ᠬᠤᠳᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/3/30
     3 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠬᠤᠷᠠᠯ ᠡᠷᠭᠢᠯᠡᠪᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠤᠯᠪᠤᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ᠂ ᠬᠤᠳᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ︔ 2 ᠪᠦᠯᠬᠦᠮ ᠪᠠ 9 ᠬᠤᠪᠢ ᠬᠥᠮᠦᠨ ᠢ ᠨᠢᠭᠡᠳᠦᠭᠡᠷ ᠪᠦᠯᠦᠭ ᠤᠨ ︽ᠦᠬᠠᠶ ᠶᠢᠨ ᠴᠢᠳᠠᠪᠤᠷᠢᠲᠠᠨ︾ ᠤ ᠱᠠᠩᠨᠠᠯ ᠭᠥᠷᠳᠡᠭᠰᠡᠨ ᠪᠦᠯᠬᠦᠮ ᠪᠠ ᠬᠤᠪᠢ ᠬᠥᠮᠦᠨ ᠢᠶᠠᠷ ᠲᠣᠭᠲᠠᠭᠠᠵᠤ᠂ 1 ᠪᠦᠯᠬᠦᠮ ᠪᠠ 10 ᠬᠤᠪᠢ ᠬᠥᠮᠦᠨ ᠢ ᠨᠢᠭᠡᠳᠦᠭᠡᠷ ᠪᠦᠯᠦᠭ ᠤᠨ ︽ᠦᠬᠠᠶ ᠶᠢᠨ ᠴᠢᠳᠠᠪᠤᠷᠢᠲᠠᠨ︾ ᠤ ᠨᠡᠷ᠎ᠡ ᠳᠤᠷᠠᠳᠤᠭᠳᠠᠭᠰᠠᠨ ᠪᠦᠯᠬᠦᠮ ᠪᠠ ᠬᠤᠪᠢ ᠬᠥᠮᠦᠨ ᠢᠶᠠᠷ ᠲᠣᠭᠲᠠᠭᠠᠪᠠ᠃      ᠲᠠᠩ ᠢ ᠵᠢᠭᠠᠵᠤ ᠭᠠᠷᠭᠠᠭᠰᠠᠨ ᠨᠢ᠂ ᠴᠢᠳᠠᠪᠤᠷᠢᠲᠠᠨ ᠤ ᠡᠬᠢ ᠪᠠᠶᠠᠯᠢᠭ ᠪᠣᠯ ᠬᠥᠭᠵᠢᠯᠲᠡ ᠶᠢ ᠲᠤᠯᠭᠠᠭᠤᠷᠢᠯᠠᠬᠤ ᠨᠢᠭᠡᠳᠦᠭᠡᠷ ᠡᠬᠢ ᠪᠠᠶᠠᠯᠢᠭ ᠮᠥᠨ᠂ ᠴᠢᠳᠠᠪᠤᠷᠢᠲᠠᠨ ᠤ ᠳᠠᠪᠠᠭᠤᠯᠢᠭ ᠪᠣᠯ ᠨᠢᠭᠡ ᠭᠠᠵᠠᠷ ᠣᠷᠣᠨ᠂ ᠨᠢᠭᠡ ᠬᠤᠲᠠ ᠶᠢᠨ ᠬᠠᠮᠤᠭ ᠤᠨ ᠦᠨᠳᠦᠰᠦᠨ ᠳᠠᠪᠠᠭᠤᠯᠢᠭ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠶᠢᠨ ᠴᠢᠳᠠᠪᠤᠷᠢᠲᠠᠨ ᠤ ᠠᠵᠢᠯ ᠵᠣᠬᠢᠬᠤ ᠦᠷ᠎ᠡ ᠪᠦᠲᠦᠮᠵᠢ ᠣᠯᠵᠠᠶ᠂ ᠭᠡᠪᠡᠴᠦ ᠰᠢᠨ᠎ᠡ ᠬᠥᠭᠵᠢᠯᠲᠡ ᠶᠢᠨ ᠱᠠᠲᠤᠨ ᠳᠠᠬᠢ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠠ ᠮᠠᠰᠢ ᠶᠡᠭᠡ ᠵᠥᠷᠢᠶ᠎ᠡ ᠲᠠᠢ ᠪᠠᠶᠢᠭᠰᠠᠭᠠᠷ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠶ ᠴᠢᠩᠭᠠᠳᠬᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠲᠤᠬᠠᠶ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠩ ᠠᠯᠤᠰ ᠬᠡᠲᠦ ᠶᠢᠨ ᠪᠠᠶᠢᠯᠳᠤᠬᠤ ᠪᠣᠳᠣᠯᠭ᠎ᠠ ᠶᠢᠨ ᠬᠠᠷᠠᠭᠠᠰᠤ᠂ ᠨᠠᠩ ᠥᠷᠭᠡᠨ ᠠᠭᠤᠳᠠᠮ ᠪᠥᠬᠦ ᠲᠠᠯ᠎ᠠ ᠶᠢᠨ ᠠᠭᠤᠳᠠᠮᠴᠢ ᠴᠡᠭᠡᠵᠢ᠂ ᠨᠠᠩ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠴᠢᠳᠠᠪᠤᠷᠢᠲᠠᠨ ᠤ ᠠᠵᠢᠯ ᠢ ᠰᠠᠶᠢᠲᠤᠷ ᠠᠳᠬᠤᠵᠤ᠂ ᠦᠬᠠᠶ ᠶᠢ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ︽ᠥᠩ ᠰᠢᠮᠡᠯᠢᠭ ᠬᠥᠷᠥᠰᠥ︾᠂ ᠴᠢᠳᠠᠪᠤᠷᠢᠲᠠᠨ ᠴᠤᠭᠯᠠᠷᠠᠭᠰᠠᠨ ︽ᠬᠤᠲᠣᠭᠤᠷ ᠭᠠᠵᠠᠷ︾᠂ ᠴᠢᠳᠠᠪᠤᠷᠢᠲᠠᠨ ᠤ ᠦᠢᠯᠡᠰ ᠴᠣᠭᠴᠠᠯᠠᠬᠤ ᠶᠢᠨ ︽ᠴᠡᠩᠭᠡᠯ ᠤᠨ ᠣᠷᠣᠨ︾ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠴᠢᠳᠠᠪᠤᠷᠢᠲᠠᠨ ᠤ ᠳᠠᠪᠠᠭᠤᠯᠢᠭ ᠢᠶᠠᠷ ᠦᠨᠡᠨᠬᠦ ᠥᠷᠢᠰᠥᠯᠳᠦᠭᠡᠨ ᠢ ᠲᠡᠮᠡᠴᠡᠨ ᠣᠯᠵᠤ᠂ ᠢᠷᠡᠭᠡᠳᠦᠶ ᠶᠢ ᠲᠡᠮᠡᠴᠡᠨ ᠤᠯᠬᠤ ᠬᠡᠷᠡᠭᠲᠡᠶ ᠭᠡᠵᠡᠢ᠃      ᠲᠠᠩ ᠢ ᠴᠢᠬᠤᠯᠠᠴᠢᠯᠠᠭᠰᠠᠨ ᠨᠢ᠂ ᠴᠢᠳᠠᠪᠤᠷᠢᠲᠠᠨ ᠤ ᠠᠵᠢᠯ ᠤᠨ ᠣᠶᠢᠯᠠᠭᠠᠭᠳᠠᠬᠤᠨ ᠢᠶᠠᠨ ᠬᠦᠴᠦᠯᠡᠨ ᠬᠤᠪᠢᠷᠠᠭᠤᠯᠵᠤ᠂ ︽ᠨᠢᠭᠡ ᠬᠥᠯᠭᠡ ᠰᠢᠲᠠᠷ᠎ᠠ︾ ᠶᠢᠨ ᠤᠬᠠᠮᠰᠠᠷ᠂ ︽ᠲᠣᠮᠣ ᠴᠢᠳᠠᠪᠤᠷᠢᠲᠠᠨ︾ ᠤ ᠣᠶᠢᠯᠠᠭᠠᠭᠳᠠᠬᠤᠨ ᠪᠠ ︽ᠠᠮᠢ ᠠᠬᠤᠶ ᠶᠢᠨ ᠬᠦᠷᠢᠶ᠎ᠡ︾ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠴᠢᠳᠠᠪᠤᠷᠢᠲᠠᠨ ᠢ ᠦᠨᠡᠨ ᠬᠦ ᠲᠡᠳᠡᠨ ᠠᠪᠴᠢᠷᠠᠵᠤ᠂ ᠴᠢᠳᠠᠪᠤᠷᠢᠲᠠᠨ ᠢ ᠦᠨᠡᠨ ᠬᠦ ᠰᠠᠶᠢᠲᠤᠷ ᠬᠡᠷᠡᠭᠯᠡᠬᠦ ᠬᠡᠷᠡᠭᠲᠡᠶ᠃ ᠴᠢᠳᠠᠪᠤᠷᠢᠲᠠᠨ ᠤ ᠬᠥᠭᠵᠢᠯᠲᠡ ᠶᠢᠨ ᠪᠠᠶᠢᠷᠢᠰᠢᠭᠤᠯᠤᠯᠲᠠ ᠪᠠᠨ ᠬᠦᠴᠦᠯᠡᠨ ᠰᠢᠯᠢᠳᠡᠭᠵᠢᠭᠦᠯᠵᠦ᠂ ︽ᠰᠡᠳᠬᠢᠯ︾ ︽ᠴᠢᠭ︾ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠭᠰᠡᠨ᠂ ᠬᠠᠷᠢᠯᠴᠠᠨ ᠠᠭᠤᠰᠤᠯᠴᠠᠭᠰᠠᠨ ︽ᠨᠢᠭᠡ ᠰᠡᠳᠬᠢᠯ ᠣᠯᠠᠨ ᠴᠢᠭ︾ ᠤᠨ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠴᠢᠳᠠᠪᠤᠷᠢᠲᠠᠨ ᠤ ᠡᠩᠨᠡᠭᠡ ᠶᠢᠨ ᠪᠦᠲᠦᠴᠡ ᠪᠠᠨ ᠬᠦᠴᠦᠯᠡᠨ ᠰᠠᠶᠢᠵᠢᠷᠠᠭᠤᠯᠵᠤ᠂ ᠴᠢᠳᠠᠪᠤᠷᠢᠲᠠᠨ ᠤ ᠡᠩᠨᠡᠭᠡ ᠶᠢᠨ ᠲᠠᠰᠤᠷᠠᠯᠲᠠ ᠦᠭᠡᠢ ᠥᠷᠭᠡᠳᠬᠦ᠂ ᠴᠢᠳᠠᠪᠤᠷᠢᠲᠠᠨ ᠤ ᠴᠢᠨᠠᠷ ᠴᠢᠨᠰᠠᠭ᠎ᠠ ᠶᠢᠨ ᠲᠠᠰᠤᠷᠠᠯᠲᠠ ᠦᠭᠡᠢ ᠳᠡᠭᠡᠭᠰᠢᠯᠡᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠬᠠᠮᠢᠶᠠᠷᠤᠯᠲᠠ ᠶᠢᠨ ᠲᠦᠷᠢᠮ ᠢᠶᠠᠨ ᠲᠡᠭᠦᠯᠳᠡᠷᠵᠢᠭᠦᠯᠵᠦ᠂ ᠴᠢᠳᠠᠪᠤᠷᠢᠲᠠᠨ ᠢ ᠦᠨᠡᠯᠡᠵᠦ ᠤᠷᠮᠠᠰᠢᠭᠤᠯᠬᠤ ᠲᠦᠷᠢᠮ ᠢᠶᠠᠨ ᠪᠦᠷᠢᠨᠰᠢᠬᠦᠯᠵᠤ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠨᠢ ᠭᠦᠢᠴᠡᠳ ᠬᠥᠭᠵᠢᠭᠡᠬᠦ ᠬᠡᠷᠡᠭᠲᠡᠢ᠃ ᠬᠡᠷᠡᠭᠴᠡᠭᠡ ᠶᠢᠨ ᠤᠳᠤᠷᠢᠳᠤᠮᠵᠢ ᠪᠠᠨ ᠲᠤᠪᠤᠶᠢᠯᠭᠠᠵᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠳᠡᠮᠲᠡᠨ ᠮᠡᠷᠭᠡᠳ ᠢ ᠣᠷᠣᠭᠤᠯᠬᠤ ᠵᠠᠮ ᠢ ᠥᠷᠭᠡᠨ ᠢᠶᠠᠷ ᠨᠡᠭᠡᠭᠡᠵᠦ᠂ ᠴᠢᠳᠠᠪᠤᠷᠢᠲᠠᠨ ᠤ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃ ᠤᠯᠠᠨ ᠠᠷᠭ᠎ᠠ ᠶᠢ ᠵᠡᠷᠭᠡᠪᠡᠷ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠵᠠᠮ ᠢᠶᠠᠷ ᠰᠠᠶᠢᠲᠤᠷ ᠵᠠᠮᠨᠠᠵᠤ᠂ ᠤᠳᠤ ᠶᠢᠨ ᠪᠠᠶᠢᠭ᠎ᠠ ᠴᠢᠳᠠᠪᠤᠷᠢᠲᠠᠨ ᠤ ᠳᠠᠯᠳᠠ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠤᠨ ᠨᠡᠭᠡᠭᠡᠬᠦ ᠬᠡᠷᠡᠭᠲᠡᠢ᠃ ᠬᠥᠮᠦᠨ ᠢ ᠲᠠᠨᠢᠨ ᠴᠢᠳᠠᠮᠠᠭᠠᠶ ᠪᠠᠷ ᠬᠡᠷᠡᠭᠯᠡᠵᠦ᠂ ᠬᠥᠮᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ᠂ ᠴᠢᠳᠠᠪᠤᠷᠢ ᠶᠢ ᠭᠦᠢᠴᠡᠳ ᠠᠰᠢᠭᠯᠠᠬᠤ᠂ ᠬᠡᠷᠡᠭᠯᠡᠬᠦ ᠳᠤ ᠠᠮᠵᠢᠯᠲᠠ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠢᠯᠡᠴᠢᠯᠡᠭᠡ ᠪᠠᠨ ᠪᠣᠳᠠᠲᠠᠶᠢᠵᠢᠭᠤᠯᠵᠤ᠂ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠪᠦᠷᠢᠨ ᠭᠦᠢᠴᠡᠳ ᠦᠢᠯᠡᠴᠢᠯᠡᠵᠦ᠂ ᠥᠷᠭᠡᠨ ᠠᠭᠤᠳᠠᠮ ᠲᠠᠪᠴᠠᠩ ᠢᠶᠠᠷ ᠴᠢᠳᠠᠪᠤᠷᠢᠲᠠᠨ ᠢ ᠦᠯᠡᠳᠡᠭᠡᠵᠦ᠂ ᠡᠯ᠎ᠡ ᠲᠦᠷᠦᠯ ᠤᠨ ᠴᠢᠳᠠᠪᠤᠷᠢᠲᠠᠨ ᠢ ᠦᠨᠡᠨᠬᠦ ᠰᠠᠨᠠᠭ᠎ᠠ ᠠᠮᠤᠷ᠂ ᠠᠮᠤᠷ ᠲᠣᠭᠲᠠᠭᠤᠨ᠂ ᠠᠵᠢᠯ ᠦᠢᠯᠡᠰ ᠲᠤ ᠣᠷᠣᠯᠴᠠᠭᠤᠯᠬᠤ ᠬᠡᠷᠡᠭᠲᠡᠢ ᠭᠡᠵᠡᠢ᠃      ᠲᠠᠩ ᠢ ᠱᠠᠭᠠᠷᠳᠠᠭᠰᠠᠨ ᠨᠢ᠂ ᠨᠠᠮ ᠤᠨ ᠴᠢᠳᠠᠪᠤᠷᠢᠲᠠᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠴᠢᠳᠠᠪᠤᠷᠢᠲᠠᠨ ᠤ ᠠᠵᠢᠯ ᠤᠨ ᠤᠳᠤᠷᠢᠳᠬᠤ ᠲᠣᠭᠲᠠᠴᠠ ᠪᠠᠨ ᠲᠡᠭᠦᠯᠳᠡᠷᠵᠢᠭᠦᠯᠵᠦ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠲᠤᠯᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠴᠢᠳᠠᠪᠤᠷᠢᠲᠠᠨ ᠤ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号