ᠬᠤᠲᠠ ᠲᠣᠭᠤᠷᠢᠭ ᠤᠨ ᠨᠠᠮ ᠤᠨ ᠰᠤᠷᠭᠠᠭᠤᠯᠢ ᠶᠢ ᠠᠭᠤᠰᠤᠯᠴᠠᠭᠤᠯᠤᠨ ᠬᠥᠭᠵᠢᠭᠦᠯᠬᠦ ᠫᠠᠶᠢᠰᠠ ᠰᠡᠬᠦᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/3/29
     3 ᠰᠠᠷ᠎ᠠ ᠶᠢᠨ 28 ᠤ ᠡᠳᠦᠷ᠂ ᠬᠤᠲᠠ ᠲᠣᠭᠤᠷᠢᠭ ᠤᠨ ᠨᠠᠮ ᠤᠨ ᠰᠤᠷᠭᠠᠭᠤᠯᠢ ᠶᠢ ᠠᠭᠤᠰᠤᠯᠴᠠᠭᠤᠯᠤᠨ ᠬᠥᠭᠵᠢᠭᠦᠯᠬᠦ ᠫᠠᠶᠢᠰᠠ ᠰᠡᠬᠦᠬᠦ ᠶᠣᠰᠣᠯᠠᠯ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠰᠤᠷᠭᠠᠭᠤᠯᠢ ᠶᠢᠨ ᠵᠠᠬᠢᠷᠤᠯ᠂ ᠬᠤᠲᠠ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠵᠠᠬᠢᠷᠤᠯ ᠯᠢ ᠠᠩ ᠭᠤᠷᠪᠠᠨ ᠲᠤᠭᠤᠷᠢᠭ ᠤᠨ ᠨᠠᠮ ᠤᠨ ᠰᠤᠷᠭᠠᠭᠤᠯᠢ ᠶᠢᠨ ᠫᠠᠶᠢᠰᠠ ᠶᠢ ᠰᠡᠬᠦᠪᠡ᠃      ᠲᠣᠰ ᠤᠳᠠᠭᠠᠨ ᠤ ᠫᠠᠶᠢᠰᠠ ᠰᠡᠬᠦᠭᠰᠡᠨ ᠨᠢ ᠬᠤᠲᠠ ᠲᠣᠭᠤᠷᠢᠭ ᠤᠨ ᠨᠠᠮ ᠤᠨ ᠰᠤᠷᠭᠠᠭᠤᠯᠢ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠬᠤ ᠪᠥᠭᠡᠳ ᠪᠠᠰᠠ ᠬᠤᠲᠠ ᠲᠣᠭᠤᠷᠢᠭ ᠤᠨ ᠬᠤᠶᠠᠷ ᠱᠠᠲᠤᠨ ᠤ ᠨᠠᠮ ᠤᠨ ᠰᠤᠷᠭᠠᠭᠤᠯᠢ ᠶᠢᠨ ᠪᠠᠶᠢᠭᠤᠯᠤᠯᠲᠠ ᠪᠠ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠨᠢᠭᠡᠨ ᠰᠢᠨ᠎ᠡ ᠬᠥᠭᠵᠢᠯᠲᠡ ᠶᠢᠨ ᠱᠠᠲᠤ ᠦᠶ᠎ᠡ ᠪᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠬᠤᠳᠠ ᠲᠣᠭᠤᠷᠢᠭ ᠤᠨ ᠨᠠᠮ ᠤᠨ ᠰᠤᠷᠭᠠᠭᠤᠯᠢ ᠲᠤᠰ ᠣᠳᠠᠭᠠᠨ ᠤ ᠫᠠᠶᠢᠰᠠ ᠰᠡᠬᠦᠬᠦ ᠪᠠᠷ ᠠᠵᠠ ᠲᠣᠬᠢᠶᠠᠯ ᠪᠣᠯᠭᠠᠵᠤ᠂ ᠨᠠᠮ ᠤᠨ ᠰᠤᠷᠭᠠᠭᠤᠯᠢ ᠪᠣᠯ ᠨᠠᠮ ᠤᠨ ᠤᠪᠤᠭ ᠲᠠᠢ ᠪᠠᠶᠢᠬᠤ ᠶᠢ ᠪᠠᠷᠢᠮᠲᠠᠯᠠᠵᠤ᠂ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠤᠨᠤᠯ ᠤᠨ ᠬᠥᠮᠦᠵᠢᠯ ᠪᠣᠯᠤᠨ ᠨᠠᠮᠴᠢ ᠴᠢᠨᠠᠷ ᠤᠨ ᠬᠥᠮᠦᠵᠢᠯ ᠤᠨ ᠭᠤᠣᠯ ᠬᠢᠴᠢᠶᠡᠯ ᠪᠣᠯᠬᠤ ᠪᠠᠶᠢᠷᠢ ᠰᠠᠭᠤᠷᠢ ᠶᠢ ᠲᠤᠪᠤᠶᠢᠯᠭᠠᠵᠦ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢ ᠴᠠᠭ ᠲᠤᠬᠠᠢ ᠳᠤᠨᠢ ᠬᠢᠴᠢᠶᠡᠯ ᠤᠨ ᠲᠠᠩᠬᠢᠮ ᠳᠤ ᠣᠷᠣᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ ᠶᠢ ᠬᠦᠳᠦᠯᠥᠨ ᠳᠠᠭᠠᠭᠤᠯᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠪᠠᠲᠤᠯᠠᠨ᠎ᠠ᠃ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠪᠠᠷᠢᠮᠲᠠᠯᠠᠵᠤ᠂ ᠠᠭᠤᠰᠤᠯᠴᠠᠨ ᠬᠥᠭᠵᠢᠬᠦ ᠥᠪᠡᠷᠮᠢᠴᠡ ᠣᠨᠴᠠᠯᠢᠭ ᠲᠠᠢ ᠳᠠᠪᠠᠭᠤᠯᠢᠭ  ᠢᠶᠠᠨ ᠬᠦᠢᠴᠡᠳ ᠪᠠᠳᠠᠷᠠᠭᠤᠯᠤᠨ᠂ ᠬᠤᠲᠠ ᠲᠣᠭᠤᠷᠢᠭ ᠤᠨ ᠨᠠᠮ ᠤᠨ ᠰᠤᠷᠭᠠᠭᠤᠯᠢ ᠶᠢᠨ ︽ᠲᠥᠪᠯᠡᠷᠡᠭᠦᠯᠦᠨ ᠫᠠᠶᠢᠰᠠ ᠡᠯᠭᠦᠬᠦ᠂ ᠵᠠᠬᠢᠷᠭ᠎ᠠ ᠨᠡᠶᠢᠯᠡᠭᠦᠯᠦᠨ ᠠᠵᠢᠯᠯᠠᠬᠤ᠂ ᠨᠢᠭᠡᠳᠦᠯᠲᠡᠶ ᠲᠥᠯᠥᠪᠯᠡᠨ ᠰᠤᠷᠭᠠᠭᠤᠯᠢ ᠡᠷᠭᠢᠯᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ︾ ᠰᠤᠷᠭᠠᠭᠤᠯᠢ ᠡᠷᠭᠢᠯᠡᠬᠦ ᠰᠢᠨ᠎ᠡ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ ᠲᠡᠭᠦᠯᠳᠡᠷᠵᠢᠭᠦᠯᠵᠦ᠂ ︽ᠳᠥᠷᠪᠡ ᠶᠢ ᠬᠠᠮᠲᠤ ᠪᠠᠷ ᠡᠳ᠋ᠯᠡᠬᠦ︾ ᠰᠢᠨ᠎ᠡ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠢᠭᠠᠨ ᠰᠤᠷᠭᠠᠯᠲᠠ ᠶᠢᠨ ᠭᠤᠤᠯᠯᠠᠭᠴᠢ ᠡᠩᠨᠡᠭᠡ ᠶᠢ ᠦᠨᠡᠨᠬᠦ ᠰᠢᠯᠢᠳᠡᠭ ᠢ ᠬᠥᠮᠦᠵᠢᠭᠦᠯᠦᠨ ᠬᠦᠴᠦᠷᠬᠡᠭᠵᠢᠭᠦᠯᠵᠦ᠂ ᠰᠤᠷᠤᠭᠴᠢᠳ ᠤᠨ ᠰᠤᠷᠤᠯᠴᠠᠪᠠᠯ ᠠᠮᠵᠢᠯᠲᠠ ᠲᠠᠢ᠂ ᠰᠤᠷᠤᠯᠴᠠᠪᠠᠯ ᠣᠯᠤᠯᠲᠠ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠶᠢ ᠪᠠᠷᠢᠮᠲᠠᠯᠠᠵᠤ᠂ ᠭᠤᠣᠯᠳᠠᠭᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠨ ᠰᠤᠷᠭᠠᠯᠲᠠ ᠶᠢᠨ ᠬᠢᠴᠢᠶᠡᠯ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠤᠬᠢᠷᠠᠭᠤᠯᠵᠤ᠂ ᠬᠥᠮᠦᠵᠢᠯ ᠪᠣᠯᠪᠠᠰᠤᠷᠠᠯ ᠢ ᠬᠦᠴᠦᠲᠡᠢ ᠪᠥᠭᠡᠳ ᠪᠦᠲᠦᠮᠵᠢᠲᠡᠢ ᠥᠷᠨᠢᠭᠦᠯᠵᠦ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠦᠨᠡᠨᠬᠦ ᠳᠡᠭᠡᠭᠰᠢᠯᠡᠭᠦᠯᠦᠨ᠎ᠡ᠃      ᠼᠦᠢ ᠵᠢᠩ ᠶᠢᠩ᠂ ᠯᠢ ᠠᠩ ᠪᠠᠰᠠ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠷᠪᠠᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ︵2019 — 2021︶ ᠶᠢᠨ ᠦᠷ᠎ᠡ ᠪᠦᠲᠦᠭᠡᠯ ᠤᠨ ᠦᠵᠡᠭᠦᠯᠦᠯᠭᠡ᠂ ᠨᠡᠷᠡᠳᠦ ᠪᠠᠭᠰᠢ ᠶᠢᠨ ᠰᠣᠳᠣᠨ ᠪᠦᠲᠦᠭᠡᠯ ᠤᠨ ᠢᠨᠵᠧᠨᠧᠷᠢᠩ ᠤᠨ ᠠᠵᠢᠯᠯᠠᠬᠤ ᠲᠠᠰᠤᠭ᠂ ᠨᠠᠮ ᠤᠨ ᠭᠡᠰᠢᠭᠦᠨ ᠤ ᠰᠤᠷᠤᠯᠴᠠᠬᠤ ᠲᠠᠰᠤᠭ ᠵᠢᠴᠢ ᠭᠤᠷᠪᠠᠨ ᠲᠣᠭᠤᠷᠢᠭ ᠤᠨ ᠨᠠᠮ ᠤᠨ ᠰᠤᠷᠭᠠᠭᠤᠯᠢ ᠶᠢᠨ ᠠᠯᠪᠠᠨ ᠭᠡᠷ ᠵᠡᠷᠭᠡ ᠶᠢ ᠲᠣᠭᠤᠷᠢᠨ ᠦᠵᠡᠵᠦ᠂ ᠵᠢᠭᠠᠨ ᠰᠤᠷᠭᠠᠯᠲᠠ ᠵᠢᠴᠢ ᠵᠢᠭᠠᠨ ᠰᠤᠷᠭᠠᠯᠲᠠ ᠶᠢᠨ ᠰᠤᠳᠤᠯᠭᠠᠨ᠂ ᠤᠨᠤᠯ ᠤᠨ ᠰᠢᠨ᠎ᠡ ᠡᠭᠦᠳᠦᠯᠲᠡ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠴᠣᠭᠴᠠᠯᠠᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号