠲᠡᠮᠳᠡᠭᠲᠦ ᠶᠢ ᠢᠷᠠᠭᠤ ᠠᠯᠳᠠᠷᠰᠢᠭᠤᠯᠤᠨ᠎ᠠ᠃ ᠠᠭᠤᠷᠬᠠᠶ ᠶᠢᠨ ᠣᠷᠣᠨ ᠤ ᠠᠵᠤ | ᠦᠢᠯᠡᠳᠪᠦᠷᠢ ᠶᠢᠨ ᠰᠣᠶᠣᠯ ᠤᠨ ᠣᠷᠳᠣ ᠬᠤᠩᠭᠢᠯ ᠢ ᠪᠥᠲᠥᠭᠡᠨ ᠪᠠᠶᠢᠭᠤᠯᠵᠤ᠂ ᠠᠵᠤ ᠦᠢᠯᠡᠳᠪᠦᠷᠢ ᠶᠢᠨ | ᠪᠠᠭᠤᠷᠢ ᠶᠢᠨ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠲᠠᠯ᠎ᠠ ᠨᠤᠲᠤᠭ ᠤᠨ ᠨᠣᠮ ᠤᠨ ᠦᠷᠦᠭᠡ᠂ ᠬᠤᠨ | ᠭᠠᠯᠠᠭᠤ ᠨᠤᠮ ᠣᠩᠰᠢᠯᠭ᠎ᠠ ᠵᠡᠷᠭᠡ ᠲᠠᠪᠴᠠᠩ ᠤᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠵᠦ᠂ ᠪᠦᠬᠦ | ᠠᠷᠠᠳ ᠤᠨ ᠤᠩᠰᠢᠯᠭ᠎ᠠ ᠶᠢᠨ ᠭᠦᠨ ᠳᠠᠪᠬᠤᠷᠭ᠎ᠠ ᠶᠢᠨ ᠬᠥᠭᠵᠢᠯᠲᠡ ᠶᠢ ᠠᠬᠢᠭᠤᠯᠵᠤ᠂ ︽ᠨᠣᠮ ᠤᠨ ᠦᠨᠦᠷ | ᠬᠠᠩᠬᠤᠯᠤᠭᠰᠠᠨ ᠦᠬᠠᠢ︾ ᠶᠢ ᠬᠦᠴᠦᠯᠡᠨ ᠴᠣᠭᠴᠠᠯᠠᠨ᠎ᠠ᠃ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ | ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠩ ᠣᠯᠠᠨ ᠰᠣᠳᠣᠨ ᠪᠦᠲᠦᠭᠡᠯ ᠢ ᠵᠣᠬᠢᠶᠠᠨ | ᠪᠦᠲᠦᠭᠡᠵᠦ᠂ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ | ᠪᠡᠶ᠎ᠡ ᠲᠠᠮᠢᠷ ᠤᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠪᠡᠶ᠎ᠡ ᠲᠠᠮᠢᠷ ᠤᠨ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢᠶᠠᠨ ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠥᠯ ᠪᠥᠮᠪᠦᠭᠡ ᠶᠢᠨ ᠥᠭᠡᠷᠡᠴᠢᠯᠡᠯᠲᠡ | ᠬᠥᠭᠵᠢᠯᠲᠡ ᠶᠢ ᠠᠬᠢᠭᠤᠯᠵᠤ᠂ ᠡᠯᠡᠰᠦᠨ ᠲᠠᠩ ᠤᠨ ᠬᠥᠯ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ ᠪᠡᠶ᠎ᠡ | ᠲᠠᠮᠢᠷ ᠤᠨ ᠬᠥᠳᠡᠯᠭᠡᠭᠡᠨ ᠢ ᠳᠡᠯᠭᠡᠷᠡᠭᠦᠯᠦᠨ᠎ᠡ᠃ 2022 ᠣᠨ ᠤ ᠦᠬᠠᠶ ᠨᠠᠭᠤᠷ ᠢ ᠲᠣᠭᠤᠷᠢᠭᠰᠠᠨ ᠮᠠᠷᠠᠽᠦᠨ ᠤ | ᠤᠷᠤᠯᠳᠤᠭᠠᠨ᠂ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡ ᠵᠡᠷᠭᠡ ᠴᠢᠬᠤᠯᠠ ᠶᠡᠭᠡ ᠤᠷᠤᠯᠳᠤᠭᠠᠨ ᠤ | ᠠᠵᠢᠯᠯᠠᠭ᠎ᠠ ᠶᠢ ᠳᠠᠭᠠᠭᠠᠨ ᠡᠷᠭᠢᠯᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶᠡᠴᠢ ᠬᠤᠲᠠ ᠶᠢ | ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ | ︵ᠲᠠᠪᠤ︶ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ | ᠬᠦᠴᠦᠨ ᠢᠶᠠᠨ ᠲᠥᠪᠯᠡᠷᠡᠭᠦᠯᠦᠨ ᠨᠡᠶᠢᠭᠡᠮ ᠤᠨ ᠵᠠᠰᠠᠯᠲᠠ ᠶᠢᠨ ᠰᠢᠨ᠎ᠡ ᠳᠡᠭᠡᠭᠰᠢᠯᠡᠯᠲᠡ ᠲᠠᠢ ᠪᠣᠯᠬᠤ ᠶᠢ ᠠᠬᠢᠭᠤᠯᠤᠨ᠎ᠠ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢᠨ | ᠲᠣᠭᠤᠷᠢᠨ ᠳᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠦᠨᠳᠦᠰᠦᠲᠡᠨ ᠱᠠᠰᠢᠨ | ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠠᠮᠤᠭᠤᠯᠠᠩ | ᠦᠬᠠᠶ ᠶᠢᠨ ᠪᠥᠲᠥᠭᠡᠨ ᠪᠠᠶᠢᠭᠤᠯᠤᠯᠲᠠ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠦᠬᠠᠶ ᠶᠢᠨ ᠵᠠᠭᠪᠤᠷ ᠢ ᠪᠣᠶ ᠪᠣᠯᠭᠠᠨ᠎ᠠ᠃ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠭᠢᠭᠤᠯᠤᠨ᠎ᠠ᠃ ︽ᠣᠶᠤᠨ ᠢᠶᠠᠷ ᠵᠠᠰᠠᠬᠤ︾ ᠶᠢᠨ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠲᠠᠪᠤᠨ ᠱᠠᠲᠤᠨ ᠤ ᠨᠡᠶᠢᠭᠡᠮ ᠤᠨ ᠵᠠᠰᠠᠯᠲᠠ ᠶᠢᠨ ᠤᠶᠤᠨᠴᠢᠯᠠᠭᠰᠠᠨ | ᠬᠡᠷᠡᠭᠯᠡᠭᠡᠨ ᠤ ᠲᠠᠪᠴᠠᠩ ᠤᠨ ᠪᠣᠳᠠᠲᠤ ᠪᠠᠶᠢᠯᠳᠤᠭᠠᠨ ᠳᠤ ᠣᠷᠣᠬᠤ ᠶᠢ ᠠᠬᠢᠭᠤᠯᠵᠤ᠂ ︽ᠨᠢᠭᠡ ᠳᠡᠯᠭᠡᠴᠡ ᠪᠠᠷ ᠪᠥᠬᠦ | ᠬᠤᠲᠠ ᠶᠢ ᠠᠵᠢᠭᠯᠠᠬᠤ᠂ ᠨᠢᠭᠡ ᠰᠦᠯᠵᠢᠶ᠎ᠡ ᠪᠠᠷ ᠬᠠᠮᠢᠶᠠᠷᠴᠤ ᠵᠠᠰᠠᠬᠤ︾ ᠶᠢ ᠪᠡᠶᠡᠯᠡᠭᠦᠯᠵᠦ᠂ ᠪᠥᠬᠦ ᠣᠷᠣᠨ ᠤ | ᠨᠢᠭᠡᠳᠦᠭᠡᠷ᠂ ᠪᠥᠬᠦ ᠤᠯᠤᠰ ᠤᠨ ᠲᠡᠷᠢᠭᠦᠨ ᠤ ᠣᠶᠤᠨᠴᠢ ᠵᠠᠰᠠᠯᠲᠠ ᠶᠢᠨ ᠲᠠᠩ ᠵᠦᠢᠯ ᠤᠨ ᠮᠠᠩᠯᠠᠶ ᠳᠤ | ᠰᠢᠯᠭᠠᠷᠠᠬᠤ ᠪᠠᠷ ᠴᠢᠷᠮᠠᠶᠢᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠰᠢᠯᠭᠠᠷᠠᠭᠰᠠᠨ ᠠᠮᠵᠢᠯᠲᠠ ᠪᠦᠲᠦᠮᠵᠢ ᠪᠠᠷ ᠢᠶᠠᠨ ᠥᠪᠡᠷᠲᠡᠭᠡᠨ ᠵᠠᠰᠠᠬᠤ ᠣᠷᠣᠨ ᠤ | ᠰᠢᠯᠭᠠᠨ ᠬᠢᠨᠡᠯᠳᠡ ᠶᠢᠨ ᠠᠩᠬ᠎ᠠ ᠬᠢᠨᠡᠯᠳᠡ ᠪᠠ ᠲᠥᠪ ᠤᠨ ᠳᠠᠬᠢᠨ ᠬᠢᠨᠠᠯᠳᠠ ᠶᠢᠨ ᠰᠢᠯᠭᠠᠨ ᠬᠤᠷᠢᠶᠠᠬᠤ ᠶᠢ | ᠤᠭᠲᠤᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ︽ᠵᠠᠷᠭᠤ ᠶᠢᠨ ᠢᠷᠡᠯᠳᠡ ᠶᠢ ᠵᠠᠰᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠪᠠᠨ ᠪᠦᠷᠢᠨᠰᠢᠬᠦᠯᠵᠤ᠂ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ | ᠥᠷᠨᠢᠭᠦᠯᠵᠦ᠂ ᠵᠥᠷᠢᠴᠡᠯ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠵᠦ᠂ ᠠᠰᠠᠭᠤᠳᠠᠯ ᠢ ᠦᠨᠳᠦᠰᠦᠨ | ᠱᠠᠲᠤᠨ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ᠡᠪᠦᠯ ᠤᠨ ᠣᠯᠢᠮᠫᠢᠺᠡ ᠶᠢᠨ ᠴᠤᠭᠯᠠᠭᠠᠨ᠂ ᠡᠪᠦᠯ ᠤᠨ | ᠵᠡᠮᠳᠡᠭᠴᠦᠳ ᠤᠨ ᠣᠯᠢᠮᠫᠢᠺ ᠶᠢᠨ ᠴᠤᠭᠯᠠᠭᠠᠨ᠂ ᠪᠥᠬᠦ ᠤᠯᠤᠰ ᠤᠨ ︽ᠬᠤᠶᠠᠷ ᠬᠤᠷᠠᠯ︾ ᠪᠠ ᠨᠠᠮ ᠤᠨ ᠬᠤᠷᠢᠳᠤᠭᠠᠷ | ᠶᠡᠭᠡ ᠬᠤᠷᠠᠯ ᠤᠨ ᠬᠤᠭᠤᠴᠠᠭᠠᠨ ᠳᠠᠬᠢ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠰᠢ ᠶᠢᠨ | ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ | ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢᠶᠠᠨ ᠴᠢᠩᠭᠠᠳᠬᠠᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠠ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠦᠨ᠎ᠡ᠃ ᠨᠡᠶᠢᠭᠡᠮ ᠵᠢᠷᠤᠮ ᠤᠨ | ᠭᠤᠤᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠶ ᠪᠠᠷ ᠪᠤᠶᠢᠵᠢᠭᠤᠯᠤᠨ ᠦᠢᠯᠡᠳᠦᠯᠭᠡᠵᠢᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠶᠤᠨ ᠰᠠᠨᠠᠭᠠᠨ ᠤ | ᠬᠦᠴᠦᠨ ᠢ ᠨᠢᠭᠲᠠᠷᠠᠭᠤᠯᠤᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠤᠯᠤᠰ ᠤᠨ | ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠬᠤᠳᠠ ᠶᠢᠨ ᠠᠮᠤᠷ ᠲᠦᠪᠰᠢᠨ ᠢ ᠪᠠᠲᠤᠯᠠᠬᠤ ᠬᠢᠷᠢ | ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠦᠯᠵᠢᠶᠡᠨ ᠤ ᠣᠷᠣᠨ ᠵᠠᠶ ᠶᠢ ᠬᠢᠨᠠᠨ ᠬᠠᠮᠢᠶᠠᠷᠴᠤ | ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢ ᠪᠠᠲᠤ ᠰᠠᠬᠢᠬᠤ ᠵᠢᠭᠰᠠᠭᠠᠯ ᠤᠨ | ᠭᠠᠵᠠᠷ ᠢ ᠪᠠᠲᠤ ᠪᠠᠬᠢ ᠪᠠᠶᠢᠭᠤᠯᠤᠨ᠎ᠠ᠃ ᠲᠦᠭᠰᠢᠭᠦᠷᠢ ᠶᠡᠬᠡᠲᠡᠶ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ | ᠲᠦᠭᠰᠢᠭᠦᠷᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠰᠢᠢᠳᠪᠦᠷᠢᠯᠡᠵᠦ᠂ ᠠᠵᠤ ᠠᠬᠤᠶᠢᠯᠠᠯ ᠤᠨ ᠥᠪᠡᠷ ᠢ ᠪᠠᠨ | ᠠᠪᠤᠷᠬᠠᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠰᠲ᠋ᠧᠮ ᠤᠨ ᠴᠢᠨᠠᠷᠲᠠᠶ ᠣᠷᠣᠨ | ᠪᠦᠰᠡ ᠶᠢᠨ ᠴᠢᠨᠠᠷᠲᠠᠶ ᠲᠦᠭᠰᠢᠭᠦᠷᠢ ᠥᠯᠥ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠵᠠᠰᠠᠭ ᠤᠨ | ᠣᠷᠳᠣᠨ ᠤ ᠳᠠᠯᠳᠠ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠬᠤᠷᠢᠭᠯᠠᠵᠤ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠦᠯᠡᠳᠡᠭᠡᠯ ᠥᠭᠴᠡᠭᠡ ᠶᠢ ᠠᠷᠢᠯᠭᠠᠵᠤ᠂ ᠬᠤᠲᠠ ᠶᠢᠨ ᠲᠣᠰ ᠱᠠᠲᠤ ᠪᠠ ᠡᠯ᠎ᠡ | ᠲᠣᠭᠤᠷᠢᠭ ᠤᠨ ᠤᠯᠠᠭᠠᠨ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠲᠠᠰ ᠠᠴᠠ ᠪᠦᠬᠦᠨ ᠢ ᠪᠤᠴᠠᠭᠠᠨ | ᠭᠠᠷᠭᠠᠬᠤ ᠪᠠᠷ ᠴᠢᠷᠮᠠᠶᠢᠨ᠎ᠠ᠃ ᠠᠭᠤᠷᠬᠠᠶ᠂ ᠠᠶᠤᠯ ᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ | ᠠᠵᠢᠯ᠂ ᠢᠳᠡᠭᠡᠨ ᠪᠠ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯ | ᠥᠭᠡᠢ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠᠨ ᠴᠢᠩᠭᠠᠷᠠᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠪᠠᠷᠢᠮᠵᠢᠶᠠᠵᠢᠭᠤᠯᠬᠤ ᠪᠥᠳᠥᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠠᠶᠤᠯ ᠥᠭᠡᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠪᠠ ᠠᠶᠤᠯ ᠲᠠᠢ ᠬᠢᠮᠢ ᠶᠢᠨ ᠵᠦᠢᠯ ᠤᠨ ᠠᠶᠤᠯ ᠥᠭᠡᠢ ᠶᠢᠨ ᠲᠦᠭᠰᠢᠭᠦᠷᠢ ᠶᠢ ᠲᠥᠪᠯᠡᠷᠡᠭᠦᠯᠦᠨ ᠵᠠᠰᠠᠬᠤ ᠶᠢ | ᠥᠷᠨᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠪᠠ ᠡᠳ᠋ ᠪᠣᠳᠠᠰ ᠤᠨ ᠪᠠᠲᠤᠯᠠᠭ᠎ᠠ ᠪᠠᠨ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ | ᠪᠠᠷᠠᠭᠤᠨ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠰᠠᠭᠤᠷᠢᠨ ᠭᠠᠵᠠᠷ ᠢ | ᠪᠠᠶᠢᠭᠤᠯᠵᠤ᠂ ᠤᠯᠤᠰ ᠤᠨ ᠲᠡᠰ ᠤᠨ ᠬᠢᠮᠢ ᠶᠢᠨ ᠠᠵᠤ ᠦᠢᠯᠡᠳᠪᠦᠷᠢ ᠶᠢᠨ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠤᠯᠤᠰ ᠲᠦᠷᠦ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠤᠯᠠᠨ ᠲᠦᠮᠡᠨ ᠳᠤ ᠬᠤᠯᠪᠣᠭᠳᠠᠬᠤ | ᠬᠡᠯᠪᠡᠷᠢ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠪᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠩ ᠥᠨᠳᠥᠷ | ᠲᠦᠪᠰᠢᠨ ᠪᠦᠬᠦᠢ ᠠᠮᠤᠷ ᠠᠮᠤᠭᠤᠯᠠᠩ ᠦᠬᠠᠢ ᠶᠢ ᠪᠦᠳᠦᠭᠡᠨ ᠪᠠᠶᠢᠭᠤᠯᠤᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠪᠡᠯᠡᠳᠬᠡᠯ ᠬᠦᠴᠦᠨ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ | ᠬᠠᠷᠠᠭᠠᠯᠵᠠᠨ ᠲᠥᠪᠬᠢᠨᠡᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠪᠠᠨ ᠲᠡᠭᠦᠯᠳᠡᠷᠵᠢᠭᠦᠯᠦᠨ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠡᠯ᠎ᠡ | ᠠᠷᠠᠳᠴᠢᠯᠠᠭᠰᠠᠨ ᠨᠠᠮ ᠪᠦᠯᠦᠭ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠶᠢᠨ ᠨᠡᠶᠢᠭᠡᠮ ᠤᠨ ᠵᠠᠰᠠᠯᠲᠠ ᠪᠠ | ᠤᠯᠠᠨ ᠨᠡᠶᠢᠲᠡ ᠶᠢᠨ ᠦᠢᠯᠡᠴᠢᠯᠡᠭᠡ ᠳᠤ ᠥᠷᠭᠡᠨ ᠢᠶᠠᠷ ᠣᠷᠣᠯᠴᠠᠬᠤ ᠶᠢ ᠲᠡᠮᠵᠢᠵᠤ᠂ ᠠᠷᠠᠳ ᠤᠨ ᠠᠭᠠᠷ ᠤᠨ | ᠰᠡᠷᠭᠡᠶᠢᠯᠡᠯᠲᠡ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠭ ᠠᠭᠤᠷ᠂ ᠵᠡᠮᠳᠡᠭᠴᠦᠳ᠂ | ᠲᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠨᠡᠶᠢᠭᠡᠮ ᠤᠨ ᠰᠢᠨᠵᠢᠯᠡᠬᠦ ᠤᠬᠠᠭᠠᠨ᠂ ᠬᠥᠨᠳᠡᠯᠡᠨ ᠠᠴᠠ ᠲᠠᠰᠤᠯᠬᠤ | ᠂ ᠰᠣᠨᠢᠨ ᠮᠡᠳᠡᠭᠡ ᠬᠡᠪᠯᠡᠯ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ | ︵ᠵᠢᠷᠭᠤᠭ᠎ᠠ︶ ᠠᠷᠠᠳ ᠤᠨ ᠲᠥᠯᠥᠭᠡ ᠪᠤᠳᠠᠳᠠᠢ ᠶᠢ ᠡᠷᠬᠢᠮᠯᠡᠨ ᠠᠷᠢᠭᠤᠨ ᠴᠢᠬᠡᠴᠢ ᠤᠯᠤᠰ ᠲᠦᠷᠦ ᠶᠢᠨ | ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠬᠦᠴᠦᠨ ᠢᠶᠠᠨ ᠲᠥᠪᠯᠡᠷᠡᠭᠦᠯᠦᠨ ᠵᠠᠰᠠᠭ ᠤᠨ ᠣᠷᠳᠣᠨ ᠤ ᠲᠤᠰ | ᠪᠡᠶ᠎ᠡ ᠶᠢᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ | ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠠᠶᠠᠨ ᠳᠠᠭᠠᠨ ᠮᠣᠷᠳᠠᠬᠤ ᠳᠤ᠂ ᠵᠠᠰᠠᠭ ᠤᠨ ᠣᠷᠳᠣᠨ ᠤ | ᠠᠵᠢᠯ ᠳᠤ ᠡᠷᠬᠡᠪᠰᠢ ᠰᠢᠨ᠎ᠡ ᠳᠦᠷᠰᠦ ᠪᠠᠶᠢᠳᠠᠯ ᠢᠶᠠᠨ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ | ᠪᠡᠶᠡᠯᠡᠭᠦᠯᠬᠦ ᠬᠡᠷᠡᠭᠲᠡᠢ᠃ ᠪᠢᠳᠡ ᠥᠷᠯᠥᠭᠡ ᠦᠳᠡᠰᠢ ᠶᠢ ᠲᠡᠮᠡᠴᠡᠨ ᠨᠡᠶᠢᠲᠡ ᠶᠢᠨ ᠲᠥᠯᠥᠭᠡ ᠵᠢᠳᠬᠦᠵᠦ᠂ ᠰᠠᠯᠬᠢ | ᠪᠣᠷᠣᠭᠠᠨ ᠢ ᠬᠠᠮᠲᠤ ᠪᠠᠷ ᠲᠤᠭᠤᠯᠵᠤ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠲᠡᠮᠡᠴᠡᠵᠦ᠂ ᠦᠨᠡᠨᠴᠢ | ᠰᠢᠳᠤᠷᠭᠤ ᠪᠠᠷ ᠠᠵᠢᠯᠯᠠᠬᠤ ᠳᠠᠭᠠᠨ ᠬᠤᠶᠢᠷᠭᠤᠰᠢᠬᠤ ᠦᠭᠡᠢ ᠪᠠᠶᠢᠵᠤ᠂ ᠠᠷᠢᠭᠤᠨ ᠴᠢᠬᠡᠴᠢ ᠥᠨᠳᠥᠷ ᠪᠦᠲᠦᠮᠵᠢᠲᠡᠶ | ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ | ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠡᠵᠡᠮᠳᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠬᠤ ᠶᠢ ᠪᠠᠲᠤᠯᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ | ᠢᠶᠠᠨ ᠪᠠᠬᠢᠵᠢᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠠᠴᠠ ᠲᠠᠰᠤᠷᠠᠯᠲᠠ ᠦᠭᠡᠢ | ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠨᠢ | ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠦᠵᠡᠯ ᠰᠠᠨᠠᠭᠠᠨ ᠤ ᠤᠬᠠᠮᠰᠠᠷ ᠪᠠ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠢᠮᠠᠭᠲᠠ ︽ᠬᠤᠶᠠᠷ ᠶᠡᠭᠡ ᠲᠠᠯ᠎ᠠ︾ ᠳᠤ ᠵᠣᠭᠰᠣᠵᠤ᠂ | ᠤᠬᠠᠮᠰᠠᠷ ᠠᠴᠠ ᠪᠠᠨ ︽ᠠᠷᠠᠳ ᠤᠨ ᠲᠥᠯᠥᠭᠡ ᠵᠢᠳᠬᠦᠬᠦ ᠣᠭ ᠰᠠᠨᠠᠭ᠎ᠠ︾ ᠪᠠᠨ ᠦᠢᠯᠡᠳᠦᠯᠭᠡᠵᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ | ᠬᠤᠲᠠ ᠶᠢᠨ ᠠᠷᠠᠳ ᠲᠦᠮᠡᠨ ᠤ ᠢᠲᠡᠭᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ | ᠪᠠᠶᠢᠬᠤ ᠶᠢ ᠪᠠᠲᠤᠯᠠᠨ᠎ᠠ᠃ | ᠬᠠᠤᠯᠢᠵᠢᠯ ᠢ ᠯᠠᠪᠳᠠᠭᠤᠨ ᠪᠠᠲᠤᠲᠠᠢ ᠡᠷᠴᠢᠮᠲᠡᠢ ᠬᠡᠷᠡᠭᠵᠢᠭᠦᠯᠦᠨ᠎ᠡ᠃ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠠᠤᠯᠢ | ᠶᠣᠰᠣᠭᠠᠷ ᠪᠦᠬᠦ ᠲᠠᠯ᠎ᠠ ᠪᠠᠷ ᠭᠦᠢᠴᠡᠳᠬᠡᠨ᠎ᠡ᠃ ᠬᠠᠤᠯᠢᠵᠢᠯ ᠤᠨ ᠰᠡᠳᠬᠢᠬᠦᠶ ᠪᠠ ᠬᠠᠤᠯᠢᠵᠢᠯ ᠤᠨ ᠠᠷᠭ᠎ᠠ ᠮᠠᠶ᠋ᠢᠭ ᠢ | ᠢᠳᠡᠪᠬᠢᠲᠡᠶ ᠬᠡᠷᠡᠭᠯᠡᠨ ᠠᠵᠢᠯ ᠢᠶᠠᠨ ᠥᠷᠨᠢᠭᠦᠯᠵᠦ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ | ᠵᠥᠪᠯᠡᠯᠭᠡᠨ ᠤ ᠬᠡᠰᠢᠬᠦᠳ ᠤᠨ ᠰᠠᠨᠠᠯ ᠲᠤᠷᠠᠳᠣᠯᠭ᠎ᠠ ᠶᠢ ᠬᠦᠢᠴᠡᠳᠭᠡᠬᠦ ᠴᠢᠨᠠᠷ ᠴᠢᠨᠰᠠᠭ᠎ᠠ ᠪᠠᠨ ᠲᠡᠭᠡᠭᠰᠢᠯᠡᠬᠦᠯᠦᠨ᠎ᠡ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠠᠢ ᠢᠳᠡᠪᠬᠢᠲᠡᠢ | ᠬᠠᠮᠵᠢᠯᠴᠠᠨ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠢᠯᠡᠨ ᠵᠠᠰᠠᠬᠤ ᠳᠦᠷᠢᠮ᠂ ᠠᠭᠤᠷᠬᠠᠢ ᠶᠢᠨ ᠣᠷᠣᠨ ᠤ | ᠣᠷᠴᠢᠨ ᠲᠣᠭᠤᠷᠢᠨ ᠢ ᠶᠡᠷᠦᠩᠬᠡᠢᠯᠡᠨ ᠵᠠᠰᠠᠬᠤ ᠳᠦᠷᠢᠮ ᠵᠡᠷᠭᠡ ᠬᠠᠤᠯᠢ ᠲᠣᠭᠲᠠᠭᠠᠬᠤ ᠠᠬᠢᠴᠠ ᠪᠠᠨ ᠲᠦᠷᠭᠡᠳᠬᠡᠨ᠎ᠡ | ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ | ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ | ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠴᠠᠭᠠᠵᠠ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠢᠷᠤᠮᠵᠢᠯ ᠲᠠᠢ ᠲᠥᠪ ᠭᠤᠣᠯᠴᠢ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ | ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠵᠣᠷᠢᠭᠲᠠᠢ ᠪᠠᠷ | ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠵᠤ᠂ ︽ᠭᠠᠪᠢᠶ᠎ᠠ ᠵᠢᠳᠬᠦᠯ ᠮᠢᠨᠦ ᠳᠡᠭᠡᠷ᠎ᠡ ᠪᠠᠶᠢᠬᠤ ᠪᠢᠰᠢ︾ ᠭᠡᠬᠦ ᠵᠣᠷᠢᠭ | ᠰᠠᠨᠠᠭᠠᠨ ᠤ ᠠᠬᠤᠢ ᠪᠠᠶᠢᠳᠠᠯ ᠢᠶᠠᠷ᠂ ︽ᠭᠠᠪᠢᠶ᠎ᠠ ᠪᠠᠶᠢᠭᠤᠯᠬᠤ ᠳᠤ ᠡᠷᠬᠡᠪᠰᠢ ᠪᠢ ᠪᠠᠶᠢᠬᠤ ᠬᠡᠷᠡᠭᠲᠡᠢ︾ ᠭᠡᠬᠦ | ᠬᠠᠷᠢᠭᠤᠴᠠᠯᠭ᠎ᠠ ᠶᠢ ᠡᠭᠦᠷᠭᠡᠯᠡᠵᠦ᠂ ᠠᠩᠬᠠᠷᠤᠯ᠂ ᠣᠶᠣᠨ ᠰᠠᠨᠠᠭ᠎ᠠ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ | ᠬᠥᠭᠵᠢᠯᠲᠡ ᠶᠢ ᠠᠬᠢᠭᠤᠯᠵᠤ᠂ ᠵᠥᠷᠢᠴᠡᠯ ᠤᠨ ᠡᠮᠦᠨ᠎ᠡ ᠵᠠᠶᠢᠯᠠᠬᠤ ᠦᠭᠡᠢ᠂ ᠥᠷᠢᠰᠥᠯᠳᠦᠭᠡᠨ ᠤ ᠡᠮᠦᠨ᠎ᠡ ᠠᠶᠤᠬᠤ | ᠦᠭᠡᠢ᠂ ᠬᠦᠴᠢᠷ ᠪᠡᠷᠬᠡᠰᠢᠶᠡᠯ ᠤᠨ ᠡᠮᠦᠨ᠎ᠡ ᠤᠬᠤᠷᠢᠬᠤ ᠦᠭᠡᠢ᠂ ᠵᠣᠷᠢᠭᠲᠠᠢ ᠪᠠᠷ ᠴᠢᠷᠮᠠᠶᠢᠨ ᠠᠵᠢᠯᠯᠠᠵᠤ᠂ ᠠᠷᠭ᠎ᠠ | ᠪᠦᠬᠦᠨ ᠢ ᠰᠦᠪᠡᠭᠴᠢᠯᠡᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠪᠣᠳᠠᠲᠤ ᠶᠠᠪᠤᠳᠠᠯ ᠢ ᠪᠦᠲᠦᠭᠡᠬᠦ᠂ ᠪᠣᠳᠠᠲᠤ | ᠦᠷ᠎ᠡ ᠪᠦᠲᠦᠮᠵᠢ ᠶᠢ ᠡᠷᠬᠢᠮᠯᠡᠬᠦ᠂ ᠪᠣᠳᠠᠲᠤ ᠬᠢᠷᠢ ᠪᠦᠲᠦᠮᠵᠢ ᠶᠢ ᠡᠷᠢᠯᠬᠢᠯᠡᠬᠦ ᠠᠵᠢᠯ ᠤᠨ ᠠᠮᠵᠢᠯᠲᠠ ᠶᠢᠨ | ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠬᠡᠯᠡᠪᠡᠯ ᠬᠢᠬᠦ᠂ ᠲᠣᠭᠲᠠᠭᠠᠪᠠᠯ ᠬᠢᠬᠦ᠂ ᠨᠢᠭᠡ ᠠᠵᠢᠯ ᠬᠢᠪᠡᠯ ᠨᠢᠭᠡ ᠶᠢ | ᠪᠦᠲᠦᠭᠡᠬᠦ᠂ ᠶᠡᠭᠡ ᠦᠭᠡ ᠬᠡᠯᠡᠬᠦ ᠦᠭᠡᠢ᠂ ᠬᠤᠭᠤᠰᠣᠨ ᠦᠭᠡ ᠬᠡᠯᠡᠬᠦ ᠦᠭᠡᠢ᠂ ᠬᠤᠭᠤᠰᠣᠨ ᠨᠡᠷ᠎ᠡ ᠬᠥᠭᠡᠭᠡᠴᠡᠯᠳᠦᠬᠦ | ᠦᠭᠡᠢ᠂ ᠬᠤᠭᠤᠰᠣᠨ ᠭᠠᠪᠢᠶ᠎ᠠ ᠶᠢ ᠬᠥᠭᠡᠭᠡᠴᠡᠯᠳᠦᠬᠦ ᠦᠭᠡᠢ ᠪᠠᠶᠢᠵᠤ᠂ ᠦᠨᠡᠨ ᠪᠣᠳᠠᠲᠠᠢ ᠦᠢᠯᠡᠴᠢᠯᠡᠭᠡᠨ ᠤ ᠵᠢᠭᠠᠯᠲᠠ | ᠲᠤᠭ᠎ᠠ ᠪᠠᠷ ᠠᠵᠤ ᠠᠬᠤᠶᠢᠯᠠᠯ ᠤᠨ ᠬᠥᠭᠵᠢᠯᠲᠡ ᠶᠢᠨ ᠵᠢᠭᠠᠯᠲᠠ ᠲᠤᠭ᠎ᠠ᠂ ᠤᠯᠠᠨ ᠲᠦᠮᠡᠨ ᠤ ᠵᠣᠯ ᠵᠢᠷᠭᠠᠯ ᠤᠨ | ᠵᠢᠭᠠᠯᠲᠠ ᠲᠤᠭ᠎ᠠ᠂ ᠨᠡᠶᠢᠭᠡᠮ ᠤᠨ ᠮᠠᠭᠲᠠᠭᠠᠯ ᠤᠨ ᠵᠢᠭᠠᠯᠲᠠ ᠲᠤᠭ᠎ᠠ ᠶᠢ ᠲᠡᠮᠡᠴᠡᠨ ᠤᠯᠤᠨ᠎ᠠ᠃ ᠨᠠᠮ ᠤᠨ ᠲᠥᠪ | ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠭᠠᠷᠭᠠᠭᠰᠠᠨ ᠰᠢᠢᠳᠪᠦᠷᠢᠲᠦ ᠪᠣᠳᠣᠯᠭ᠎ᠠ᠂ ᠪᠠᠶᠢᠷᠢᠯᠠᠭᠤᠯᠤᠯᠲᠠ ᠶᠢᠨ ᠠᠵᠢᠯ ᠳᠤ ︽ᠥᠨᠥᠳᠦᠷ ᠬᠡᠳᠦᠶ ᠣᠷᠣᠶ | ᠪᠣᠯᠤᠭᠰᠠᠨ ᠴᠤ ᠡᠷᠲᠡ᠂ ᠮᠠᠷᠭᠠᠰᠢ ᠬᠡᠳᠦᠶ ᠡᠷᠲᠡ ᠪᠣᠯᠤᠭᠰᠠᠨ ᠴᠤ ᠣᠷᠣᠶ︾ ᠪᠠᠶᠢᠬᠤ ᠡᠷᠴᠢ ᠵᠣᠷᠢᠭ ᠢᠶᠠᠨ | ᠪᠠᠳᠠᠷᠠᠭᠤᠯᠵᠤ᠂ ᠬᠡᠷᠡᠭ ᠢ ᠬᠤᠷᠠᠮᠳᠤᠭᠤᠯᠤᠨ ᠰᠢᠢᠳᠪᠦᠷᠢᠯᠡᠬᠦ ᠦᠭᠡᠢ᠂ ᠬᠡᠷᠡᠭ ᠢ ᠰᠥᠨᠢ ᠥᠩᠭᠡᠷᠡᠭᠦᠯᠬᠦ ᠥᠬᠡᠶ᠂ | ᠪᠤᠰᠢᠭᠤ ᠱᠠᠯᠠᠮᠠᠭᠠᠶ ᠬᠢᠵᠦ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠲᠡᠷᠡ ᠬᠡᠪ ᠢᠶᠠᠷ ᠨᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠵᠦ ᠬᠤᠷᠢᠭ᠎ᠠ ᠱᠣᠭᠤᠮ ᠢ ᠪᠠᠲᠤ ᠰᠠᠬᠢᠨ᠎ᠠ᠃ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠳᠥᠯᠭᠢᠨ ᠠᠬᠢᠭᠤᠯᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ | ᠣᠷᠳᠣ ᠬᠤᠭᠤᠴᠠᠭ᠎ᠠ ᠪᠠᠷ ᠪᠠᠷᠢᠮᠲᠠᠯᠠᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ | ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠶᠢ ᠦᠷᠭᠦᠯᠵᠢᠯᠡᠨ | ᠠᠬᠢᠭᠤᠯᠵᠤ᠂ ᠮᠥᠩᠭᠦᠨ ᠬᠦᠢᠯᠭᠡᠭᠡ᠂ ᠤᠯᠤᠰ ᠲᠥᠷᠥ ᠬᠠᠤᠯᠢ ᠴᠠᠭᠠᠵᠠ᠂ ᠨᠤᠲᠤᠭ ᠪᠡᠯᠴᠢᠭᠡᠷ ᠣᠶᠢᠲᠤ ᠭᠠᠵᠠᠷ ᠢ | ᠡᠪᠳᠡᠬᠦ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠨᠡᠭᠡᠭᠡᠨ ᠬᠦᠭᠵᠢᠬᠦᠯᠦᠯᠳᠡ ᠶᠢᠨ ᠣᠷᠣᠨ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠳᠡᠭᠡᠳᠦ ᠰᠤᠷᠭᠠᠭᠤᠯᠢ ᠵᠡᠷᠭᠡ ᠬᠦᠷᠢᠶᠡᠨ ᠳᠠᠬᠢ ᠲᠤᠰᠬᠠᠶ ᠴᠡᠭᠴᠡᠯᠡᠨ | ᠵᠠᠰᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠨ᠎ᠠ᠃ ᠠᠷᠠᠳᠴᠢᠯᠠᠯ ᠤᠨ ᠠᠮᠢᠳᠤᠷᠠᠯ ᠤᠨ | ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ | ᠴᠢᠩᠭᠠᠷᠠᠨ ᠪᠣᠳᠠᠲᠠᠶᠢᠵᠢᠬᠤ ᠶᠢ ᠲᠦᠯᠬᠢᠨ ᠠᠬᠢᠭᠤᠯᠤᠨ᠎ᠠ᠃ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ | ᠴᠢᠩᠳᠠᠯᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠲᠤᠯᠢ ᠪᠣᠯᠭᠠᠵᠤ᠂ ᠬᠡᠷᠡᠭ ᠢᠶᠠᠷ ᠴᠡᠭᠴᠡᠯᠡᠯᠳᠡ ᠶᠢ | ᠠᠬᠢᠭᠤᠯᠬᠤ ᠶᠢ ᠭᠦᠨᠵᠡᠭᠡᠶᠢᠷᠡᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠲᠡᠬᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠲᠦᠷᠢ ᠲᠥᠷᠬᠦ ᠶᠢᠨ | ᠢᠨᠵᠧᠨᠧᠷᠢᠩ᠂ ᠠᠵᠢᠯ ᠤᠨ ᠠᠮᠵᠢᠯᠲᠠ ᠶᠢᠨ ᠢᠨᠵᠧᠨᠧᠷᠢᠩ ᠢ ᠡᠷᠡᠰ ᠬᠤᠷᠢᠭᠯᠠᠨ᠎ᠠ᠃ ᠬᠠᠲᠠᠭᠤ ᠪᠤᠰᠤ ᠴᠢᠨᠠᠷᠲᠠᠶ᠂ | ᠭᠤᠣᠯᠳᠠᠯᠭ᠎ᠠ ᠲᠠᠢ ᠪᠤᠰᠤ ᠵᠦᠢᠯᠡᠰ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠭᠤᠷᠪᠠᠨ ᠵᠦᠢᠯ ᠤᠨ ᠠᠯᠪᠠᠨ ᠤ | ᠵᠠᠷᠤᠳᠠᠯ︾ ᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ︽ᠭᠠᠮᠲᠠᠶ ᠠᠮᠢᠳᠤᠷᠠᠯ︾ ᠢᠶᠠᠷ ᠠᠷᠠᠳ ᠤᠯᠠᠨ ᠤ | ︽ᠰᠠᠶᠢᠨ ᠠᠮᠢᠳᠤᠷᠠᠯ︾ ᠢ ᠰᠣᠯᠢᠵᠤ ᠠᠪᠴᠢᠷᠠᠨ᠎ᠠ᠃ | ᠲᠥᠯᠥᠭᠡᠯᠡᠭᠴᠢᠳ ᠡ᠂ ᠰᠢᠷᠭᠠᠭᠤ ᠲᠡᠮᠡᠴᠡᠯ ᠢᠶᠠᠷ ᠲᠡᠦᠬᠡ ᠶᠢ ᠡᠭᠦᠳᠴᠦ᠂ ᠪᠣᠳᠠᠲᠠᠶ ᠠᠵᠢᠯᠯᠠᠬᠤ ᠪᠠᠷ | ᠢᠷᠡᠭᠡᠳᠦᠶ ᠪᠠᠨ ᠴᠤᠭᠴᠠᠯᠠᠨᠠᠮ᠃ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡ ᠶᠢᠨ ᠰᠢᠨ᠎ᠡ ᠭᠠᠷᠤᠭ᠎ᠠ | ᠳᠡᠭᠡᠷ᠎ᠡ ᠵᠣᠭᠰᠣᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ | ᠠᠶᠠᠨ ᠳᠤ ᠮᠣᠷᠳᠠᠬᠤ ᠳᠤ᠂ ᠪᠢᠳᠡ ᠢᠲᠡᠭᠡᠯ ᠵᠣᠷᠢᠭ ᠢᠶᠠᠨ ᠬᠥᠪᠴᠢᠯᠡᠵᠦ᠂ ᠣᠮᠤᠭ ᠵᠣᠷᠢᠭ ᠢᠶᠠᠷ ᠪᠢᠯᠬᠠᠨ᠎ᠠ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠪᠠᠨ ᠨᠡᠭᠡᠭᠡᠵᠦ᠂ ᠰᠢᠨ᠎ᠡ | ᠠᠶᠠᠨ ᠵᠠᠮ ᠳᠠᠭᠠᠨ ᠦᠬᠠᠢ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ | ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕ | |