ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠵᠢᠴᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ ᠾᠧ ᠳᠠᠬᠢ ᠰᠤᠷᠭᠠᠭᠤᠯᠢ ᠶᠢᠨ ᠲᠣᠭᠤᠷᠢᠭ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/3/28
     

     3 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠢᠭᠡᠳᠦᠭᠡᠷ ᠳᠤᠮᠳᠠᠳᠤ

ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠵᠢᠴᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ

ᠾᠧ ᠳᠠᠬᠢ ᠰᠤᠷᠭᠠᠭᠤᠯᠢ ᠶᠢᠨ ᠲᠣᠭᠤᠷᠢᠭ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ

ᠬᠤᠷᠢᠶᠠᠨ ᠤ ᠱᠦᠵᠢ ᠲᠠᠩ ᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ

ᠵᠢᠶᠧ ᠵᠡᠷᠭᠡ ᠬᠤᠲᠠ ᠶᠢᠨ ᠤᠳᠤᠷᠢᠳᠤᠯᠭ᠎ᠠ ᠶᠣᠰᠣᠯᠠᠯ ᠳᠤ ᠣᠷᠣᠯᠴᠠᠪᠠ᠃ ︵ᠱᠢ ᠯᠢ ᠽᠧᠩ ᠰᠡᠭᠦᠳᠡᠷᠯᠡᠪᠡ︶

     3 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠢᠭᠡᠳᠦᠭᠡᠷ ᠳᠤᠮᠳᠠᠳᠤ

ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠵᠢᠴᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ

ᠾᠧ ᠳᠠᠬᠢ ᠰᠤᠷᠭᠠᠭᠤᠯᠢ ᠶᠢᠨ ᠲᠣᠭᠤᠷᠢᠭ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ

ᠬᠤᠷᠢᠶᠠᠨ ᠤ ᠱᠦᠵᠢ ᠲᠠᠩ ᠢ᠂ ᠬᠤᠲᠠ ᠶᠢᠨ ᠤᠳᠤᠷᠢᠳᠤᠯᠭ᠎ᠠ ᠸᠠᠩ ᠸᠧᠨ ᠵᠢᠶᠧ᠂ ᠵᠢᠶᠠ ᠴᠢᠩ ᠳ᠋ᠦᠩ᠂ ᠰᠦᠨ

ᠬᠤᠤ᠂ ᠯᠢ ᠴᠦᠨ ᠰᠢᠶᠤᠤ᠂ ᠰᠥᠩ ᠶᠤᠸᠠᠢ ᠰᠢᠶᠠ᠂ ᠬᠤᠤ ᠰᠢ ᠬᠤᠩ᠂ ᠭᠦᠸᠧ ᠢ ᠵᠢᠶᠧ ᠶᠣᠰᠣᠯᠠᠯ ᠳᠤ

ᠣᠷᠣᠯᠴᠠᠪᠠ᠃

     ᠵᠢᠶᠠ ᠴᠢᠩ ᠳ᠋ᠦᠩ ᠠᠵᠢᠯ ᠡᠬᠢᠯᠡᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ ᠲᠡᠷᠡ ᠬᠡᠯᠡᠭᠰᠡᠨ ᠨᠢ᠂

ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠵᠢᠴᠢ ᠬᠤᠶᠠᠳᠤᠭᠠᠷ

ᠳᠤᠮᠳᠠᠳᠤ ᠰᠤᠷᠭᠠᠭᠤᠯᠢ ᠶᠢᠨ ᠪᠢᠨ ᠾᠧ ᠳᠠᠬᠢ ᠰᠤᠷᠭᠠᠭᠤᠯᠢ ᠶᠢᠨ ᠲᠣᠭᠤᠷᠢᠭ ᠤᠨ ᠪᠠᠷᠢᠯᠭ᠎ᠠ ᠡᠬᠢᠯᠡᠭᠰᠡᠨ ᠶᠠᠪᠤᠳᠠᠯ

ᠪᠣᠯ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ᠂

ᠣᠯᠠᠨ ᠲᠦᠮᠡᠨ ᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠬᠤ ᠴᠢᠬᠤᠯᠠ ᠠᠷᠭ᠎ᠠ ᠬᠡᠮᠵᠢᠶ᠎ᠡ

ᠮᠥᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ

ᠠᠷᠠᠳ ᠤᠨ ᠠᠮᠢᠳᠤᠷᠠᠯ ᠤᠨ ᠢᠨᠵᠧᠨᠧᠷᠢᠩ᠂ ᠶᠣᠰᠣ ᠮᠣᠷᠠᠯ ᠲᠠᠢ ᠵᠠᠰᠠᠭ ᠤᠨ ᠢᠨᠵᠧᠨᠧᠷᠢᠩ ᠮᠥᠨ᠃ ᠣᠶᠢᠷ᠎ᠠ ᠶᠢᠨ

ᠵᠢᠯ ᠤᠳ ᠲᠤ᠂ ᠮᠠᠨ ᠤ ᠬᠤᠲᠠ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ

ᠢᠮᠠᠭᠲᠠ ᠪᠠᠷᠢᠮᠲᠠᠯᠠᠵᠤ᠂ ᠡᠳ᠋ ᠤᠨ ᠬᠦᠴᠦᠨ ᠲᠦᠢᠯ ᠤᠨ ᠪᠠᠴᠢᠮ ᠪᠠᠶᠢᠭ᠎ᠠ ᠪᠠᠶᠢᠳᠠᠯ ᠳᠣᠣᠷ᠎ᠠ᠂ ᠠᠷᠭ᠎ᠠ ᠪᠦᠬᠦᠨ ᠢ

ᠰᠦᠪᠡᠭᠴᠢᠯᠡᠨ ᠪᠡᠯᠡ ᠮᠥᠩᠭᠦ ᠴᠤᠭᠯᠠᠭᠤᠯᠵᠤ᠂ ᠰᠤᠷᠭᠠᠨ ᠬᠥᠮᠦᠵᠢᠯ ᠤᠨ ᠵᠠᠷᠤᠳᠠᠯ ᠢ ᠡᠳ᠋ ᠤᠨ ᠵᠠᠰᠠᠭ ᠤᠨ

ᠲᠥᠰᠦᠪ ᠲᠤ ᠣᠷᠣᠭᠤᠯᠤᠨ ᠪᠠᠲᠤᠯᠠᠪᠠ᠃ ᠨᠢᠳᠤᠨᠤᠨ 17.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂

ᠬᠤᠳᠠ ᠶᠢᠨ ᠠᠷᠪᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠬᠤᠳᠠ ᠶᠢᠨ ᠵᠢᠷᠭᠤᠳᠤᠭᠠᠷ

ᠳᠤᠮᠳᠠᠳᠤ ᠰᠤᠷᠭᠠᠭᠤᠯᠢ ᠶᠢᠨ ᠪᠦᠬᠦ ᠪᠠᠶᠢᠷᠢ ᠳᠤ ᠰᠠᠭᠤᠬᠤ ᠲᠦᠷᠢᠮ ᠤᠨ ᠥᠭᠡᠷᠡᠴᠢᠯᠡᠯᠲᠡ ᠵᠡᠷᠭᠡ ᠨᠢᠭᠡ ᠪᠦᠯᠦᠭ

ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ ᠡᠨᠡ ᠵᠢᠯ 12.3

ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠤᠳᠠ ᠶᠢᠨ ᠵᠢᠷᠭᠤᠳᠤᠭᠠᠷ ᠳᠤᠮᠳᠠᠳᠤ

ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠥᠭᠡᠷᠡᠴᠢᠯᠡᠯᠲᠡ ᠵᠡᠷᠭᠡ 12 ᠵᠦᠢᠯ ᠢ ᠵᠣᠬᠢᠶᠠᠨ

ᠪᠠᠶᠢᠭᠤᠯᠵᠤ ᠬᠡᠷᠡᠭᠵᠢᠭᠦᠯᠪᠡ᠃ ᠢᠯᠠᠩᠭᠤᠶ᠎ᠠ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ

ᠰᠤᠷᠭᠠᠭᠤᠯᠢ ᠶᠢᠨ ᠲᠣᠭᠤᠷᠢᠭ᠂ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ ᠾᠧ ᠳᠠᠬᠢ

ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠳᠡᠭᠡᠳᠦ

ᠬᠡᠮᠵᠢᠶ᠎ᠡ ᠪᠠᠷ ᠴᠢᠬᠤᠯᠠᠴᠢᠯᠠᠨ᠂ ᠲᠥᠷᠥᠯ ᠵᠦᠢᠯ ᠤᠨ ᠲᠥᠯᠥᠪᠵᠢᠭᠦᠯᠭᠡ᠂ ᠭᠠᠵᠠᠷ ᠰᠣᠩᠭᠤᠬᠤ ᠲᠠᠯ᠎ᠠ ᠪᠠᠷ ᠣᠯᠠᠨ

ᠤᠳᠠᠭ᠎ᠠ ᠨᠤᠲᠠᠯᠠᠯᠲᠠ ᠪᠠ ᠪᠠᠶᠢᠴᠠᠭᠠᠨ ᠰᠤᠳᠤᠯᠤᠯᠲᠠ ᠬᠢᠵᠦ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ

ᠬᠠᠮᠤᠭ ᠤᠨ ᠰᠠᠶᠢᠨ ᠭᠠᠵᠠᠷ ᠢ ᠬᠤᠶᠠᠷ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ

ᠭᠠᠵᠠᠷ ᠪᠣᠯᠭᠠᠵᠤ᠂ ᠬᠤᠶᠢᠴᠢ ᠦᠶ᠎ᠡ ᠶᠢᠨ ᠬᠢᠨ ᠢ ᠬᠠᠮᠤᠭ ᠤᠨ ᠰᠠᠶᠢᠬᠠᠨ ᠣᠷᠴᠢᠨ ᠲᠣᠭᠤᠷᠢᠨ ᠳᠤ ᠨᠣᠮ

ᠤᠩᠰᠢᠭᠤᠯᠤᠨ ᠰᠤᠷᠤᠯᠴᠠᠭᠤᠯᠵᠤ᠂ ᠢᠳᠡᠷᠡᠭᠦᠨ ᠢᠶᠠᠷ ᠥᠰᠬᠡᠨ ᠪᠤᠶᠢᠵᠢᠭᠤᠯᠬᠤ ᠳᠤ ᠰᠠᠭᠤᠷᠢ ᠲᠠᠯᠪᠢᠪᠠ᠂ ᠡᠨᠡ ᠨᠢ

ᠮᠠᠨ ᠤ ᠬᠤᠲᠠ ᠶᠢᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠡᠷᠡᠰ

ᠪᠠᠲᠤ ᠢᠲᠡᠭᠡᠯ ᠪᠠ ᠡᠷᠡᠰ ᠪᠠᠲᠤ ᠵᠣᠷᠢᠭ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ ︽ᠠᠷᠪᠠᠨ ᠳᠥᠷᠪᠡᠳᠦᠭᠡᠷ

ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠮᠠᠨ ᠤ ᠬᠤᠲᠠ ᠣᠷᠣᠰᠢᠨ ᠰᠠᠭᠤᠬᠤ ᠳᠤ

ᠲᠣᠬᠢᠷᠠᠮᠵᠢᠲᠠᠶ᠂ ᠦᠢᠯᠡᠰ ᠪᠤᠰᠬᠠᠬᠤ ᠳᠤ ᠲᠣᠬᠢᠷᠠᠮᠵᠢᠲᠠᠶ᠂ ᠰᠤᠷᠤᠯᠴᠠᠬᠤ ᠳᠤ ᠲᠣᠬᠢᠷᠠᠮᠵᠢᠲᠠᠶ᠂ ᠪᠡᠶ᠎ᠡ

ᠰᠣᠪᠢᠯᠠᠬᠤ ᠳᠤ ᠲᠣᠬᠢᠷᠠᠮᠵᠢᠲᠠᠶ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ︾ ᠢ

ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠨᠠᠩ

ᠴᠢᠬᠤᠯᠠ ᠪᠠᠶᠢᠷᠢᠨ ᠳᠤ ᠲᠠᠯᠪᠢᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ

ᠪᠠᠶᠢᠭᠤᠯᠤᠯᠲᠠ ᠪᠠᠨ ᠴᠢᠩᠭᠠᠳᠬᠠᠨ᠂ ᠰᠤᠷᠭᠠᠭᠤᠯᠢ ᠡᠷᠭᠢᠯᠡᠬᠦ ᠬᠢᠷᠢ ᠲᠦᠪᠰᠢᠨ ᠢᠶᠠᠨ ᠪᠥᠬᠦ ᠲᠠᠯ᠎ᠠ ᠪᠠᠷ

ᠳᠡᠭᠡᠭᠰᠢᠯᠡᠭᠦᠯᠵᠦ᠂ ᠦᠬᠠᠶ ᠶᠢᠨ ᠬᠡᠤᠬᠡᠳ ᠲᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ᠂ ᠰᠢᠯᠢᠳᠡᠭ

ᠵᠢᠭᠠᠨ ᠰᠤᠷᠭᠠᠯᠲᠠ ᠶᠢᠨ ᠨᠥᠬᠦᠴᠡᠯ ᠢ ᠡᠳ᠋ᠯᠡᠭᠦᠯᠦᠨ᠎ᠡ᠃ ᠪᠢᠳᠡ ᠨᠡᠩ ᠰᠢᠯᠢᠳᠡᠭ ᠰᠤᠷᠭᠠᠨ ᠬᠥᠮᠦᠵᠢᠯ ᠤᠨ ᠡᠬᠢ

ᠪᠠᠶᠠᠯᠢᠭ ᠤᠨ ᠰᠢᠰᠲ᠋ᠧᠮ ᠢᠶᠠᠷ ᠡᠷᠬᠢᠨ ᠲᠣᠭᠤᠷᠢᠨ ᠤ ᠣᠷᠣᠨ ᠪᠦᠰᠡ ᠳᠤ ᠦᠢᠯᠡᠴᠢᠯᠡᠵᠤ᠂ ᠬᠥᠮᠦᠨ ᠠᠮᠠ᠂

ᠴᠢᠳᠠᠪᠤᠷᠢᠲᠠᠨ᠂ ᠡᠬᠢ ᠪᠠᠶᠠᠯᠢᠭ᠂ ᠡᠯᠧᠮᠧᠨ᠋ᠲ ᠤᠨ ᠴᠤᠭᠯᠠᠷᠠᠯ ᠤᠨ ᠦᠢᠯᠡᠳᠦᠯ ᠢ ᠴᠢᠷᠮᠠᠶᠢᠨ ᠪᠦᠷᠢᠯᠳᠦᠭᠦᠯᠵᠦ᠂ ᠴᠢᠨᠠᠷ

ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠠᠮᠢᠳᠤᠷᠠᠯ ᠢ

ᠡᠭᠦᠳᠦᠨ ᠪᠦᠲᠦᠭᠡᠬᠦ ᠶᠢ ᠠᠬᠢᠭᠤᠯᠬᠤ ᠰᠢᠨ᠎ᠡ ᠠᠯᠬᠤᠮ ᠢ ᠠᠯᠬᠤᠨ᠎ᠠ ᠭᠡᠵᠡᠢ᠃

     ᠠᠵᠢᠯ ᠡᠬᠢᠯᠡᠬᠦ ᠶᠣᠰᠣᠯᠠᠯ ᠳᠡᠭᠡᠷ᠎ᠡ᠂ ᠦᠬᠠᠢ ᠬᠤᠳᠠ ᠶᠢᠨ ᠵᠦ ᠼᠦᠢ ᠯᠠᠨ ᠰᠢᠶᠠᠩ ᠨᠡᠶᠢᠲᠡ ᠶᠢᠨ

ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠺᠣᠮᠫᠠᠨᠢ ᠶᠢᠨ

ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ ᠲᠤᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ

ᠬᠠᠷᠢᠭᠤᠴᠠᠯᠭᠠᠲᠠᠨ ᠪᠣᠯᠤᠨ ᠬᠤᠳᠠ ᠶᠢᠨ ᠠᠷᠠᠳ ᠤᠨ ᠲᠥᠯᠥᠭᠡᠯᠡᠭᠴᠢ ᠲᠤᠰ ᠲᠤᠰ ᠦᠭᠡ ᠬᠡᠯᠡᠪᠡ᠃

     ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠲᠥᠷᠥᠯ

ᠵᠦᠢᠯ ᠤᠨ ᠲᠥᠯᠥᠪᠵᠢᠭᠦᠯᠭᠡ ᠶᠢᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 10.4 ᠲᠦᠮᠡᠨ ᠲᠡᠭᠰᠢ

ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 9.3 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂

ᠲᠥᠰᠦᠪ ᠤᠨ ᠲᠦᠢᠮᠣ ᠶᠢᠨ ᠶᠡᠷᠦᠩᠬᠡᠶ ᠪᠠᠯᠠ ᠣᠷᠣᠭᠤᠯᠤᠯᠲᠠ ᠨᠢ 7.19 ᠳ᠋ᠦᠩᠰᠢᠭᠤᠷ ᠲᠥᠭᠦᠷᠢᠭ ᠪᠣᠯᠤᠨ᠎ᠠ᠃

ᠪᠥᠲᠥᠭᠡᠨ ᠪᠠᠶᠢᠭᠤᠯᠤᠯᠲᠠ ᠶᠢᠨ ᠭᠤᠤᠯ ᠠᠭᠤᠯᠭ᠎ᠠ ᠳᠤ ᠵᠢᠭᠠᠨ ᠰᠤᠷᠭᠠᠯᠲᠠ ᠶᠢᠨ ᠠᠰᠠᠷ᠂ ᠲᠤᠷᠰᠢᠯᠲᠠ ᠶᠢᠨ ᠠᠰᠠᠷ᠂

ᠣᠯᠠᠨ ᠴᠢᠳᠠᠪᠤᠷᠢᠲᠤ ᠵᠢᠭᠠᠨ ᠰᠤᠷᠭᠠᠯᠲᠠ ᠶᠢᠨ ᠠᠰᠠᠷ᠂ ᠨᠣᠮ ᠤᠨ ᠰᠠᠩ᠂ ᠮᠡᠳᠡᠭᠦᠯᠦᠯᠲᠡ ᠶᠢᠨ ᠲᠢᠩᠬᠢᠮ ᠵᠢᠴᠢ

ᠰᠤᠷᠭᠠᠭᠤᠯᠢ ᠶᠢᠨ ᠬᠦᠷᠢᠶᠡᠨ ᠤ ᠬᠤᠯᠪᠤᠭᠳᠠᠯ ᠪᠥᠬᠦᠶ ᠢᠵᠢ ᠪᠥᠷᠢᠳᠦᠭᠦᠯᠬᠦ ᠪᠡᠯᠡᠳᠬᠡᠮᠵᠢ ᠵᠡᠷᠭᠡ ᠶᠢ ᠪᠠᠭᠲᠠᠭᠠᠨ᠎ᠠ᠃

ᠰᠤᠷᠭᠠᠭᠤᠯᠢ ᠡᠷᠭᠢᠯᠡᠬᠦ ᠬᠡᠪᠴᠢᠶ᠎ᠡ ᠨᠢ 60 ᠠᠩᠭᠢ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ 3300

ᠪᠠᠭᠰᠢ ᠰᠤᠷᠤᠭᠴᠢᠳ ᠤᠨ ᠰᠤᠷᠤᠯᠴᠠᠬᠤ ᠪᠠ ᠬᠤᠨᠣᠭᠯᠠᠬᠤ ᠱᠠᠭᠠᠷᠳᠠᠯᠭ᠎ᠠ ᠶᠢ ᠬᠠᠩᠭᠠᠵᠤ ᠲᠠᠶᠢᠯᠤᠨ᠎ᠠ᠃ ᠬᠤᠲᠠ ᠶᠢᠨ

ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ ᠾᠧ ᠳᠠᠬᠢ ᠰᠤᠷᠭᠠᠭᠤᠯᠢ ᠶᠢᠨ ᠲᠣᠭᠤᠷᠢᠭ ᠤᠨ ᠲᠥᠷᠥᠯ

ᠵᠦᠢᠯ ᠤᠨ ᠲᠥᠯᠥᠪᠵᠢᠭᠦᠯᠭᠡ ᠶᠢᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 8.4 ᠲᠦᠮᠡᠨ ᠲᠡᠭᠰᠢ

ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ ᠪᠠᠷᠤᠭ 4.2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂

ᠲᠦᠢᠮᠣ ᠲᠥᠰᠦᠪ ᠤᠨ ᠶᠡᠷᠦᠩᠬᠡᠶ ᠪᠠᠯᠠ ᠣᠷᠣᠭᠤᠯᠤᠯᠲᠠ ᠨᠢ 3.45 ᠳ᠋ᠦᠩᠰᠢᠭᠤᠷ ᠲᠥᠭᠦᠷᠢᠭ ᠪᠣᠯᠤᠨ᠎ᠠ᠃

ᠪᠥᠲᠥᠭᠡᠨ ᠪᠠᠶᠢᠭᠤᠯᠤᠯᠲᠠ ᠶᠢᠨ ᠭᠤᠤᠯ ᠠᠭᠤᠯᠭ᠎ᠠ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ

ᠰᠤᠷᠭᠠᠯᠲᠠ ᠶᠢᠨ ᠠᠰᠠᠷ᠂ ᠲᠤᠷᠰᠢᠯᠲᠠ ᠶᠢᠨ ᠠᠰᠠᠷ᠂ ᠶᠡᠷᠦᠩᠬᠡᠶᠢᠯᠡᠭᠰᠡᠨ ᠨᠣᠮ ᠤᠨ ᠰᠠᠩ᠂ ᠪᠠᠭ᠎ᠠ ᠰᠤᠷᠭᠠᠭᠤᠯᠢ ᠶᠢᠨ

ᠵᠢᠭᠠᠨ ᠰᠤᠷᠭᠠᠯᠲᠠ ᠶᠢᠨ ᠠᠰᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠰᠠᠷ᠂ ᠶᠡᠷᠦᠩᠬᠡᠶᠢᠯᠡᠭᠰᠡᠨ ᠨᠣᠮ ᠤᠨ ᠰᠠᠩ᠂

ᠪᠡᠶ᠎ᠡ ᠲᠠᠮᠢᠷ ᠤᠨ ᠲᠠᠯᠠᠪᠠᠶ ᠵᠢᠴᠢ ᠰᠤᠷᠭᠠᠭᠤᠯᠢ ᠶᠢᠨ ᠬᠦᠷᠢᠶᠡᠨ ᠤ ᠬᠤᠯᠪᠤᠭᠳᠠᠯ ᠪᠥᠬᠦᠶ ᠢᠵᠢ ᠪᠥᠷᠢᠳᠦᠭᠦᠯᠬᠦ

ᠪᠡᠯᠡᠳᠬᠡᠮᠵᠢ ᠵᠡᠷᠭᠡ ᠶᠢ ᠪᠠᠭᠲᠠᠭᠠᠨ᠎ᠠ᠃ ᠰᠤᠷᠭᠠᠭᠤᠯᠢ ᠡᠷᠭᠢᠯᠡᠬᠦ ᠬᠡᠪᠴᠢᠶ᠎ᠡ ᠨᠢ 54 ᠵᠢᠭᠠᠨ ᠰᠤᠷᠭᠠᠯᠲᠠ ᠶᠢᠨ ᠠᠩᠭᠢ

︵ᠪᠠᠭ᠎ᠠ ᠰᠤᠷᠭᠠᠭᠤᠯᠢ ᠶᠢᠨ ᠬᠡᠯᠲᠡᠰ ᠤᠨ 36 ᠵᠢᠭᠠᠨ ᠰᠤᠷᠭᠠᠯᠲᠠ ᠶᠢᠨ ᠠᠩᠭᠢ᠂ ᠳᠤᠮᠳᠠᠳᠤ ᠰᠤᠷᠭᠠᠭᠤᠯᠢ ᠶᠢᠨ

ᠬᠡᠯᠲᠡᠰ ᠤᠨ 18 ᠵᠢᠭᠠᠨ ᠰᠤᠷᠭᠠᠯᠲᠠ ᠶᠢᠨ ᠠᠩᠭᠢ︶ ᠪᠠᠶᠢᠵᠤ᠂ ᠪᠠᠶᠢᠭᠤᠯᠤᠭᠳᠠᠭᠰᠠᠨ ᠤ ᠳᠠᠷᠠᠭ᠎ᠠ 2720 ᠪᠠᠭᠰᠢ

ᠰᠣᠷᠣᠭᠴᠢ ᠶᠢᠨ ᠰᠤᠷᠤᠯᠴᠠᠬᠤ ᠪᠠ ᠬᠤᠨᠣᠭᠯᠠᠬᠤ ᠱᠠᠭᠠᠷᠳᠠᠯᠭ᠎ᠠ ᠶᠢ ᠬᠠᠩᠭᠠᠵᠤ ᠲᠠᠶᠢᠯᠤᠨ᠎ᠠ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号