ᠣᠳᠠ ᠲᠤᠭᠤᠷᠢᠭ ︽ᠲᠠᠪᠤᠨ ᠲᠠᠷᠤᠭ᠎ᠠ ᠶᠢᠨ ᠦᠢᠯᠡᠴᠢᠯᠡᠭᠡᠨ ᠤ ᠡᠳᠦᠷ︾ ᠤᠨ ᠠᠵᠢᠯᠯᠠᠭ᠎ᠠ ᠪᠠᠷ ᠲᠠᠮᠵᠢᠨ ᠶᠤᠰᠣ ᠣᠴᠢᠷ ᠢ ᠲᠠᠶᠢᠯᠪᠤᠷᠢᠯᠠᠨ ᠬᠠᠤᠯᠢ ᠴᠠᠭᠠᠵᠠ ᠶᠢ ᠤᠬᠠᠭᠤᠯᠪᠠ
ᠨᠡᠶᠢᠲᠡᠯᠡᠭᠰᠡᠨ ᠴᠠᠭ᠄
2022/3/29
     ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠠᠤᠯᠢᠵᠢᠭᠤᠯᠤᠨ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢ ᠴᠢᠨᠠᠭᠰᠢᠳᠠ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠠᠤᠯᠢᠵᠢᠭᠤᠯᠤᠨ ᠰᠢᠯᠢᠳᠡᠭᠵᠢᠭᠦᠯᠬᠦ ᠶᠢ ᠬᠦᠳᠦᠯᠦᠨ ᠳᠠᠭᠠᠭᠤᠯᠬᠤ᠂ ᠵᠢᠷᠤᠮᠵᠢᠭᠤᠯᠬᠤ ᠪᠠ ᠪᠠᠲᠤᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠳᠠ ᠲᠣᠭᠤᠷᠢᠭ ︽ᠲᠠᠪᠤᠨ ᠲᠠᠷᠤᠭ᠎ᠠ ᠶᠢᠨ ᠦᠢᠯᠡᠴᠢᠯᠡᠭᠡᠨ ᠤ ᠡᠳᠦᠷ︾ ᠤᠨ ᠠᠵᠢᠯᠯᠠᠭ᠎ᠠ ᠶᠢ ᠰᠢᠨ᠎ᠡ ᠡᠭᠦᠳᠦᠯᠳᠡ ᠲᠠᠢ ᠪᠠᠷ ᠥᠷᠨᠢᠭᠦᠯᠵᠡᠢ᠃      ᠤᠳᠠ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ ︽ᠲᠠᠪᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ︾ ᠤᠨ ᠠᠵᠢᠯᠯᠠᠭ᠎ᠠ ᠶᠢ ᠥᠷᠨᠢᠭᠦᠯᠵᠦ᠂ ᠡᠯ᠎ᠡ ᠨᠢᠭᠡᠴᠡ ᠶᠢᠨ ᠬᠠᠷᠢᠭᠤᠴᠠᠯᠭᠠᠲᠠᠨ ᠢ ᠪᠡᠶ᠎ᠡ ᠪᠠᠷ ᠢᠶᠠᠨ ᠣᠷᠣᠯᠴᠠᠵᠤ᠂ ᠰᠤᠷᠪᠤᠯᠵᠢᠯᠠᠬᠤ ᠪᠠᠷ ᠢᠷᠡᠭᠰᠡᠨ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠣᠨᠣᠰᠴᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠶᠠᠪᠤᠴᠠ ᠳᠠᠬᠢ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ ᠤᠨ ᠬᠦᠴᠢᠷ ᠠᠰᠠᠭᠤᠳᠠᠯ᠂ ᠲᠦᠭᠵᠢᠮᠡᠯ ᠴᠢᠭ᠂ ᠪᠠᠯᠠᠶ ᠭᠠᠵᠠᠷ ᠲᠤ ᠠᠩᠬᠠᠷᠤᠯ ᠢᠶᠠᠨ ᠭᠦᠢᠴᠡᠳ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠩᠬᠠᠷᠤᠯ ᠳᠤ ᠢᠳᠡᠪᠬᠢᠲᠡᠶ ᠪᠠᠷ ᠬᠠᠷᠢᠭᠤᠯᠲᠠ ᠥᠭᠬᠦ ᠬᠡᠷᠡᠭᠲᠡᠶ ᠭᠡᠵᠦ ᠱᠠᠭᠠᠷᠳᠠᠵᠠᠶ᠃      ᠣᠶᠢᠷ᠎ᠠ ᠳᠤ᠂ ᠤᠳᠠ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯᠲᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ᠂ ᠰᠤᠷᠪᠤᠯᠵᠢᠯᠠᠬᠤ ᠪᠠᠷ ᠢᠷᠡᠭᠰᠡᠨ ᠠᠵᠤ ᠠᠬᠤᠶᠢᠯᠠᠯ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ ᠬᠠᠷᠢᠭᠤ ᠲᠤᠰᠬᠠᠪᠠ᠃ ᠶᠠᠷᠢᠯᠴᠠᠬᠤ ᠶᠠᠪᠤᠴᠠ ᠳᠤ᠂ ᠠᠵᠢᠯᠲᠠᠳ ︽ᠳᠠᠩᠰᠠᠯᠠᠬᠤ᠂ ᠰᠢᠯᠵᠢᠭᠦᠯᠦᠨ ᠰᠢᠢᠳᠪᠦᠷᠢᠯᠡᠭᠦᠯᠬᠦ᠂ ᠲᠤᠬᠠᠶ ᠶᠢᠨ ᠭᠠᠵᠠᠷ ᠲᠤᠨᠢ ᠲᠠᠶᠢᠯᠪᠤᠷᠢᠯᠠᠬᠤ᠂ ᠬᠠᠷᠢᠭᠤᠯᠲᠠ ᠥᠭᠬᠦ᠂ ᠬᠠᠷᠢᠭᠤ ᠰᠤᠷᠪᠤᠯᠵᠢᠯᠠᠬᠤ︾ ᠠᠵᠢᠯ ᠤᠨ ᠶᠠᠪᠤᠴᠠ ᠶᠢ ᠴᠢᠩᠭ᠎ᠠ ᠵᠢᠷᠤᠮᠯᠠᠵᠤ ᠂ ᠬᠠᠮᠤᠭ ᠤᠨ ᠦᠨᠡᠨᠴᠢ ᠣᠪᠣᠷ ᠢᠶᠠᠷ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠲᠠᠢ ᠨᠡᠪᠲᠡᠷᠡᠯᠴᠡᠵᠦ᠂ ᠠᠵᠤ ᠠᠬᠤᠶᠢᠯᠠᠯᠲᠠᠨ ᠤ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ ᠬᠦᠴᠢᠷᠳᠡᠯ᠂ ᠠᠰᠠᠭᠤᠳᠠᠯ ᠢ ᠭᠦᠢᠴᠡᠳ ᠣᠶᠢᠯᠠᠭᠠᠬᠤ ᠶᠢᠨ ᠬᠠᠮᠲᠤ ᠬᠠᠮᠤᠭ ᠤᠨ ᠶᠡᠭᠡ ᠬᠦᠴᠦᠨ ᠢᠶᠠᠨ ᠰᠢᠪᠬᠠᠨ ᠠᠵᠤ ᠠᠬᠤᠶᠢᠯᠠᠯ ᠤᠨ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ ᠤᠨ ᠳᠤᠮᠳᠠᠬᠢ ᠬᠦᠴᠢᠷ ᠠᠰᠠᠭᠤᠳᠠᠯ᠂ ᠲᠦᠭᠵᠢᠷᠡᠯ ᠢ ᠰᠢᠢᠳᠪᠦᠷᠢᠯᠡᠵᠦ᠂ ᠬᠦᠴᠦᠨ ᠲᠠᠢ᠂ ᠵᠥᠪ ᠪᠤᠷᠤᠭᠤ ᠶᠢ ᠢᠯᠭᠠᠭᠰᠠᠨ᠂ ᠬᠠᠯᠠᠭᠤᠨ ᠪᠦᠯᠢᠶᠡᠨ ᠲᠠᠢ ᠬᠠᠤᠯᠢ ᠴᠠᠭᠠᠵᠠ ᠶᠢᠨ ᠲᠠᠰᠤᠯᠤᠯᠲᠠ ᠪᠠᠷ ᠠᠷᠠᠳ ᠤᠯᠠᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠭᠦᠨ᠎ᠡ ᠭᠡᠵᠦ ᠠᠮᠠᠯᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号