ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/3/28
          ᠦᠬᠠᠶ ᠵᠠᠰᠠᠭ ᠠᠯᠪᠠᠨ ᠲᠠᠷᠬᠠᠭᠠᠭᠰᠠᠨ︹2021︺45 ᠳ᠋ᠤᠭᠠᠷ ᠲᠣᠭᠠᠲᠤ          ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ        ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠬᠤᠯᠪᠤᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠤ᠂ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 51 ᠳ᠋ᠦᠭᠡᠷ ᠲᠣᠭᠠᠲᠤ᠂ ᠳᠣᠷᠣᠭᠰᠢ ︽ᠲᠦᠷ ᠬᠡᠷᠡᠭᠵᠢᠭᠦᠯᠬᠦ ᠲᠣᠭᠲᠠᠭᠠᠯ︾ ᠭᠡᠵᠦ ᠲᠣᠪᠴᠢᠯᠠᠨ᠎ᠠ︶᠂ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠨᠠᠷᠢᠨ ᠲᠦᠷᠢᠮ︾ ︵ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠣᠭᠲᠠᠭᠠᠯ︹2020︺5 ᠳ᠋ᠤᠭᠠᠷ ᠲᠣᠭᠠᠲᠤ︶ ᠵᠢᠴᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 119 ᠳ᠋ᠣᠭᠡᠷ ᠲᠣᠭᠠᠲᠤ︶ ᠢᠶᠠᠷ ᠯᠠᠪᠯᠠᠯᠲᠠ ᠪᠣᠯᠭᠠᠵᠤ᠂ ︽ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ ᠬᠢᠵᠠᠭᠠᠷᠯᠠᠭᠰᠠᠨ ᠲᠤᠭ᠎ᠠ ᠳᠤ ᠲᠣᠬᠢᠷᠠᠭᠤᠯᠤᠯᠲᠠ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ᠤᠨ ᠬᠤᠯᠪᠤᠭᠳᠠᠯ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠪᠣᠳᠠᠲᠠᠶ ᠲᠠᠢ ᠤᠶᠠᠯᠳᠤᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠬᠢᠳᠡᠯ ᠢᠶᠠᠷ ᠲᠣᠯᠢ ᠪᠣᠯᠭᠠᠵᠤ᠂ ᠬᠤᠯᠪᠤᠭᠳᠠᠯ ᠪᠥᠬᠦᠶ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠪᠡ᠃      ᠨᠢᠭᠡ᠂ ᠴᠤᠪᠤᠷᠠᠯ ᠢᠶᠠᠨ ᠳᠥᠭᠦᠮᠴᠢᠯᠡᠵᠦ᠂ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠶᠢ ᠬᠢᠨᠠᠨ ᠰᠢᠯᠭᠠᠬᠤ ᠲᠠᠰ ᠳᠠᠷᠠᠭᠠᠯᠠᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠶ      ︵ᠨᠢᠭᠡ︶ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠬᠤ ᠬᠡᠷᠡᠭᠲᠡᠶ᠃ ᠲᠣᠰ ᠮᠡᠳᠡᠭᠳᠡᠯ ᠳᠤ ᠵᠢᠭᠠᠵᠤ ᠪᠠᠶᠢᠭ᠎ᠠ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠭᠡᠳᠡᠭ ᠨᠢ ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠣᠲᠣᠷ᠎ᠠ᠂ ᠪᠠᠷᠢᠯᠭ᠎ᠠ ᠶᠢᠨ ᠪᠡᠯᠡ ᠣᠷᠣᠭᠤᠯᠤᠯᠲᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠳᠣᠷᠣᠭᠰᠢ ᠪᠤᠶᠤ ᠪᠠᠷᠢᠯᠭ᠎ᠠ ᠶᠢᠨ ᠲᠠᠯᠠᠪᠠᠢ ᠨᠢ 500 ᠲᠡᠭᠰᠢ ᠳᠥᠷᠪᠡᠯᠵᠢᠨ ᠮᠧᠲᠷ ᠠᠴᠠ ᠳᠣᠷᠣᠭᠰᠢ ᠪᠠᠶᠢᠭ᠎ᠠ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢ ᠵᠢᠭᠠᠵᠤ ᠪᠣᠢ᠃      ︵ᠬᠤᠶᠠᠷ︶ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠶᠢ ᠬᠢᠨᠠᠨ ᠰᠢᠯᠭᠠᠬᠤ ᠲᠡᠰ ᠳᠠᠷᠠᠭᠠᠯᠠᠯ ᠢᠶᠠᠨ ᠰᠢᠯᠢᠳᠡᠭᠵᠢᠭᠦᠯᠬᠦ ᠬᠡᠷᠡᠭᠲᠡᠶ᠃ ︽ᠲᠦᠷ ᠬᠡᠷᠡᠭᠵᠢᠭᠦᠯᠬᠦ ᠲᠣᠭᠲᠠᠭᠠᠯ︾ ᠤᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠠᠴᠠ ᠭᠠᠳᠠᠨᠠᠬᠢ ᠮᠥᠷᠲᠡᠭᠡᠨ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠡᠷᠡᠭᠯᠡᠬᠦ ᠬᠡᠪᠴᠢᠶᠡᠨ  ᠳᠤ ᠨᠡᠶᠢᠴᠡᠬᠦ᠂ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ᠬᠠᠤᠯᠢ ᠶᠣᠰᠣᠭᠠᠷ ᠤᠯᠬᠤ ᠴᠢᠬᠤᠯᠠ ᠥᠭᠡᠢ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠳᠤ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠭᠠᠯ ᠤᠨᠲᠠᠷᠠᠭᠠᠬᠤ ᠲᠠᠩᠰᠠᠯᠠᠯᠳᠠ ᠬᠢᠬᠦ ᠥᠭᠡᠢ ᠪᠠᠶᠢᠵᠤ ᠪᠣᠯᠤᠨ᠎ᠠ᠃ ᠬᠡᠷᠪᠡ ᠪᠠᠷᠢᠯᠭ᠎ᠠ ᠪᠠᠷᠢᠭᠤᠯᠬᠤ ᠨᠢᠭᠡᠴᠡ ᠨᠢ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠭᠡᠷ ᠪᠠᠶᠢᠰᠢᠩ ᠤᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠭᠠᠯ ᠰᠡᠷᠭᠡᠶᠢᠯᠡᠨ ᠤᠨᠲᠠᠷᠠᠭᠠᠬᠤ ᠲᠠᠩᠰᠠᠯᠠᠯᠳᠠ ᠬᠢᠯᠭᠡᠬᠦ ᠪᠠᠷ ᠰᠠᠨᠠᠭᠠᠴᠢᠯᠠᠭ᠎ᠠ ᠠᠴᠠ ᠪᠠᠨ ᠭᠤᠶᠤᠴᠢᠯᠠᠭᠰᠠᠨ ᠪᠠᠶᠢᠪᠠᠯ᠂ ᠬᠠᠷᠢᠶ᠎ᠠ ᠭᠠᠵᠠᠷ ᠤᠨ ᠣᠷᠣᠨ ᠰᠠᠭᠤᠴᠠ ᠪᠣᠯᠤᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ︽ᠲᠥᠷ ᠬᠡᠷᠡᠭᠵᠢᠭᠦᠯᠬᠦ ᠲᠣᠭᠲᠠᠭᠠᠯ︾ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ ᠪᠥᠭᠡᠳ ᠪᠠᠷᠢᠯᠭ᠎ᠠ ᠪᠠᠷᠢᠬᠤ ᠶᠢ ᠵᠥᠪᠰᠢᠶᠡᠷᠡᠬᠦ ᠪᠠᠷ ᠤᠷᠢᠳᠠᠴᠢ ᠨᠥᠬᠦᠴᠡᠯ ᠪᠣᠯᠭᠠᠵᠤ ᠪᠣᠯᠬᠤ ᠥᠭᠡᠢ᠃      ᠬᠤᠶᠠᠷ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠠᠷᠢᠯᠭ᠎ᠠ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ      ︵ᠨᠢᠭᠡ︶ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ      1. ᠪᠦᠲᠦᠭᠡᠨ ᠪᠠᠶᠢᠭᠤᠯᠬᠤ ᠨᠢᠭᠡᠴᠡ ᠪᠣᠯ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠣᠯᠤᠨ᠎ᠠ᠂ ᠬᠠᠤᠯᠢ ᠶᠣᠰᠣᠭᠠᠷ ᠪᠠᠷᠢᠯᠭ᠎ᠠ ᠶᠢᠨ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠲᠡᠷᠢᠭᠦᠨ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ᠂ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠪᠣᠯᠤᠨ ᠭᠡᠷ᠎ᠡ ᠶᠢᠨ ᠪᠣᠯᠵᠤᠭ᠎ᠠ ᠶᠣᠰᠣᠭᠠᠷ᠂ ᠬᠢᠷᠢ ᠲᠡᠩᠴᠡᠭᠰᠡᠨ ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠮᠵᠢ ᠶᠢᠨ ᠱᠠᠭᠠᠷᠳᠠᠯᠭ᠎ᠠ ᠶᠢ ᠬᠠᠩᠭᠠᠭᠰᠠᠨ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠤᠨᠤᠭ ᠰᠡᠯᠪᠢᠭᠡᠰᠦ ᠪᠣᠯᠤᠨ ᠲᠥᠬᠦᠭᠡᠷᠦᠮᠵᠢ ᠶᠢ ᠰᠣᠩᠭᠤᠨ ᠬᠡᠷᠡᠭᠯᠡᠬᠦ ᠶᠢᠨ ᠬᠠᠮᠲᠤ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠤ ᠲᠠᠷᠠᠭ᠎ᠠ ᠪᠡᠶ᠎ᠡ ᠪᠠᠨ ᠳᠠᠭᠠᠭᠠᠬᠤ ᠪᠤᠶᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠭᠠᠯ ᠰᠡᠷᠭᠡᠶᠢᠯᠡᠨ ᠤᠨᠲᠠᠷᠠᠭᠠᠬᠤ ᠶᠢᠨ ᠪᠠᠶᠢᠴᠠᠭᠠᠨ ᠰᠢᠯᠭᠠᠯᠲᠠ ᠬᠢᠯᠭᠡᠵᠦ᠂ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠨᠳᠦᠰᠦᠨ ᠨᠥᠬᠦᠴᠡᠯ ᠢ ᠪᠦᠷᠢᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      2. ᠪᠥᠳᠥᠭᠡᠨ ᠪᠠᠶᠢᠭᠤᠯᠬᠤ ᠨᠢᠭᠡᠴᠡ ᠶᠢᠨ ᠲᠤᠰᠬᠠᠶ ᠮᠡᠷᠭᠡᠵᠢᠯ ᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠡ ᠶᠢ ᠤᠷᠢᠵᠤ ᠪᠣᠳᠠᠲᠠᠶ ᠪᠠᠷᠢᠯᠭ᠎ᠠ ᠶᠢᠨ ᠪᠥᠬᠦ ᠶᠠᠪᠤᠴᠠ ᠶᠢᠨ ᠪᠥᠳᠥᠭᠡᠨ ᠪᠠᠶᠢᠭᠤᠯᠤᠯᠲᠠ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ᠃ ᠲᠤᠰᠬᠠᠶ ᠠᠵᠢᠯ ᠤᠨ ᠨᠢᠭᠡᠴᠡ ᠶᠢ ᠤᠷᠢᠭᠰᠠᠨ ᠪᠠᠷᠢᠯᠭ᠎ᠠ᠂ ᠪᠠᠷᠢᠯᠭ᠎ᠠ ᠪᠠᠷᠢᠬᠤ ᠨᠢᠭᠡᠴᠡ ᠬᠢᠭᠡᠳ ᠵᠢᠷᠤᠭ ᠲᠥᠯᠥᠪᠯᠡᠭᠡ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠬᠤᠯᠪᠣᠭᠳᠠᠯ ᠪᠥᠬᠦᠢ ᠪᠤᠰᠤᠳ ᠣᠷᠣᠯᠴᠠᠭᠰᠠᠨ ᠨᠢᠭᠡᠴᠡ ᠨᠦᠭᠦᠳ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠤᠯᠪᠣᠭᠳᠠᠯ ᠪᠥᠬᠦᠢ ᠪᠠᠷᠢᠮᠵᠢᠶ᠎ᠠ᠂ ᠱᠠᠭᠠᠷᠳᠠᠯᠭ᠎ᠠ ᠶᠣᠰᠣᠭᠠᠷ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠪᠠᠶᠢᠴᠠᠭᠠᠨ ᠰᠢᠯᠭᠠᠬᠤ ᠵᠡᠷᠭᠡ ᠠᠵᠢᠯ ᠢ ᠬᠢᠬᠦ ᠶᠢᠨ ᠬᠠᠮᠲᠤ ᠬᠠᠩᠭᠠᠭᠰᠠᠨ ᠠᠵᠢᠯ ᠤᠨ ᠦᠷ᠎ᠡ ᠳ᠋ᠦᠩ ᠳᠡᠭᠡᠨ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠡ ᠠᠴᠠ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠬᠡᠷᠡᠭᠯᠡᠬᠦ ᠠᠴᠠ ᠡᠮᠦᠨ᠎ᠡ ᠭᠠᠯ ᠤᠨᠲᠠᠷᠠᠭᠠᠬᠤ ᠶᠢᠨ ᠪᠠᠶᠢᠴᠠᠭᠠᠨ ᠰᠢᠯᠭᠠᠯᠲᠠ ᠬᠢᠯᠭᠡᠭᠰᠡᠨ ᠪᠣᠯ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠠᠵᠢᠯ ᠢᠶᠠᠨ ᠪᠡᠶᠡᠯᠡᠭᠦᠯᠦᠭᠰᠡᠨ ᠤ ᠲᠠᠷᠠᠭ᠎ᠠ ᠬᠤᠯᠪᠤᠭᠳᠠᠯ ᠪᠥᠬᠦᠢ ᠳ᠋ᠦᠩᠨᠡᠯᠳᠡ ᠭᠠᠷᠭᠠᠵᠤ ᠥᠭᠬᠦ ᠬᠡᠷᠡᠭᠲᠡᠶ᠂ ᠳ᠋ᠦᠩᠨᠡᠯᠳᠡ ᠶᠢᠨ ᠪᠢᠴᠢᠭ ᠮᠠᠲ᠋ᠧᠷᠢᠶᠠᠯ ᠳᠤ ᠮᠡᠷᠭᠡᠵᠢᠯ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠵᠤ᠂ ᠲᠠᠮᠠᠭ᠎ᠠ ᠳᠠᠷᠤᠭᠤᠯᠬᠤ ᠶᠢᠨ ᠬᠠᠮᠲᠤ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠲᠠᠮᠠᠭ᠎ᠠ ᠶᠢ ᠳᠠᠷᠤᠬᠤ ᠬᠡᠷᠡᠭᠲᠡᠶ᠃      ︵ᠬᠤᠶᠠᠷ︶ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ      ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠥᠭᠡᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠥᠭᠡᠢ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯ ᠥᠭᠡᠢ ᠶᠢ ᠬᠠᠮᠢᠶᠠᠷᠬᠤ︾ ᠠᠵᠢᠯ ᠤᠨ ᠵᠠᠷᠴᠢᠮ ᠶᠣᠰᠣᠭᠠᠷ᠂ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠤᠰ ᠲᠤᠰ  ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠤᠰ ᠨᠢᠭᠡᠴᠡ᠂ ᠲᠤᠰ ᠰᠢᠰᠲ᠋ᠧᠮ ᠵᠡᠷᠭᠡ ᠳᠤ ᠬᠤᠯᠪᠣᠭᠳᠠᠬᠤ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠯ᠎ᠡ ᠵᠦᠢᠯ ᠤᠨ ᠬᠠᠮᠢᠶᠠᠷᠤᠯᠲᠠ ᠶᠢᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠶ᠃      1. ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠬᠡᠪᠯᠡᠯ ᠤᠨ ᠠᠵᠤ ᠠᠬᠤᠶᠢᠯᠠᠯ᠂ ᠬᠡᠪᠯᠡᠭᠳᠡᠬᠦᠨ ᠢ ᠪᠥᠭᠡᠮ ᠢᠶᠠᠷ ᠬᠤᠳᠠᠯᠳᠤᠬᠤ ᠵᠡᠷᠭᠡ ᠡᠵᠡᠩᠨᠡᠯᠲᠡ ᠶᠢᠨ ᠨᠢᠭᠡᠴᠡ ᠶᠢ ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠠᠷᠢᠶ᠎ᠠ ᠭᠠᠵᠠᠷ ᠤᠨ ᠷᠠᠳᠢᠣ᠋ ᠲᠧᠯᠸᠢᠰ᠂ ᠺᠢᠨᠣ᠋᠂ ᠬᠡᠪᠯᠡᠭᠳᠡᠬᠦᠨ ᠢ ᠵᠢᠵᠢᠭᠯᠡᠨ ᠬᠤᠳᠠᠯᠳᠤᠬᠤ ᠵᠡᠷᠭᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠤᠨ᠎ᠠ᠃      2. ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠬᠠᠷᠢᠶ᠎ᠠ ᠭᠠᠵᠠᠷ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃      3. ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠠᠴᠠ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠪᠠ ᠠᠵᠢᠯ ᠲᠥᠷᠥᠯ ᠤᠨ ᠲᠥᠯᠥᠪᠵᠢᠭᠦᠯᠭᠡ ᠶᠢ ᠬᠠᠷᠢᠭᠤᠴᠠᠨ᠎ᠠ᠃ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ᠂ ᠪᠣᠷᠣᠯᠠᠭᠤᠯᠬᠤ ᠬᠦᠷᠢᠶᠡᠨ ᠳᠠᠬᠢ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠤᠨ ᠰᠢᠮᠳᠠᠭᠤᠯᠤᠨ᠎ᠠ᠃      4. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠤᠬᠠᠶ ᠶᠢᠨ ᠲᠠᠯᠠᠪᠠᠢ ᠬᠢᠭᠡᠳ ᠡᠷᠬᠢᠨ ᠲᠣᠭᠤᠷᠢᠨ ᠤ ᠵᠠᠮ ᠢ ᠨᠡᠪᠲᠡᠷᠡᠭᠦᠯᠦᠨ ᠵᠢᠯᠣᠭᠤᠳᠬᠤ ᠶᠢ ᠬᠠᠷᠢᠭᠤᠴᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠳᠤ ᠭᠠᠯ ᠤᠨᠲᠠᠷᠠᠭᠠᠬᠤ ᠲᠡᠷᠭᠡ ᠬᠥᠰᠬᠡ ᠶᠢᠨ ᠨᠡᠪᠲᠡᠷᠡᠬᠦ ᠶᠢ ᠪᠠᠲᠤᠯᠠᠵᠤ᠂ ᠴᠢᠬᠤᠯᠠ ᠲᠠᠢ ᠦᠶ᠎ᠡ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠭᠠᠯ ᠰᠡᠷᠭᠡᠶᠢᠯᠡᠨ ᠤᠨᠲᠠᠷᠠᠭᠠᠬᠤ ᠶᠢ ᠬᠢᠨᠠᠨ ᠪᠠᠶᠢᠴᠠᠭᠠᠬᠤ᠂ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠬᠠᠤᠯᠢ ᠶᠣᠰᠣᠭᠠᠷ ᠬᠡᠷᠡᠭᠵᠢᠭᠦᠯᠵᠦ᠂ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ︵ᠨᠡᠶᠢᠭᠡᠮ ᠲᠣᠭᠤᠷᠢᠭ︶᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠨᠢᠭᠡᠴᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      5. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠠᠰᠤᠵᠢᠯ ᠤᠨ ᠦᠢᠯᠡᠴᠢᠯᠡᠭᠡ᠂ ᠬᠡᠤᠬᠡᠳ ᠤᠨ ᠠᠰᠠᠷᠠᠮᠵᠢ᠂ ᠣᠷᠤᠭ ᠤᠨ ᠳᠡᠩᠰᠡᠯᠡᠯᠲᠡ᠂ ᠠᠪᠤᠷᠠᠨ ᠲᠤᠰᠠᠯᠠᠬᠤ ᠬᠠᠮᠢᠶᠠᠷᠤᠯᠲᠠ᠂ ᠣᠷᠣᠰᠢᠭᠤᠯᠭ᠎ᠠ ᠶᠢᠨ ᠦᠢᠯᠡᠴᠢᠯᠡᠭᠡ᠂ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠵᠡᠷᠭᠡ ᠠᠷᠠᠳ ᠤᠨ ᠶᠠᠪᠤᠳᠠᠯ ᠤᠨ ᠪᠠᠶᠢᠭᠤᠯᠤᠮᠵᠢ ᠶᠢᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠨ᠎ᠠ᠃      6. ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠢᠨᠳᠠᠨ ᠤ ᠰᠢᠰᠲ᠋ᠧᠮ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠡᠳ᠋ᠯᠡᠬᠦ ᠶᠢ ᠨᠢ ᠵᠣᠭᠰᠣᠭᠠᠬᠤ ᠲᠠᠯᠠᠪᠤᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠣᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠴᠤ ᠬᠢᠨᠠᠯᠲᠠ ᠲᠠᠯᠪᠢᠨ᠎ᠠ᠃      7. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ᠂ ᠮᠡᠷᠭᠡᠵᠢᠯ ᠤᠨ ᠠᠵᠢᠯᠴᠢᠨ ᠳᠤ ᠳᠡᠭᠡᠳᠦ ᠰᠤᠷᠭᠠᠭᠤᠯᠢ ᠶᠢᠨ ᠵᠥᠪᠰᠢᠶᠡᠷᠡᠯ ᠪᠤᠶᠤ ᠬᠠᠮᠢᠶᠠᠷᠤᠯᠲᠠ ᠶᠢᠨ ᠳᠤᠮᠳᠠᠬᠢ ᠠᠵᠢᠯ ᠲᠥᠷᠥᠯ ᠤᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠬᠠᠷᠢᠭᠤᠴᠠᠨ᠎ᠠ᠃      8. ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠷᠢᠭᠤᠴᠠᠯᠭᠠᠲᠤ ᠨᠢᠭᠡᠴᠡ ᠶᠢ ᠬᠠᠤᠯᠢ ᠶᠣᠰᠣᠭᠠᠷ ᠰᠢᠮᠳᠠᠭᠤᠯᠵᠤ ᠪᠠᠶᠢᠭᠠᠳ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠨ᠎ᠠ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠬᠠᠮᠢᠶᠠᠷᠬᠤ ᠠᠵᠢᠯ ᠢ ᠵᠢᠯᠤᠭᠤᠳᠣᠨ ᠬᠢᠨᠠᠯᠳᠠ ᠲᠠᠯᠪᠢᠨ᠎ᠠ᠃      9. ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠤᠨ᠎ᠠ᠃ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷᠲᠠᠶ ᠴᠢᠳᠠᠮᠵᠢ ᠶᠢ ᠪᠠᠶᠢᠴᠠᠭᠠᠨ ᠰᠢᠯᠭᠠᠬᠤ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠵᠢᠴᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠵᠢᠴᠢ ᠤᠰᠤᠨ ᠵᠠᠮ᠂ ᠭᠠᠷᠠᠮ ᠤᠨ ᠠᠷᠠᠴᠢᠯᠠᠯᠲᠠ ᠵᠡᠷᠭᠡ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠵᠢᠯᠣᠭᠤᠳᠤᠨ ᠰᠢᠮᠳᠠᠭᠤᠯᠤᠨ᠎ᠠ᠃      10. ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ︵ᠬᠤᠨᠣᠭᠯᠠᠬᠤ ᠦᠢᠯᠡᠰ ᠪᠠᠭᠲᠠᠨ᠎ᠠ︶ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠵᠦ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠦᠨ᠎ᠡ ᠬᠠᠶᠠᠵᠤ ᠬᠤᠳᠠᠯᠳᠤᠬᠤ᠂ ᠳᠡᠯᠭᠡᠨ ᠦᠵᠡᠭᠦᠯᠬᠦ᠂ ᠮᠠᠰᠢᠨ ᠲᠡᠷᠭᠡᠨ ᠤ ᠬᠦᠢᠯᠭᠡᠭᠡ᠂ ᠬᠠᠭᠤᠴᠢᠨ ᠪᠠᠷᠠᠭᠠᠨ ᠤ ᠬᠦᠢᠯᠭᠡᠭᠡ ᠪᠠ ᠪᠣᠯᠪᠠᠰᠤᠷᠠᠭᠤᠯᠤᠭᠰᠠᠨ ᠲᠣᠰᠣᠨ ᠤ ᠬᠦᠢᠯᠭᠡᠭᠡ ᠵᠡᠷᠭᠡ ᠠᠵᠢᠯ ᠲᠥᠷᠥᠯ ᠳᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠬᠢᠵᠦ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ᠎ᠠ᠃ ᠠᠷᠠᠯᠵᠢᠶ᠎ᠠ ᠬᠤᠳᠠᠯᠳᠤᠭ᠎ᠠ᠂ ᠭᠦᠢᠯᠭᠡᠭᠡᠨ ᠤ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      11. ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠰᠣᠶᠣᠯ ᠪᠠ ᠵᠢᠭᠤᠯᠴᠢᠯᠠᠯ ᠤᠨ ᠰᠢᠰᠲ᠋ᠧᠮ  ᠤᠨ ᠠᠵᠢᠯ ᠲᠥᠷᠥᠯ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠬᠠᠷᠢᠭᠤᠴᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ᠂ ᠳᠡᠯᠡᠬᠡᠶ ᠶᠢᠨ ᠰᠣᠶᠣᠯ ᠤᠨ ᠥᠪ ᠪᠣᠯᠤᠨ ᠮᠦᠽᠧᠶ ᠶᠢᠨ ᠠᠵᠢᠯ ᠲᠦᠷᠦᠯ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠤᠯᠠᠨ ᠨᠡᠶᠢᠲᠡ ᠶᠢᠨ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠲᠢᠶᠠᠲᠷ᠂ ᠰᠣᠶᠣᠯ ᠤᠨ ᠣᠷᠳᠣᠨ ︵ᠦᠷᠳᠡᠭᠡ︶ ᠵᠡᠷᠭᠡ ᠰᠢᠭᠤᠳ ᠬᠠᠷᠢᠶ᠎ᠠ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠰᠣᠶᠣᠯ᠂ ᠵᠢᠭᠤᠯᠴᠢᠯᠠᠯ ᠵᠡᠷᠭᠡ ᠰᠣᠶᠣᠯ ᠤᠨ ᠵᠠᠬ᠎ᠠ ᠳᠡᠯᠭᠡᠭᠦᠷ  ᠤᠨ ᠡᠵᠡᠩᠨᠡᠯᠲᠡ ᠶᠢᠨ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃      12. ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠮ ᠡᠮᠨᠡᠯᠭᠡ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠠᠵᠢᠯ ᠲᠦᠷᠦᠯ ᠤᠨ ᠭᠠᠯ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠨ᠎ᠠ᠃      13. ᠱᠠᠰᠢᠨ ᠰᠤᠷᠲᠠᠬᠤᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠠᠴᠠ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠬᠤ᠂ ᠬᠢᠨᠠᠬᠤ᠂ ᠪᠠᠶᠢᠴᠠᠭᠠᠬᠤ ᠠᠵᠢᠯ ᠢ ᠬᠠᠷᠢᠭᠤᠴᠠᠨ᠎ᠠ᠃      14. ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠤᠯᠢ ᠶᠣᠰᠣᠭᠠᠷ ᠡᠷᠬᠡ ᠲᠤᠰᠢᠶᠠᠯ ᠤᠨ ᠶᠣᠰᠣᠭᠠᠷ ᠭᠠᠯ ᠰᠡᠷᠭᠡᠶᠢᠯᠡᠨ ᠤᠨᠲᠠᠷᠠᠭᠠᠬᠤ ᠶᠢ ᠬᠢᠨᠠᠨ ᠪᠠᠶᠢᠴᠠᠭᠠᠵᠤ ᠰᠢᠯᠭᠠᠨ ᠠᠪᠬᠤ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠭᠢᠷᠭᠠᠨ ᠤ ᠰᠢᠳᠬᠡᠯ ᠲᠣᠷᠭᠠᠭᠤᠯᠢ ᠶᠢ ᠬᠡᠷᠡᠭᠵᠢᠭᠦᠯᠦᠨ᠎ᠡ᠃      15. ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠯ ᠤᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠱᠠᠭᠠᠷᠳᠠᠯᠭ᠎ᠠ ᠳᠤ ᠨᠡᠶᠢᠴᠡᠬᠦ ᠥᠬᠡᠶ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ ᠶᠢ ᠥᠭᠡᠷᠡᠴᠢᠯᠡᠨ᠎ᠡ᠃      16. ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠣᠣᠷ᠎ᠠ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠤᠯᠠᠨ ᠨᠡᠶᠢᠲᠡ ᠶᠢᠨ ᠴᠤᠭᠯᠠᠷᠠᠭᠰᠠᠨ ᠭᠠᠵᠠᠷ ᠲᠠᠯᠠᠪᠤᠷ ᠢ ᠠᠰᠢᠭᠯᠠᠯᠲᠠ ᠳᠤ ᠣᠷᠣᠭᠤᠯᠬᠤ᠂ ᠡᠵᠡᠩᠨᠡᠬᠦ ᠠᠴᠠ ᠡᠮᠦᠨ᠎ᠡ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠴᠢᠭᠯᠡᠭᠦᠯᠬᠦ ᠴᠢᠨᠠᠷᠲᠠᠶ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠤᠰᠬᠠᠶ ᠵᠠᠰᠠᠯᠲᠠ ᠶᠢ ᠵᠣᠬᠢᠶᠠᠨ ᠪᠠᠶᠢᠭᠤᠯᠵᠤ᠂ ᠡᠷᠬᠡ ᠲᠤᠰᠢᠶᠠᠯ ᠤᠨ ᠢᠶᠠᠨ ᠶᠣᠰᠣᠭᠠᠷ ᠭᠠᠯ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠬᠡᠷᠡᠭᠵᠢᠭᠦᠯᠦᠨ᠎ᠡ᠃      17. ᠪᠠᠩᠬᠢ᠂ ᠦᠨᠡᠲᠦ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠦᠨᠡᠲᠦ ᠲᠡᠮᠳᠡᠭᠲᠦ ᠶᠢᠨ ᠦᠢᠯᠡᠰ ᠤᠨ ᠪᠠᠶᠢᠭᠤᠯᠤᠮᠵᠢ᠂ ᠳᠠᠭᠠᠳᠬᠠᠯ ᠤᠨ ᠪᠠᠶᠢᠭᠤᠯᠤᠮᠵᠢ᠂ ᠬᠤᠭᠤᠴᠠᠭᠠᠲᠤ ᠪᠠᠷᠠᠭᠠᠨ ᠤ ᠦᠢᠯᠡᠰ ᠤᠨ ᠪᠠᠶᠢᠭᠤᠯᠤᠮᠵᠢ ᠵᠢᠴᠢ ᠦᠢᠯᠡᠴᠢᠯᠡᠭᠡᠨ ᠤ ᠲᠣᠣᠷ ᠴᠢᠭ᠂ ᠲᠣᠮᠢᠯᠠᠭᠰᠠᠨ ᠪᠠᠶᠢᠭᠤᠯᠤᠮᠵᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠷᠢᠭᠤᠴᠠᠨ ᠰᠢᠮᠳᠠᠭᠤᠯᠤᠨ᠎ᠠ᠃      18. ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠦᠳᠠᠨ ᠤ ᠠᠵᠢᠯ ᠲᠦᠷᠦᠯ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠵᠤ᠂ ᠰᠢᠦᠳᠠᠨ ᠤ ᠠᠵᠤ ᠠᠬᠤᠶᠢᠯᠠᠯ᠂ ᠲᠦᠷᠭᠡᠨ ᠬᠦᠷᠭᠡᠯᠳᠡ ᠶᠢᠨ ᠠᠵᠤ ᠠᠬᠤᠶᠢᠯᠠᠯ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠬᠤ᠂ ᠬᠢᠨᠠᠬᠤ᠂ ᠪᠠᠶᠢᠴᠠᠭᠠᠬᠤ ᠠᠵᠢᠯ ᠢ ᠬᠠᠷᠢᠭᠤᠴᠠᠨ᠎ᠠ᠃      ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠶ᠎ᠠ ᠭᠠᠵᠠᠷ ᠤᠨ ᠭᠠᠯ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ᠠᠴᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠭᠠᠯ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃      ᠭᠤᠷᠪᠠ᠂ ᠬᠠᠮᠢᠶᠠᠷᠤᠯᠲᠠ ᠪᠠᠨ ᠴᠢᠩᠭᠠᠳᠬᠠᠨ᠂ ᠲᠣᠭᠲᠠᠭᠠᠯ ᠠᠴᠠ ᠵᠥᠷᠢᠴᠡᠭᠰᠡᠨ ᠪᠠ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭ᠎ᠠ ᠵᠠᠯᠬᠠᠭᠠᠨ ᠴᠡᠭᠡᠷᠯᠡᠭᠦᠯᠬᠦ ᠬᠡᠷᠡᠭᠲᠡᠶ      ︵ᠨᠢᠭᠡ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠬᠦ ᠬᠡᠪᠴᠢᠶᠡᠨ ᠤ ᠭᠡᠷ ᠪᠠᠶᠢᠰᠢᠩ ᠤᠨ ᠪᠠᠷᠢᠯᠭ᠎ᠠ ᠶᠢᠨ ᠲᠥᠷᠥᠯ ᠵᠦᠢᠯ ᠳᠤ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠭᠡᠷ ᠪᠠᠶᠢᠰᠢᠩ ᠤᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢ ᠵᠠᠳᠠᠯᠬᠤ ᠵᠡᠷᠭᠡ ᠠᠷᠭ᠎ᠠ ᠮᠠᠶ᠋ᠢᠭ ᠢᠶᠠᠷ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠭᠠᠯ ᠤᠨᠲᠠᠷᠠᠭᠠᠬᠤ ᠲᠠᠩᠰᠠᠯᠠᠯᠳᠠ ᠪᠠ ᠰᠤᠭᠤᠴᠠᠨ ᠪᠠᠶᠢᠴᠠᠭᠠᠬᠤ ᠭᠠᠷᠳᠠᠮ ᠭᠦᠢᠴᠡᠳᠬᠡᠬᠦ ᠠᠴᠠ ᠵᠠᠶᠢᠯᠠᠵᠤ ᠪᠣᠯᠬᠤ ᠥᠭᠡᠢ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠤ ᠲᠥᠷᠥᠯ ᠵᠦᠢᠯ ᠢ ᠬᠤᠪᠢᠶᠠᠨ ᠰᠠᠯᠭᠠᠬᠤ᠂ ᠬᠤᠯᠪᠣᠭᠳᠠᠯ ᠪᠥᠬᠦᠢ ᠪᠠᠶᠢᠳᠠᠯ ᠢ ᠨᠢᠭᠤᠨ ᠳᠠᠯᠳᠠᠯᠠᠬᠤ ᠪᠤᠶᠤ ᠮᠡᠬᠡᠯᠡᠬᠦ᠂ ᠬᠡᠭᠡᠯᠢ ᠲᠦᠯᠬᠢᠬᠦ ᠵᠡᠷᠭᠡ ᠵᠦᠢ ᠪᠤᠰᠤ ᠠᠷᠭ᠎ᠠ ᠪᠠᠷᠢᠯ ᠢᠶᠠᠷ ᠳᠠᠮᠵᠢᠭᠤᠯᠤᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠭᠠᠯ ᠤᠨᠲᠠᠷᠠᠭᠠᠬᠤ ᠲᠠᠩᠰᠠᠯᠠᠯᠳᠠ ᠪᠠ ᠰᠤᠭᠤᠴᠠᠨ ᠪᠠᠶᠢᠴᠠᠭᠠᠬᠤ ᠭᠠᠷᠳᠠᠮ ᠭᠦᠢᠴᠡᠳᠬᠡᠬᠦ ᠠᠴᠠ ᠵᠠᠶᠢᠯᠠᠭᠰᠠᠨ ᠪᠠᠶᠢᠪᠠᠯ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ  ᠤᠨ ᠶᠣᠰᠣᠭᠠᠷ᠂ ᠬᠠᠷᠢᠶ᠎ᠠ ᠭᠠᠵᠠᠷ ᠤᠨ ᠣᠷᠣᠨ ᠰᠠᠭᠤᠴᠠ ᠪᠣᠯᠤᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠰ ᠳᠠᠷᠠᠭᠠᠯᠠᠯ ᠶᠣᠰᠣᠭᠠᠷ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠭᠦᠯᠬᠦ ᠬᠡᠷᠡᠭᠲᠡᠶ᠃      ︵ᠬᠤᠶᠠᠷ︶ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠢᠨᠠᠯᠲᠠ ᠲᠠᠯᠪᠢᠵᠤ ᠵᠢᠭᠰᠠᠭᠠᠨ ᠪᠠᠶᠢᠴᠠᠭᠠᠬᠤ ᠬᠠᠮᠢᠶᠠᠷᠤᠯᠲᠠ  ᠪᠠᠨ ᠴᠢᠩᠭᠠᠷᠠᠭᠤᠯᠤᠨ᠂ ᠲᠤᠰ ᠲᠤᠰ ᠤᠨ ᠬᠠᠷᠢᠶᠠᠯᠠᠬᠤ ᠬᠡᠪᠴᠢᠶᠡᠨ ᠳᠠᠬᠢ ᠨᠢᠭᠡᠴᠡ ᠪᠣᠯᠤᠨ ᠬᠤᠪᠢ ᠬᠥᠮᠦᠨ ᠢ ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠷᠡᠭᠯᠡᠬᠦ ᠶᠠᠪᠤᠴᠠ ᠳᠤ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠨᠥᠬᠦᠴᠡᠯ ᠢ ᠪᠦᠷᠢᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠳᠦᠷ ᠲᠤᠲᠤᠮ ᠤᠨ ᠬᠢᠨᠠᠯᠲᠠ ᠲᠠᠯᠪᠢᠵᠤ ᠵᠢᠭᠰᠠᠭᠠᠨ ᠪᠠᠶᠢᠴᠠᠭᠠᠬᠤ ᠶᠠᠪᠤᠴᠠ ᠳᠤ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠬᠤᠯᠪᠣᠭᠳᠠᠯ ᠪᠥᠬᠦᠶ ᠪᠠᠶᠢᠳᠠᠯ ᠢᠶᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠢᠶᠠᠷ ᠮᠡᠳᠡᠭᠦᠯᠬᠦ ᠮᠠᠲ᠋ᠧᠷᠢᠶᠠᠯ ᠬᠠᠩᠭᠠᠬᠤ ᠵᠡᠷᠭᠡ ᠵᠦᠶ ᠪᠤᠰᠤ ᠠᠷᠭ᠎ᠠ ᠪᠠᠷᠢᠯ ᠢᠶᠠᠷ ᠦᠢᠯᠡᠳᠪᠦᠷᠢᠯᠡᠯ ᠡᠵᠡᠩᠨᠡᠯᠲᠡ ᠶᠢᠨ ᠬᠢᠷᠢ ᠬᠡᠮ ᠣᠯᠤᠭᠰᠠᠨ ᠢ ᠣᠯᠵᠤ ᠮᠡᠳᠡᠪᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠦᠨᠡᠨᠴᠢ ᠢᠲᠡᠭᠡᠮᠵᠢ ᠶᠢᠨ ᠰᠢᠰᠲ᠋ᠧᠮ ᠳᠤ ᠪᠤᠳᠤᠵᠤ ᠣᠷᠣᠭᠤᠯᠬᠤ ᠬᠡᠷᠡᠭᠲᠡᠶ᠃ ᠡᠭᠦᠨ ᠤ ᠬᠠᠮᠲᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠲᠡᠮᠳᠡᠭᠯᠡᠯ ᠲᠠᠢ ᠨᠢᠭᠡᠴᠡ ᠳᠤ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ︽ᠨᠢᠭᠡ ᠭᠠᠵᠠᠷ ᠲᠤ ᠢᠲᠡᠭᠡᠯ ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠵᠠᠯᠬᠠᠭᠠᠨ ᠴᠡᠭᠡᠷᠯᠡᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠳᠡᠢ᠃                           2021 ᠣᠨ ᠤ 12 ᠰᠠᠷ᠎ᠠ ᠶᠢᠨ 30 ᠤ ᠡᠳᠦᠷ                           ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃                         ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                         2021 ᠣᠨ ᠤ 12 ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号