ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/28
     3 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠮᠳᠠᠲᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠪᠦᠬᠦ ᠨᠠᠮ ᠤᠨ ᠳᠣᠲᠣᠷ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠳ᠋ᠦᠩᠨᠡᠯᠲᠡ ᠶᠢᠨ ᠮᠡᠳᠡᠭᠦᠯᠦᠯᠲᠡ︾᠂ ᠲᠤᠮᠳᠠᠲᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠠᠬᠢᠭᠤᠯᠬᠤ ᠲᠤᠬᠠᠶ ᠰᠠᠨᠠᠯ︾᠂ ᠰᠢ ᠶᠢᠨ ᠫᠢᠩ ᠶᠡᠷᠦᠩᠬᠡᠢ ᠱᠦᠵᠢ ᠶᠢᠨ ᠳ᠋ᠦᠩ ᠬᠠᠩ ᠠᠭᠠᠷ ᠤᠨ ᠠᠶᠠᠯᠠᠯ ᠤᠨ ᠺᠣᠮᠫᠠᠨᠢ ᠶᠢᠨ ᠠᠶᠠᠨᠴᠢᠨ ᠤ ᠨᠢᠰᠬᠡᠯ ᠤᠨᠠᠵᠤ ᠰᠦᠢᠷᠡᠭᠰᠡᠨ ᠶᠠᠪᠤᠳᠠᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠳᠣᠷᠢᠳᠣᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠬᠤᠯᠪᠣᠭᠳᠠᠯ ᠪᠦᠬᠦᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠬᠦ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠬᠤᠯᠪᠣᠭᠳᠠᠯ ᠪᠦᠬᠦᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠥᠪ ᠬᠤᠷᠢᠶᠠᠨ ᠤ ᠳ᠋ᠦᠩᠨᠡᠯᠲᠡ ᠶᠢᠨ ᠮᠡᠳᠡᠭᠦᠯᠦᠯᠲᠡ ᠪᠣᠯᠤᠨ ᠰᠠᠨᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠳᠥᠷᠪᠡᠨ ︽ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ︾ ᠴᠢᠬᠤᠯᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ ᠬᠢᠴᠢᠶᠡᠯ ᠪᠤᠯᠭᠠᠨ ᠴᠢᠩᠭ᠎ᠠ ᠪᠣᠳᠠᠲᠠᠢ ᠠᠳᠬᠤᠵᠤ᠂ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠰᠢᠨ᠎ᠡ ᠬᠤᠷᠢᠶᠠᠩᠭᠤᠶᠢᠯᠠᠯ᠂ ᠰᠢᠨ᠎ᠡ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠠᠷᠢᠨ ᠬᠢᠨᠠᠮᠠᠭᠠᠢ ᠪᠠᠷ ᠪᠠᠷᠢᠮᠵᠢᠶ᠎ᠡ ᠯᠤᠭ᠎ᠠ ᠬᠠᠷᠭᠤᠭᠤᠯᠵᠤ᠂ ᠦᠢᠯᠡᠳᠦᠯᠭᠡ ᠶᠢ ᠨᠡᠩ ᠪᠦᠲᠦᠮᠵᠢᠲᠡᠢ ᠪᠠᠷ ᠵᠢᠯᠣᠭᠤᠳᠴᠤ᠂ ᠠᠵᠢᠯ ᠢᠶᠠᠨ ᠠᠬᠢᠭᠤᠯᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠦᠷᠭᠦᠯᠵᠢᠯᠡᠨ ᠰᠡᠳᠬᠢᠯ ᠲᠠᠯᠪᠢᠵᠤ ᠬᠦᠴᠦ ᠣᠷᠣᠭᠤᠯᠤᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠶᠢ ᠭᠤᠣᠯ ᠠᠵᠢᠯ ᠲᠠᠢ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠢ ᠲᠥᠯᠥᠪᠵᠢᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠪᠠᠨ ᠲᠤᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠤᠨ᠎ᠠ᠂ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠭᠤᠣᠯᠳᠠᠯᠭ᠎ᠠ ᠲᠠᠢ ᠬᠦᠴᠢᠷ ᠬᠦᠷᠢᠶ᠎ᠡ ᠶᠢ ᠴᠢᠩᠭ᠎ᠠ ᠠᠵᠢᠭᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠡᠭᠦᠰᠬᠡᠯ ᠤᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠶᠡᠭᠡ ᠳ᠋ᠠᠶᠢᠲ᠋ᠠ ᠶᠢᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠳᠤ ᠲᠦᠰᠢᠭᠯᠡᠨ᠂ ᠤᠶᠤᠨᠲᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠲᠦᠪᠰᠢᠨ ᠢᠶᠠᠨ ᠴᠠᠭ ᠦᠶ᠎ᠡ ᠲᠠᠢ ᠵᠡᠷᠭᠡᠪᠡᠷ ᠤᠷᠤᠭᠰᠢᠯᠠᠭᠤᠯᠤᠨ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠱᠠᠳᠤ ᠳᠠᠷᠠᠭᠠᠯᠠᠨ ᠪᠣᠳᠠᠲᠠᠶᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠲᠤ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠲᠠᠭᠠᠭᠠᠨ ᠡᠭᠦᠷᠭᠡᠯᠡᠬᠦ᠂ ᠠᠵᠢᠯ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠪᠣᠯ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠠᠵᠢᠯ ᠤᠨ ᠤᠯᠤᠰ ᠲᠦᠷᠦ ᠶᠢᠨ ᠪᠠᠶᠢᠴᠠᠭᠠᠯᠲᠠ ᠪᠠ ᠺᠠᠳ᠋ᠷ ᠤᠨ ᠡᠩᠨᠡᠭᠡᠨ ᠤ ᠤᠯᠤᠰ ᠲᠦᠷᠦ ᠶᠢᠨ ᠬᠡᠪ ᠴᠢᠨᠠᠷ ᠤᠨ ᠪᠣᠳᠠᠲᠠᠢ ᠰᠢᠯᠭᠠᠯᠲᠠ ᠪᠣᠯᠤᠨ᠎ᠠ᠃ ᠪᠦᠬᠦ ᠬᠤᠳᠠ ᠪᠠᠷ ᠢᠶᠠᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠦᠨᠳᠦᠷᠴᠡ ᠠᠴᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠬᠦᠯᠢᠶᠡᠬᠦ ᠪᠠᠷ ᠠᠵᠠ ᠲᠣᠬᠢᠶᠠᠯ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠣᠪᠣᠷ ᠢᠶᠠᠨ ᠲᠥᠪ ᠪᠣᠯᠭᠠᠵᠤ᠂ ᠰᠠᠬᠢᠯᠭ᠎ᠠ ᠪᠠᠲᠤ ᠣᠪᠣᠷ ᠰᠤᠷᠲᠠᠯ ᠢᠶᠠᠨ ᠴᠢᠩᠳᠠᠯᠠᠵᠤ᠂ ᠦᠨᠡᠨ ᠠᠴᠠ ᠵᠥᠪ ᠢ ᠡᠷᠢᠵᠦ ᠪᠠᠶᠢᠳᠠᠯ ᠢᠶᠠᠨ ᠬᠠᠷᠢᠭᠤ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠬᠠᠩᠭᠠᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢᠶᠠᠨ ᠨᠠᠷᠢᠨ ᠨᠢᠮᠪᠠᠢ ᠰᠠᠶᠢᠲᠤᠷ ᠬᠢᠵᠦ᠂ ᠰᠢᠮᠳᠠᠭᠤᠯᠤᠨ ᠪᠠᠶᠢᠴᠠᠭᠠᠬᠤ ᠠᠵᠢᠯ ᠤᠨ ᠤᠷᠤᠭᠰᠢᠲᠠᠢ ᠪᠥᠭᠡᠳ ᠥᠨᠳᠥᠷ ᠪᠦᠲᠦᠮᠵᠢᠲᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠷᠭᠢᠯᠲᠡ ᠨᠢ ᠢᠯᠭᠤᠮ ᠰᠢᠯᠤᠭᠤᠨ᠂ ᠴᠢᠩᠭ᠎ᠠ ᠨᠢᠮᠪᠠᠢ ᠥᠨᠳᠥᠷ ᠪᠦᠲᠦᠮᠵᠢᠲᠡᠢ ᠠᠵᠢᠯ ᠤᠨ ᠰᠢᠰᠲ᠋ᠧᠮ ᠢ ᠪᠠᠶᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠭᠤᠯᠭ᠎ᠠ᠂ ᠠᠷᠭ᠎ᠠ ᠬᠡᠯᠪᠡᠷᠢ ᠪᠣᠯᠤᠨ ᠲᠡᠰ ᠳᠠᠷᠠᠭᠠᠯᠠᠯ ᠲᠠᠢ ᠬᠠᠷᠢᠴᠠᠭᠤᠯᠵᠤ᠂ ᠪᠡᠯᠡᠳᠬᠡᠯ ᠠᠵᠢᠯ ᠳᠠᠭᠠᠨ ︽ᠡᠷᠭᠢᠵᠦ ᠬᠠᠷᠠᠬᠤ︾ ᠠᠵᠢᠯ ᠬᠢᠵᠦ᠂ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠣᠭᠲᠠᠴᠠ ᠪᠠᠶᠢᠭᠤᠯᠵᠤ᠂ ᠶᠠᠪᠤᠴᠠ ᠪᠠᠨ ᠲᠣᠭᠲᠠᠭᠠᠵᠤ᠂ ᠡᠭᠦᠷᠭᠡ ᠨᠢᠭᠡᠪᠦᠷᠢ ᠶᠢ ᠠᠳᠬᠤᠬᠤ ᠬᠥᠮᠦᠨ ᠲᠠᠢ᠂ ᠪᠠᠶᠡᠯᠡᠬᠦᠯᠬᠦ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ︽ᠦᠬᠠᠢ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠦᠷᠳᠡᠭᠡ︶ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ᠂ ᠳᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠤᠤᠷᠠᠭ︶︾ ᠢ ᠬᠢᠨᠠᠨ ᠵᠥᠪᠯᠡᠵᠡᠢ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号