︽ᠦᠬᠠᠶ ᠬᠤᠲᠠ ᠶᠢᠨ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠤᠷᠳᠤᠨ  ᠤ ᠮᠡᠳᠡᠭᠳᠡᠯ
ᠨᠡᠶᠢᠲᠡᠯᠡᠭᠰᠡᠨ ᠴᠠᠭ᠄
2022/3/15
        ᠦᠬᠠᠶ ᠵᠠᠰᠠᠭ ᠠᠯᠪᠠᠨ ᠲᠠᠷᠬᠠᠭᠠᠭᠰᠠᠨ︹2021︺34 ᠳ᠋ᠣᠭᠡᠷ ᠲᠣᠭᠠᠲᠤ ︽ᠦᠬᠠᠶ ᠬᠤᠲᠠ ᠶᠢᠨ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ     ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠦᠬᠠᠶ ᠬᠤᠲᠠ ᠶᠢᠨ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ ᠵᠠᠰᠠᠭ ᠤᠨ ᠣᠷᠳᠣᠨ ᠠᠴᠠ ᠨᠢᠭᠡᠨᠲᠡ ᠰᠤᠳᠤᠯᠤᠨ ᠵᠥᠪᠰᠢᠶᠡᠷᠡᠪᠡ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                                   2021 ᠣᠨ ᠤ 12 ᠰᠠᠷ᠎ᠠ ᠶᠢᠨ 22 ᠤᠨ ᠡᠳᠦᠷ                                   ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ ᠦᠬᠠᠶ ᠬᠤᠲᠠ ᠶᠢᠨ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠬᠡᠷᠡᠭᠵᠢᠭ᠊‍ᠦᠯᠬᠦ ᠲᠥᠰᠦᠯ      ᠬᠥᠳᠡᠭᠡ ᠲᠣᠰᠬᠤᠨ ᠤ ᠪᠠᠭᠰᠢ ᠶᠢᠨ ᠣᠯᠭᠤᠮᠵᠢ ᠶᠢ ᠰᠠᠶᠢᠵᠢᠷᠠᠭᠤᠯᠵᠤ᠂ ᠰᠢᠯᠢᠳᠡᠭ ᠴᠢᠳᠠᠪᠤᠷᠢᠲᠠᠨ ᠢ ᠬᠢᠯᠢ ᠬᠢᠵᠠᠭᠠᠷ ᠤᠨ ᠬᠠᠲᠠᠭᠤᠵᠢᠯᠲᠠᠶ ᠰᠤᠷᠭᠠᠭᠤᠯᠢ ᠳᠤ ᠲᠡᠳᠡᠨ ᠪᠠᠭᠰᠢᠯᠠᠭᠤᠯᠵᠤ᠂ ᠪᠠᠭᠰᠢ ᠶᠢᠨ ᠵᠦᠶ ᠵᠣᠬᠢᠰᠲᠠᠶ ᠪᠠᠷ ᠰᠢᠯᠵᠢᠬᠦ ᠶᠢ ᠵᠣᠷᠢᠭᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠬᠡᠷᠡᠭᠵᠢᠭᠦᠯᠬᠦ ᠬᠡᠪᠴᠢᠶ᠎ᠡ      ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠬᠡᠷᠡᠭᠵᠢᠭᠦᠯᠬᠦ ᠬᠡᠪᠴᠢᠶ᠎ᠡ ᠶᠢ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠠᠯᠪᠠᠨ ᠠᠴᠠ ᠡᠷᠭᠢᠯᠡᠭᠰᠡᠨ ᠬᠥᠳᠡᠭᠡ ᠲᠣᠰᠬᠤᠨ ᠤ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠠᠵᠢᠯᠲᠠᠨ ︵ᠵᠠᠰᠠᠭ ᠤᠨ ᠣᠷᠳᠣᠨ ᠠᠴᠠ ᠬᠤᠳᠠᠯᠳᠤᠨ ᠠᠪᠤᠭᠰᠠᠨ ᠦᠢᠯᠡᠴᠢᠯᠡᠭᠡᠨ ᠤ ᠠᠵᠢᠯ ᠤᠨ ᠪᠠᠶᠢᠷᠢ ᠶᠢᠨ ᠪᠠᠭᠰᠢ ᠪᠠᠭᠲᠠᠨ᠎ᠠ︶ ᠤ ᠲᠤᠲᠤᠷ᠎ᠠ ᠬᠢᠵᠠᠭᠠᠷᠯᠠᠨ᠎ᠠ᠃ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠨᠥᠬᠦᠪᠥᠷᠢ ᠣᠯᠭᠤᠬᠤ ᠬᠡᠪᠴᠢᠶᠡᠨ ᠳᠤ ᠪᠠᠭᠲᠠᠬᠤ ᠦᠭᠡᠢ᠃      ᠬᠤᠶᠠᠷ᠂ ᠨᠥᠬᠦᠪᠥᠷᠢ ᠥᠭᠬᠦ ᠪᠠᠷᠢᠮᠵᠢᠶ᠎ᠠ      ᠬᠥᠮᠦᠨ ᠪᠦᠷᠢ ᠳᠤ ᠰᠠᠷ᠎ᠠ ᠶᠢᠨ ᠠᠮᠢᠳᠤᠷᠠᠯ ᠤᠨ ᠨᠥᠬᠦᠪᠥᠷᠢ 450 ᠲᠥᠭᠦᠷᠢᠭ ᠣᠯᠭᠤᠵᠤ᠂ ᠰᠣᠷᠣᠯᠭ᠎ᠠ ᠶᠢᠨ ᠵᠢᠯ ᠪᠦᠷᠢ ᠳᠤ 10 ᠰᠠᠷ᠎ᠠ ᠪᠠᠷ ᠪᠤᠳᠤᠵᠤ ᠣᠯᠭᠤᠨ᠎ᠠ ︵ᠪᠣᠳᠠᠲᠠᠶ ᠠᠵᠢᠯ ᠤᠨ ᠪᠠᠶᠢᠷᠢᠨ ᠳᠤ ᠪᠠᠶᠢᠭ᠎ᠠ ᠰᠠᠷ᠎ᠠ ᠪᠠᠷ ᠪᠤᠳᠤᠨ᠎ᠠ︶᠃      ᠭᠤᠷᠪᠠ᠂ ᠪᠠᠯᠠ ᠮᠥᠩᠭᠦ ᠶᠢᠨ ᠢᠷᠡᠯᠲᠡ      ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢ ᠡᠯ᠎ᠡ ᠲᠣᠭᠤᠷᠢᠭ ᠤᠨ ᠡᠳ᠋ ᠤᠨ ᠵᠠᠰᠠᠭ  ᠤᠨ ᠲᠦᠰᠦᠪ ᠲᠤ ᠣᠷᠣᠭᠤᠯᠣᠨ᠎ᠠ᠃      ᠳᠥᠷᠪᠡ᠂ ᠨᠥᠬᠦᠪᠥᠷᠢ ᠥᠭᠬᠦ ᠠᠷᠭ᠎ᠠ      ︵ᠨᠢᠭᠡ︶ ᠬᠥᠳᠡᠭᠡ ᠲᠣᠰᠬᠤᠨ ᠤ ᠪᠠᠭᠰᠢ ᠠᠵᠢᠯ ᠤᠨ ᠪᠠᠶᠢᠷᠢ ᠳᠠᠭᠠᠨ ᠪᠠᠶᠢᠬᠤ ᠦᠶ᠎ᠡ ᠳᠤ ᠠᠮᠢᠳᠤᠷᠠᠯ ᠤᠨ ᠨᠥᠬᠦᠪᠥᠷᠢ ᠭᠥᠷᠳᠡᠨ᠎ᠡ᠂ ᠠᠵᠢᠯ ᠤᠨ ᠪᠠᠶᠢᠷᠢ ᠠᠴᠠ ᠪᠠᠨ ᠰᠠᠯᠤᠭᠰᠠᠨ ︵ᠠᠵᠢᠯ ᠠᠴᠠ ᠪᠠᠨ ᠠᠮᠠᠷᠠᠭᠰᠠᠨ ᠢ ᠪᠠᠭᠲᠠᠭᠠᠨ᠎ᠠ︶ ᠤ ᠳᠠᠷᠠᠭ᠎ᠠ ᠠᠶᠠᠨᠳᠠᠭᠠᠨ ᠬᠦᠴᠦᠨ ᠥᠬᠡᠶ ᠪᠣᠯᠭᠠᠵᠤ᠂ ᠨᠠᠰᠤᠵᠢᠯ ᠤᠨ ᠳᠠᠭᠠᠳᠬᠠᠯ ᠤᠨ ᠪᠤᠳᠤᠬᠤ ᠰᠠᠭᠤᠷᠢ ᠲᠤᠭ᠎ᠠ ᠪᠣᠯᠭᠠᠬᠤ ᠥᠬᠡᠶ᠃      ︵ᠬᠤᠶᠠᠷ︶ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠳᠤ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠬᠥᠳᠡᠭᠡ ᠲᠣᠰᠬᠤᠨ ᠤ ᠰᠤᠷᠭᠠᠭᠤᠯᠢ ᠨᠤᠭᠤᠳ ᠠᠵᠢᠯᠲᠠᠨ ᠠᠵᠢᠯᠴᠢᠨ ᠤ ᠣᠨ ᠤ ᠠᠵᠢᠯ ᠤᠨ ᠪᠣᠳᠠᠲᠤ ᠠᠮᠵᠢᠯᠲᠠ ᠪᠦᠲᠦᠮᠵᠢ ᠵᠢᠴᠢ ᠰᠢᠯᠭᠠᠨ ᠬᠢᠨᠠᠭᠰᠠᠨ ᠦᠷ᠎ᠡ ᠳ᠋ᠦᠩ ᠲᠠᠢ ᠤᠶᠠᠯᠳᠤᠭᠤᠯᠤᠨ᠂ ᠰᠤᠷᠤᠯᠭ᠎ᠠ ᠶᠢᠨ ᠵᠢᠯ ᠤᠨ ᠡᠴᠦᠰ ᠲᠤ ᠨᠢᠭᠡ ᠣᠳᠠᠭᠠᠨ ᠤ ᠴᠢᠨᠠᠷᠲᠠᠶ ᠪᠠᠷ ᠣᠯᠭᠤᠨ᠎ᠠ᠃ ᠬᠥᠳᠡᠭᠡ ᠲᠣᠰᠬᠤᠨ ᠤ ᠰᠤᠷᠭᠠᠭᠤᠯᠢ ᠳᠤ ᠳᠣᠷᠣᠭᠰᠢ ᠲᠣᠮᠢᠯᠠᠭᠰᠠᠨ ᠰᠤᠷᠭᠠᠨ ᠬᠥᠮᠦᠵᠢᠯ ᠢ ᠳᠡᠮᠵᠢᠬᠦ ᠪᠠᠭᠰᠢ᠂ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠰᠤᠷᠭᠠᠭᠤᠯᠢ ᠶᠢᠨ ᠤᠳᠤᠷᠢᠳᠤᠯᠭ᠎ᠠ᠂ ᠪᠠᠭᠰᠢ ᠠᠵᠢᠯᠲᠠᠨ᠂ ᠨᠢᠭᠡᠨᠲᠡ ᠰᠢᠯᠵᠢᠬᠦᠯᠬᠦ ᠵᠠᠷᠯᠢᠭ ᠪᠠᠭᠤᠯᠭᠠᠭᠰᠠᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ᠪᠣᠳᠠᠲᠠᠶ ᠠᠵᠢᠯ ᠤᠨ ᠪᠠᠶᠢᠷᠢ ᠳᠤ ᠪᠠᠶᠢᠭ᠎ᠠ ᠴᠠᠭ ᠢᠶᠠᠷ ᠨᠥᠬᠦᠪᠥᠷᠢ ᠶᠢ ᠪᠤᠳᠤᠨ᠎ᠠ᠃      ︵ᠭᠤᠷᠪᠠ︶ ᠪᠠᠭᠰᠢ ᠲᠣᠭᠲᠠᠭᠠᠯ ᠶᠣᠰᠣᠭᠠᠷ ᠴᠠᠯᠢᠩ ᠲᠠᠢ ᠪᠠᠷ ᠠᠮᠠᠷᠠᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ ᠴᠢᠯᠥᠭᠡ᠂ ᠬᠤᠷᠢᠮ ᠤᠨ ᠴᠢᠯᠥᠭᠡ᠂ ᠪᠡᠯᠪᠡᠰᠦᠷᠡᠯ ᠤᠨ ᠴᠢᠯᠥᠭᠡ ᠵᠡᠷᠭᠡ ᠠᠮᠠᠷᠠᠯᠲᠠ ᠶᠢᠨ ᠴᠢᠯᠥᠭᠡ ᠶᠢ ᠡᠳ᠋ᠯᠡᠵᠦ ᠪᠠᠶᠢᠭ᠎ᠠ ᠬᠤᠭᠤᠴᠠᠭᠠᠨ ᠳᠤ᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢ ᠬᠡᠪ ᠢᠶᠠᠷ ᠣᠯᠭᠤᠨ᠎ᠠ᠃ ᠰᠢᠨ᠎ᠡ ᠪᠠᠷ ᠤᠷᠢᠨ ᠲᠣᠮᠢᠯᠠᠭᠰᠠᠨ ᠪᠠᠭᠰᠢ ᠠᠵᠢᠯᠲᠠᠨ ᠠᠵᠢᠯᠴᠢᠨ ᠳᠤ ᠠᠵᠢᠯ ᠳᠤ ᠤᠷᠤᠭᠰᠠᠨ ᠲᠡᠷᠡ ᠰᠠᠷ᠎ᠠ ᠠᠴᠠ ᠨᠢ ᠡᠬᠢᠯᠡᠨ ᠲᠣᠰ ᠠᠮᠢᠳᠤᠷᠠᠯ ᠤᠨ ᠨᠥᠬᠦᠪᠥᠷᠢ ᠶᠢ ᠣᠯᠭᠤᠨ᠎ᠠ᠃      ︵ᠳᠥᠷᠪᠡ︶ ᠡᠯ᠎ᠡ ᠰᠤᠷᠭᠠᠭᠤᠯᠢ ᠨᠤᠭᠤᠳ ᠬᠠᠷᠭᠤᠭᠤᠯᠤᠨ ᠣᠯᠭᠤᠭᠰᠠᠨ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠲᠤᠭ᠎ᠠ ᠬᠡᠮᠵᠢᠶᠡᠨ ᠤ ᠳᠣᠲᠣᠷ᠎ᠠ᠂ ᠲᠣᠰ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠢᠯᠡ ᠪᠣᠯᠭᠠᠬᠤ᠂ ᠥᠷᠢᠰᠦᠯᠳᠦᠬᠦ᠂ ᠰᠢᠯᠢᠳᠡᠭ ᠢ ᠨᠢ ᠰᠣᠩᠭᠤᠬᠤ︾ ᠪᠠᠷ ᠵᠠᠷᠴᠢᠮ ᠪᠣᠯᠭᠠᠵᠤ᠂ ᠲᠣᠰ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢᠨ ᠠᠮᠢᠳᠤᠷᠠᠯ ᠤᠨ ᠨᠥᠬᠦᠪᠥᠷᠢ ᠶᠢᠨ ᠬᠤᠪᠢᠶᠠᠷᠢᠯᠠᠯᠲᠠ ᠶᠢᠨ ᠠᠷᠭ᠎ᠠ ᠶᠢ ᠨᠢᠭᠡᠳᠦᠯᠲᠡᠶ ᠲᠥᠯᠥᠪᠯᠡᠨ ᠲᠣᠭᠲᠠᠭᠠᠬᠤ ᠬᠡᠷᠡᠭᠲᠡᠶ᠃ ᠬᠤᠪᠢᠶᠠᠷᠢᠯᠠᠬᠤ ᠠᠷᠭ᠎ᠠ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠵᠢᠴᠢ ᠠᠵᠢᠯ ᠤᠨ ᠪᠠᠶᠢᠷᠢᠨ ᠳᠤ ᠪᠠᠶᠢᠬᠤ ᠴᠠᠭ ᠤᠨ ᠪᠠᠶᠢᠳᠠᠯ ᠢ ᠭᠦᠢᠴᠡᠳ ᠪᠣᠳᠣᠯᠬᠢᠯᠠᠵᠤ᠂ ︽ᠲᠡᠭᠰᠢᠳᠬᠡᠨ ᠬᠤᠪᠢᠶᠠᠷᠢᠯᠠᠬᠤ︾ ᠠᠴᠠ ᠵᠠᠶᠢᠯᠠᠰᠬᠢᠬᠦ ᠬᠡᠷᠡᠭᠲᠡᠶ᠃ ᠬᠤᠪᠢᠶᠠᠷᠢᠯᠠᠯᠲᠠ ᠶᠢᠨ ᠵᠥᠷᠢᠶ᠎ᠡ ᠬᠡᠮᠵᠢᠭᠳᠡᠯ ᠢ ᠲᠣᠰ ᠰᠤᠷᠭᠠᠭᠤᠯᠢ ᠶᠢᠨ ᠳᠤᠮᠳᠠᠴᠢ ᠲᠤᠭ᠎ᠠ ᠬᠡᠮᠵᠢᠶ᠎ᠡ ᠶᠢᠨ 70% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃      ︵ᠲᠠᠪᠤ︶ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ᠂ ᠵᠠᠰᠠᠭ ᠵᠠᠬᠢᠷᠭᠠᠨ ᠤ ᠪᠠ ᠡᠷᠡᠭᠦᠤ ᠶᠢᠨ ᠰᠢᠳᠬᠡᠯ ᠣᠯᠤᠭᠰᠠᠨ᠂ ᠨᠠᠮ ᠤᠨ ᠳᠣᠲᠣᠭᠠᠳᠤ ᠳᠤ ᠴᠢᠩᠭ᠎ᠠ ᠳᠣᠩᠭᠤᠳᠬᠤ᠂ ᠵᠠᠰᠠᠭ ᠵᠠᠬᠢᠷᠭᠠᠨ ᠤ ᠣᠰᠣᠯ ᠲᠡᠮᠳᠡᠭᠯᠡᠬᠦ ᠰᠢᠳᠬᠡᠯ ᠣᠯᠤᠭᠰᠠᠨ ᠬᠥᠮᠦᠰ ᠲᠤ ᠰᠢᠳᠭᠡᠬᠦ᠂ ᠰᠢᠳᠬᠡᠯ ᠥᠭᠬᠦ ᠬᠤᠭᠤᠴᠠᠭᠠᠨ ᠳᠤ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢ ᠬᠦᠷᠲᠡᠭᠡᠬᠦ ᠥᠬᠡᠶ᠃      ︵ᠵᠢᠷᠭᠤᠭ᠎ᠠ︶ ᠣᠷᠣᠨ ᠲᠤᠭ᠎ᠠ ᠨᠢ ᠬᠥᠳᠡᠭᠡ ᠲᠣᠰᠬᠤᠨ ᠤ ᠰᠤᠷᠭᠠᠭᠤᠯᠢ ᠳᠤ ᠪᠠᠶᠢᠭ᠎ᠠ᠂ ᠭᠠᠴᠠᠭ᠎ᠠ ᠪᠠᠯᠭᠠᠰᠤ ᠠᠴᠠ ᠭᠠᠳᠠᠨ᠎ᠠ ᠵᠢᠭᠡᠯᠡᠨ ᠠᠵᠢᠯᠯᠠᠵᠤ ᠪᠠᠶᠢᠭ᠎ᠠ ᠬᠥᠮᠦᠰ ᠲᠤ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢ ᠬᠦᠷᠲᠡᠭᠡᠬᠦ ᠥᠬᠡᠶ᠃      ᠲᠠᠪᠤ᠂ ᠬᠤᠯᠪᠤᠭᠳᠠᠯ ᠪᠥᠬᠦᠶ ᠱᠠᠭᠠᠷᠳᠠᠯᠭ᠎ᠠ      ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠣᠯᠭᠤᠬᠤ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠬᠥᠳᠡᠭᠡ ᠲᠣᠰᠬᠤᠨ ᠤ ᠪᠠᠭᠰᠢ ᠶᠢᠨ ᠣᠯᠭᠤᠮᠵᠢ ᠶᠢ ᠰᠠᠶᠢᠵᠢᠷᠠᠭᠤᠯᠬᠤ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢ ᠲᠣᠭᠲᠠᠪᠤᠷᠢᠵᠢᠭᠤᠯᠬᠤ᠂ ᠬᠥᠳᠡᠭᠡ ᠲᠣᠰᠬᠤᠨ ᠤ ᠪᠠᠭᠰᠢ ᠶᠢᠨ ᠠᠵᠢᠯ ᠤᠨ ᠢᠳᠡᠪᠬᠢᠵᠢᠯ ᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠪᠣᠯᠤᠨ᠎ᠠ᠂ ᠡᠯ᠎ᠡ ᠲᠣᠭᠤᠷᠢᠭ ᠤᠨ ᠬᠢᠨ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠣᠯᠭᠤᠬᠤ ᠠᠵᠢᠯ ᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ ᠡᠭᠦᠨ ᠤ ᠵᠡᠷᠭᠡᠴᠡᠭᠡᠪᠡᠷ ᠤᠬᠠᠭᠤᠯᠭ᠎ᠠ ᠪᠠᠨ ᠴᠢᠩᠭᠠᠳᠬᠠᠵᠤ᠂ ᠵᠥᠪ ᠢᠶᠠᠷ ᠬᠥᠲᠥᠯᠥᠨ ᠵᠢᠯᠣᠭᠤᠳᠴᠤ᠂ ᠪᠠᠭᠰᠢ ᠶᠢᠨ ᠡᠩᠨᠡᠭᠡᠨ ᠤ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠳᠡᠢ᠃ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢ ᠪᠤᠶᠢᠳᠠ ᠪᠥᠭᠯᠡᠭᠦᠤ ᠭᠠᠵᠠᠷ ᠣᠷᠣᠨ ᠳᠠᠰᠢ ᠬᠡᠯᠪᠠᠶᠢᠯᠭᠡᠬᠦ ᠬᠡᠷᠡᠭᠲᠡᠶ᠃ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠣᠯᠭᠤᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠪᠠᠭᠰᠢ ᠶᠢᠨ ᠣᠯᠭᠤᠮᠵᠢ ᠶᠢ ᠰᠠᠶᠢᠵᠢᠷᠠᠭᠤᠯᠵᠤ᠂ ᠰᠢᠯᠢᠳᠡᠭ ᠪᠠᠭᠰᠢ ᠶᠢ ᠬᠥᠳᠡᠭᠡ ᠲᠣᠰᠬᠤᠨ ᠤ ᠪᠡᠷᠬᠡ ᠬᠠᠲᠠᠭᠤᠵᠢᠯᠲᠠᠶ ᠰᠤᠷᠭᠠᠭᠤᠯᠢ ᠳᠤ ᠲᠡᠳᠡᠨ ᠪᠠᠭᠰᠢᠯᠠᠭᠤᠯᠵᠤ᠂ ᠪᠠᠭᠰᠢ ᠶᠢᠨ ᠵᠦᠶ ᠵᠣᠬᠢᠰᠲᠠᠶ ᠪᠠᠷ ᠰᠢᠯᠵᠢᠬᠦ ᠶᠢ ᠵᠣᠷᠢᠭᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠬᠡᠷᠡᠭᠳᠡᠢ᠃ ᠡᠯ᠎ᠡ ᠲᠣᠭᠤᠷᠢᠭ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ᠂ ᠵᠢᠷᠤᠮᠵᠢᠯ ᠲᠠᠢ᠂ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠬᠠᠷᠢᠶ᠎ᠠ ᠣᠷᠣᠨ ᠤ ᠳᠣᠲᠣᠷᠠᠬᠢ ᠬᠡᠷᠡᠭᠵᠢᠭᠦᠯᠬᠦ ᠲᠥᠰᠦᠯ᠂ ᠨᠥᠬᠦᠪᠥᠷᠢ ᠣᠯᠭᠤᠬᠤ ᠡᠲᠡᠭᠡᠳ᠂ ᠬᠥᠮᠦᠨ ᠤ ᠲᠤᠭ᠎ᠠ᠂ ᠲᠠᠷᠬᠠᠭᠠᠭᠰᠠᠨ ᠪᠠᠶᠢᠳᠠᠯ ᠪᠣᠯᠤᠨ ᠢᠯᠡ ᠪᠠᠷ ᠵᠠᠷᠯᠠᠨ ᠨᠡᠶᠢᠲᠡᠯᠡᠭᠰᠡᠨ ᠪᠠᠶᠢᠳᠠᠯ ᠳᠤ ᠪᠥᠬᠦ ᠶᠠᠪᠤᠴᠠ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ᠂ ᠪᠣᠭᠤᠮᠲᠠ ᠶᠢ ᠴᠢᠩᠭ᠎ᠠ ᠠᠳᠬᠤᠵᠤ᠂ ᠠᠮᠢᠳᠤᠷᠠᠯ ᠤᠨ ᠨᠥᠬᠦᠪᠥᠷᠢ ᠶᠢ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ᠂ ᠤᠬᠠᠭᠠᠯᠠᠨ ᠠᠪᠬᠤ ᠦᠢᠯᠡ ᠠᠵᠢᠯᠯᠠᠭ᠎ᠠ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃      ︵ᠭᠤᠷᠪᠠ︶ ᠭᠤᠤᠯᠳᠠᠯᠭ᠎ᠠ ᠪᠠᠨ ᠳᠣᠪᠤᠶᠢᠯᠭᠠᠵᠤ᠂ ᠤᠳᠤᠷᠢᠳᠤᠮᠵᠢ ᠶᠢ ᠪᠣᠶ ᠪᠤᠯᠭᠠᠬᠤ ᠬᠡᠷᠡᠭᠳᠡᠢ᠃ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠪᠣᠯ ᠬᠥᠳᠡᠭᠡ ᠲᠣᠰᠬᠤᠨ ᠤ ᠪᠠᠭᠰᠢ ᠶᠢᠨ ᠣᠯᠭᠤᠮᠵᠢ ᠶᠢ ᠳᠡᠭᠡᠭᠰᠢᠯᠡᠭᠦᠯᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠯ᠎ᠡ ᠲᠣᠭᠤᠷᠢᠭ ᠤᠨ ᠬᠢᠨ ᠬᠥᠳᠡᠭᠡ ᠲᠣᠰᠬᠤᠨ ᠤ ᠰᠤᠷᠭᠠᠭᠤᠯᠢ ᠶᠢᠨ ᠪᠥᠬᠦ ᠪᠠᠶᠢᠷᠢ ᠳᠤ ᠰᠠᠭᠤᠬᠤ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠬᠦ ᠶᠢᠨ ᠬᠠᠮᠲᠤ ᠬᠥᠳᠡᠭᠡ ᠲᠣᠰᠬᠤᠨ ᠤ ᠪᠠᠭᠰᠢ ᠶᠢᠨ ︽ᠲᠦᠷ ᠰᠠᠭᠤᠬᠤ ᠬᠡᠷ︾ ︽ᠪᠠᠭᠰᠢ ᠶᠢᠨ ᠨᠡᠶᠢᠲᠡ ᠶᠢᠨ ᠪᠠᠶᠢᠷᠢ︾ ᠶᠢ ᠥᠭᠡᠷᠡᠴᠢᠯᠡᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ᠂ ᠬᠤᠭᠤᠯᠠᠨ ᠬᠡᠷ᠂ ᠪᠠᠭᠰᠢ ᠶᠢᠨ ᠤᠬᠢᠶᠠᠯᠭ᠎ᠠ ᠶᠢᠨ ᠬᠡᠷ᠂ ᠮᠡᠳᠡᠭᠡ ᠵᠠᠩᠭᠢᠵᠢᠯᠲᠠ ᠵᠡᠷᠭᠡ ᠠᠮᠢᠳᠤᠷᠠᠯ ᠤᠨ ᠴᠢᠬᠤᠯᠠ ᠪᠥᠬᠦᠶ ᠪᠡᠯᠡᠳᠬᠡᠮᠵᠢ ᠲᠥᠬᠦᠭᠡᠷᠦᠮᠵᠢ ᠶᠢᠨ ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠲᠡᠳᠡᠨ ᠤ ᠰᠠᠨᠠᠭ᠎ᠠ ᠠᠮᠤᠷ ᠪᠠᠭᠰᠢᠯᠠᠬᠤ ᠶᠢ ᠠᠬᠢᠭᠤᠯᠬᠤ ᠬᠡᠷᠡᠭᠲᠡᠶ᠃ ᠡᠯ᠎ᠡ ᠲᠣᠭᠤᠷᠢᠭ ᠤᠨ ᠬᠢᠨ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠳᠣᠲᠣᠭᠠᠳᠤ ᠶᠢᠨ ᠰᠢᠯᠭᠠᠨ ᠬᠢᠨᠠᠬᠤ ᠲᠦᠷᠢᠮ ᠢᠶᠠᠨ ᠴᠢᠩᠭᠠᠷᠠᠭᠤᠯᠤᠨ᠂ ᠪᠠᠭᠰᠢ ᠠᠵᠢᠯᠲᠠᠨ ᠤ ᠤᠷᠢᠭᠰᠠᠨ ᠠᠵᠢᠯ ᠤᠨ ᠪᠠᠶᠢᠷᠢ ᠶᠢᠨ ᠠᠳᠠᠯᠢ ᠪᠤᠰᠤ ᠣᠨᠴᠠᠯᠢᠭ ᠢ ᠦᠨᠳᠦᠰᠦᠯᠡᠨ᠂ ᠲᠥᠷᠥᠯ ᠬᠤᠪᠢᠶᠠᠨ ᠰᠢᠯᠭᠠᠨ ᠬᠢᠨᠠᠬᠤ ᠶᠢ ᠬᠡᠷᠡᠭᠵᠢᠭᠦᠯᠵᠦ᠂ ᠲᠣᠰᠬᠤᠨ ᠪᠠᠯᠭᠠᠰᠤ ᠶᠢᠨ ᠠᠵᠢᠯᠯᠠᠭᠰᠠᠨ ᠣᠨ ᠵᠢᠯ ᠨᠢ ᠣᠷᠳᠣ ᠠᠵᠢᠯᠲᠠᠨ ᠳᠠᠰᠢ ᠬᠡᠯᠪᠠᠶᠢᠯᠭᠡᠵᠦ᠂ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢᠨ ᠠᠵᠢᠯᠲᠠᠨ ᠳᠠᠰᠢ ᠬᠡᠯᠪᠠᠶᠢᠯᠭᠡᠬᠦ ᠬᠡᠷᠡᠭᠲᠡᠶ᠃        ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ  ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃                   ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                   2021 ᠣᠨ ᠤ 12 ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号