ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/31
     3 ᠳ᠋ᠣᠭᠠᠷ ᠰᠠᠷ᠎ᠠ ᠶᠢᠨ 30 ᠤ ᠡᠳᠦᠷ᠂ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠪᠢᠩ ᠲᠤᠭᠤᠷᠢᠭ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃      ᠯᠢᠦ ᠪᠢᠩ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠣᠯ ᠪᠢᠳᠡᠨ ᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠪᠣᠯᠬᠤ ᠪᠥᠭᠡᠳ ᠪᠠᠰᠠ ᠴᠤ ᠮᠠᠨ ᠤ ᠲᠤᠭᠤᠷᠢᠭ ᠤᠨ ᠣᠶᠢᠷ᠎ᠠ ᠶᠢᠨ ᠵᠢᠯ ᠤᠨ ᠲᠤᠷᠰᠢᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠦᠬᠦ ᠲᠠᠯ᠎ᠠ ᠶᠢᠨ ᠬᠢᠨᠠᠨ ᠰᠢᠯᠭᠠᠯᠲᠠ ᠪᠠ ᠳᠠᠪᠲᠠᠨ ᠪᠠᠶᠢᠴᠠᠭᠠᠯᠲᠠ ᠪᠣᠯᠣᠨ᠎ᠠ᠂ ᠨᠡᠩ ᠴᠤ ᠮᠠᠨ ᠤ ᠲᠤᠭᠤᠷᠢᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠴᠢᠬᠤᠯᠠ ᠠᠵᠠ ᠲᠣᠬᠢᠶᠠᠯ ᠪᠣᠯᠣᠨ᠎ᠠ᠃ ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠬᠢᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠬᠠᠮᠰᠠᠷ ᠠᠴᠠ ᠪᠠᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠵᠦᠢᠯ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠴᠢᠬᠤᠯᠠ ᠶᠡᠭᠡ ᠬᠥᠭᠵᠢᠯᠲᠡ ᠶᠢᠨ ᠠᠰᠠᠭᠤᠳᠠᠯ ᠪᠣᠯᠭᠠᠨ ᠠᠳᠬᠤᠵᠤ᠂ ᠪᠦᠬᠦ ᠲᠠᠯ᠎ᠠ ᠪᠠᠷ ᠠᠰᠠᠭᠤᠳᠠᠯ ᠢ ᠡᠷᠢᠵᠦ᠂ ᠰᠢᠯᠲᠠᠭᠠᠨ ᠢ ᠵᠠᠳᠠᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠳᠤᠲᠠᠭᠤᠳᠠᠯ ᠢᠶᠠᠨ ᠨᠦᠬᠦᠪᠦᠷᠢᠯᠡᠨ᠂ ᠨᠡᠩ ᠡᠷᠡᠰ ᠴᠢᠩᠭ᠎ᠠ ᠣᠪᠣᠷ᠂ ᠨᠡᠩ ᠡᠷᠡᠰ ᠪᠠᠲᠤ ᠵᠣᠷᠢᠭ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃      ᠯᠢᠦ ᠪᠢᠩ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ  ᠬᠢᠨ ᠡᠷᠬᠡᠪᠰᠢ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠴᠢᠩᠭᠠᠳᠬᠠᠨ᠂ ᠢᠳᠡᠪᠬᠢᠲᠡᠢ ᠣᠯᠣᠯᠴᠠᠨ ᠵᠣᠬᠢᠴᠠᠭᠤᠯᠵᠤ᠂ ᠨᠢᠭᠲᠠ ᠬᠠᠮᠵᠢᠯᠴᠠᠨ᠂ ᠬᠠᠷᠢᠯᠴᠠᠨ ᠲᠦᠯᠬᠢᠯᠴᠡᠵᠦ ᠪᠣᠯᠬᠤ ᠦᠭᠡᠢ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠦᠵᠡᠬᠦ ᠪᠠᠷ ᠱᠠᠭᠠᠷᠳᠠᠭᠰᠠᠨ ᠪᠢᠴᠢᠭ ᠮᠠᠲ᠋ᠧᠷᠢᠶᠠᠯ ᠪᠦᠬᠦᠨ ᠢ ᠡᠷᠬᠡᠪᠰᠢ ᠪᠦᠬᠦ ᠲᠠᠯ᠎ᠠ ᠪᠠᠷ ᠣᠨᠣᠪᠴᠢᠲᠠᠢ᠂ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠬᠡᠷᠡᠭ ᠶᠠᠪᠤᠳᠠᠯ ᠪᠦᠬᠦᠨ ᠢ ᠡᠷᠬᠡᠪᠰᠢ ᠳᠠᠷᠤᠢ ᠳᠤᠨᠢ ᠭᠦᠢᠴᠡᠳᠬᠡᠵᠦ᠂ ᠴᠠᠭ ᠲᠤᠬᠠᠢ  ᠳᠤᠨᠢ ᠬᠠᠷᠢᠭᠤ ᠥᠭᠴᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠬᠦᠴᠢᠷ ᠠᠰᠠᠭᠤᠳᠠᠯ ᠢ ᠴᠢᠩᠭ᠎ᠠ ᠡᠵᠡᠮᠳᠡᠵᠦ᠂ ᠭᠤᠣᠯᠳᠠᠯᠭ᠎ᠠ ᠶᠢ ᠠᠳᠬᠤᠵᠤ᠂ ᠪᠠᠶᠢᠴᠠᠭᠠᠯᠲᠠ ᠶᠢ ᠤᠭᠲᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠷᠢᠶᠡᠯᠡᠩ᠂ ᠠᠭᠤᠷᠬᠠᠢ ᠶᠢᠨ ᠣᠷᠣᠨ᠂ ᠲᠠᠷᠢᠶᠠᠯᠠᠬᠤ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠢᠰᠲ᠋ᠧᠮ ᠲᠠᠢ ᠡᠮᠬᠢᠯᠡᠵᠦ᠂ ᠨᠢᠭᠡᠳᠦᠯᠲᠡᠢ ᠲᠥᠯᠥᠪᠵᠢᠭᠦᠯᠦᠨ ᠬᠦᠴᠦᠯᠡᠵᠦ᠂ ᠨᠠᠷᠢᠨ ᠬᠢᠨᠠᠮᠠᠭᠠᠢ ᠰᠢᠢᠳᠪᠦᠷᠢᠯᠡᠵᠦ᠂ ᠬᠢᠨᠠᠨ ᠬᠠᠮᠢᠶᠠᠷᠤᠯᠲᠠ ᠶᠢ ᠪᠦᠬᠦᠨ ᠢ ᠪᠦᠷᠬᠦᠭᠦᠯᠦᠭᠰᠡᠨ᠂ ᠬᠠᠮᠢᠶᠠᠷᠤᠨ ᠡᠵᠡᠮᠳᠡᠬᠦ ᠥᠨᠴᠥᠭ ᠪᠤᠯᠤᠩ ᠦᠭᠡᠢ ᠴᠡᠭᠴᠡᠯᠡᠨ ᠵᠠᠰᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠬᠥᠳᠡᠯᠦᠯᠴᠡᠵᠦ᠂ ᠴᠢᠩᠭᠠᠯᠠᠵᠤ᠂ ᠠᠵᠢᠯᠯᠠᠵᠤ᠂ ᠪᠣᠳᠠᠲᠠᠶᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠡᠯ᠎ᠡ ᠵᠦᠢᠯ ᠤᠨ ᠪᠠᠶᠢᠴᠠᠭᠠᠯᠲᠠ ᠶᠢ ᠤᠭᠲᠤᠬᠤ ᠡᠭᠦᠷᠭᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢᠶᠠᠷ ᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠯᠠᠮᠵᠢᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠳᠡᠮᠵᠢᠬᠦ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠢᠶᠠᠨ ᠤᠯᠠᠨ ᠲᠦᠮᠡᠨ ᠢ ᠬᠠᠨᠤᠮᠵᠢᠲᠠᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号