ᠼᠤ᠋ ᠳᠤ ᠳᠡᠪᠲᠦᠭᠡᠭᠰᠡᠨ ᠰᠠᠷᠢᠮᠰᠠᠭ ᠤᠨ ᠲᠤᠬᠠᠢ
ᠨᠡᠶᠢᠲᠡᠯᠡᠭᠰᠡᠨ ᠴᠠᠭ᠄
2022/4/11
     ᠼᠤ᠋ ᠳᠤ ᠳᠡᠪᠲᠦᠭᠡᠭᠰᠡᠨ ᠰᠠᠷᠢᠮᠰᠠᠭ ᠢ ᠵᠤᠬᠢᠬᠤ ᠬᠡᠮᠵᠢᠶ᠎ᠡ ᠪᠠᠷ ᠢᠳᠡᠪᠡᠯ ᠬᠦᠮᠦᠨ ᠤ ᠪᠡᠶ᠎ᠡ ᠳᠤ ᠰᠠᠶᠢᠨ ᠪᠠᠶᠢᠳᠠᠭ᠂ ᠭᠡᠪᠡᠴᠦ ᠵᠤᠬᠢᠰ ᠦᠭᠡᠢ ᠳᠡᠪᠲᠦᠭᠡᠬᠦ ᠪᠤᠶᠤ ᠢᠳᠡᠬᠦ ᠨᠢ ᠬᠦᠮᠦᠨ ᠤ ᠪᠡᠶ᠎ᠡ ᠳᠤ ᠬᠤᠤᠷ ᠲᠠᠢ ᠶᠤᠮ᠃              ᠼᠤ᠋ ᠳᠤ ᠳᠡᠪᠲᠦᠭᠡᠭᠰᠡᠨ ᠰᠠᠷᠢᠮᠰᠠᠭ ᠤᠨ ᠠᠰᠢᠭ ᠲᠠᠢ ᠲᠠᠯ᠎ᠠ᠄        ᠼᠤ᠋ ᠳᠤ ᠳᠡᠪᠲᠦᠭᠡᠭᠰᠡᠨ ᠰᠠᠷᠢᠮᠰᠠᠭ ᠵᠤᠬᠢᠬᠤ ᠬᠡᠮᠵᠢᠶ᠎ᠡ ᠪᠠᠷ ᠴᠢᠰᠤᠨ ᠳᠠᠷᠤᠯᠲᠠ ᠶᠢ ᠪᠠᠭᠤᠷᠠᠭᠤᠯᠳᠠᠭ᠂ ᠰᠠᠷᠢᠮᠰᠠᠭ ᠤᠨ ᠲᠤᠰ ᠪᠡᠶ᠎ᠡ ᠨᠢ ᠮᠠᠰᠢ ᠰᠠᠶᠢᠨ ᠠᠷᠢᠭᠤᠳᠬᠠᠬᠤ ᠬᠤᠤᠷ ᠭᠠᠳᠠᠭᠰᠢᠯᠠᠭᠤᠯᠬᠤ ᠴᠢᠳᠠᠯ ᠲᠠᠢ ᠶᠤᠮ᠂ ᠦᠷᠬᠦᠯᠵᠢ ᠰᠠᠷᠢᠮᠰᠠᠭ ᠢᠳᠡᠪᠡᠯ ᠴᠢᠰᠦᠨ ᠰᠤᠲᠠᠯ ᠢ ᠳᠡᠯᠡᠨ᠂ ᠪᠡᠶ᠎ᠡ ᠮᠠᠬᠠᠪᠤᠳ ᠤᠨ ᠳᠤᠳᠤᠭᠠᠳᠤ ᠳᠤ ᠪᠠᠶᠢᠭ᠎ᠠ ᠬᠠᠶᠠᠭᠳᠠᠮᠠᠯ ᠪᠤᠳᠠᠰ ᠢ ᠭᠠᠳᠠᠭᠰᠢᠯᠠᠭᠤᠯᠳᠠᠭ᠂ ᠡᠨᠡ ᠨᠢ ᠴᠢᠰᠦᠨ ᠳᠤ ᠪᠠᠶᠢᠭ᠎ᠠ ᠬᠤᠤᠷᠲᠤ ᠡᠳ᠋ ᠢ ᠵᠤᠬᠢᠰᠲᠠᠢ ᠪᠠᠭᠠᠰᠬᠠᠵᠤ᠂ ᠴᠢᠰᠦᠨ ᠳᠠᠷᠤᠯᠲᠠ ᠶᠢ ᠪᠠᠭᠤᠷᠠᠭᠤᠯᠬᠤ ᠦᠷ᠎ᠡ ᠠᠰᠢᠭ ᠲᠠᠢ ᠪᠤᠯᠭᠠᠳᠠᠭ᠃ ᠼᠤ᠋ ᠴᠢᠰᠤᠨ ᠰᠤᠳᠠᠯ ᠢ ᠵᠦᠭᠡᠯᠡᠷᠡᠭᠦᠯᠦᠨ᠎ᠡ᠂ ᠬᠡᠷᠪᠡ ᠼᠣ᠋ ᠳᠤ ᠳᠡᠪᠲᠦᠭᠡᠭᠰᠡᠨᠨ ᠰᠠᠷᠢᠮᠰᠠᠭ ᠢ ᠦᠷᠬᠦᠯᠵᠢ ᠢᠳᠡᠭᠰᠡᠨ ᠤ ᠰᠡᠭᠦᠯᠡᠷ ᠴᠢᠰᠤᠨ ᠰᠤᠳᠠᠯ ᠢ ᠳᠡᠯᠡᠬᠦ ᠪᠠᠷ ᠪᠠᠷᠠᠬᠤ ᠦᠭᠡᠢ᠂ ᠪᠠᠰᠠ ᠴᠢᠰᠤᠨ ᠰᠤᠳᠠᠯ ᠤᠨ ᠤᠶᠠᠨ ᠴᠢᠨᠠᠷ ᠢ ᠳᠡᠭᠡᠭᠰᠢᠯᠡᠭᠦᠯᠵᠦ᠂ ᠴᠢᠰᠤᠨ ᠳᠠᠷᠤᠯᠲᠠ ᠦᠨᠳᠦᠷ ᠪᠢᠰᠢ ᠪᠠᠶᠢᠳᠠᠯ ᠳᠤ ᠴᠢᠰᠤᠨ ᠳᠠᠷᠤᠯᠲᠠ ᠶᠢ ᠪᠠᠭᠤᠷᠠᠭᠤᠯᠬᠤ ᠳᠤ ᠲᠤᠰᠠᠯᠠᠳᠠᠭ᠃          ᠲᠠᠭᠰᠢᠭᠤᠷ ᠢ ᠰᠡᠷᠭᠡᠶᠢᠯᠡᠨ᠂ ᠬᠠᠮᠠᠷ ᠤᠨ ᠦᠷᠪᠢᠰᠦᠯ ᠢ ᠵᠠᠰᠠᠵᠤ᠂ ᠪᠡᠶ᠎ᠡ ᠴᠢᠬᠢᠷᠠᠭᠵᠢᠭᠤᠯᠬᠤ ᠦᠢᠯᠡᠳᠦᠯ  ᠲᠠᠢ᠃          ᠬᠤᠭᠤᠯᠠᠢ ᠡᠪᠡᠳᠬᠦ ᠶᠢ ᠵᠠᠰᠠᠵᠤ᠂ ᠨᠤᠶᠢᠷ ᠢ ᠰᠠᠶᠢᠵᠢᠷᠠᠭᠤᠯᠤᠨ᠎ᠠ᠃          ᠰᠢᠩᠭᠡᠭᠡᠯᠲᠡ ᠶᠢ ᠰᠠᠶᠢᠵᠢᠷᠠᠭᠤᠯᠤᠨ᠎ᠠ᠃          ᠶᠠᠳᠠᠷᠠᠯ ᠢ ᠲᠠᠶᠢᠯᠤᠨ᠂ ᠦᠲᠡᠯᠬᠦ ᠶᠢ ᠤᠳᠠᠭᠠᠰᠢᠷᠠᠭᠤᠯᠤᠨ᠎ᠠ᠃          ᠴᠢᠰᠤ ᠶᠢ ᠰᠢᠩᠭᠡᠷᠡᠭᠦᠯᠵᠦ᠂ ᠴᠢᠰᠤᠨ ᠤ ᠡᠷᠭᠢᠯᠲᠡ ᠶᠢ ᠰᠠᠶᠢᠵᠢᠷᠠᠭᠤᠯᠤᠨ᠎ᠠ᠃          ᠴᠢᠰᠤᠨ ᠤ ᠦᠭᠡᠬᠦ ᠶᠢ ᠪᠠᠭᠤᠷᠠᠭᠤᠯᠵᠤ ᠰᠢᠬᠢᠷ ᠰᠢᠵᠢᠩ ᠡᠪᠡᠳᠴᠢᠨ ᠢ ᠰᠡᠷᠭᠡᠶᠢᠯᠡᠳᠡᠭ᠃          ᠪᠠᠺᠲ᠋ᠧᠷᠢ ᠶᠢ ᠤᠰᠠᠳᠬᠠᠨᠨ᠂ ᠦᠷᠪᠢᠰᠤᠯ ᠢ ᠳᠠᠷᠤᠵᠤ᠂ ᠡᠪᠡᠳᠴᠢᠨ ᠬᠠᠯᠳᠠᠪᠤᠷᠢᠯᠠᠬᠤ ᠶᠢ ᠰᠡᠷᠭᠡᠶᠢᠯᠡᠨ᠎ᠡ᠃          ᠰᠦᠰᠦᠨ ᠤ ᠴᠢᠯᠠᠭᠤᠯᠢᠭ ᠠᠯᠺᠦᠯ ᠢ ᠪᠠᠭᠤᠷᠠᠭᠤᠯᠤᠨ᠎ᠠ᠃          ᠦᠮᠠᠨ ᠢ ᠰᠡᠷᠭᠡᠶᠢᠯᠡᠳᠡᠭ᠃            ᠼᠤ᠋ ᠳᠤ ᠳᠡᠪᠲᠦᠭᠡᠭᠰᠡᠨ ᠰᠠᠷᠢᠮᠰᠠᠭ ᠤᠨ ᠠᠰᠢᠭ ᠦᠭᠡᠢ ᠲᠠᠯ᠎ᠠ᠄        ᠬᠦᠮᠦᠰ ᠼᠤ᠋ ᠳᠤ ᠰᠠᠷᠢᠮᠰᠠᠭ ᠳᠡᠪᠲᠦᠭᠡᠬᠦ ᠳᠤ ᠪᠠᠨ ᠳᠠᠪᠤᠰᠤ ᠠᠷᠪᠢᠨ ᠬᠢᠳᠡᠭ᠂ ᠲᠡᠷᠡᠴᠢᠯᠡᠨ ᠼᠤ᠋ ᠳᠤ ᠳᠡᠪᠲᠦᠭᠡᠭᠰᠡᠨ ᠰᠠᠷᠢᠮᠰᠠᠭ ᠢᠶᠠᠨ ᠳᠠᠪᠤᠰᠤᠯᠠᠭᠰᠠᠨ ᠨᠤᠭᠤᠭ᠎ᠠ ᠪᠠᠷ ᠡᠳᠦᠷ ᠪᠦᠷᠢ ᠮᠠᠰᠢ ᠠᠷᠪᠢᠨ ᠢᠳᠡᠳᠡᠭ᠃ ᠢᠩᠭᠢᠵᠦ ᠢᠳᠡᠬᠦ ᠨᠢ ᠰᠢᠨᠵᠢᠯᠡᠬᠦ ᠤᠬᠠᠭᠠᠨᠴᠢ ᠪᠢᠰᠢ ᠪᠠᠶᠢᠵᠤ᠂ ᠪᠡᠶ᠎ᠡ ᠮᠠᠬᠠᠪᠤᠳ ᠢ ᠭᠡᠮᠲᠦᠭᠡᠵᠦ ᠮᠡᠳᠡᠨ᠎ᠡ᠃          ᠰᠠᠷᠢᠮᠰᠠᠭ ᠪᠤᠯ ᠭᠤᠰᠢᠭᠤᠨ ᠴᠢᠨᠠᠷ ᠲᠠᠢ ᠢᠳᠡᠭᠡᠨ ᠶᠤᠮ᠂ ᠬᠡᠲᠦᠷᠬᠡᠢ ᠠᠷᠪᠢᠨ ᠢᠳᠡᠬᠦ ᠨᠢ ᠬᠤᠳᠤᠭᠤᠳᠤ ᠶᠢ ᠡᠪ ᠦᠭᠡᠢ ᠪᠠᠶᠢᠳᠠᠯ ᠳᠤ ᠤᠷᠤᠭᠤᠯᠳᠠᠭ᠃          ᠦᠯᠦᠨ ᠢᠶᠠᠷ ᠠᠷᠪᠢᠨ ᠢᠳᠡᠪᠡᠯ ᠨᠢᠳᠦᠨ ᠳᠤ ᠰᠡᠳᠦᠯᠲᠡ ᠦᠭᠬᠦ ᠪᠠᠷ ᠪᠠᠷᠠᠬᠤ ᠦᠭᠡᠢ ᠸᠢᠲ᠋ᠠᠮᠢᠨ b ᠶᠢᠨ ᠰᠢᠩᠭᠡᠭᠡᠯᠲᠡ ᠶᠢ ᠨᠦᠯᠦᠭᠡᠯᠡᠳᠡᠭ᠃            ᠠᠩᠬᠠᠷᠤᠭᠤᠰᠢᠲᠠᠢ ᠵᠦᠢᠯ᠄        1. ᠴᠢᠰᠤᠨ ᠳᠠᠷᠤᠯᠲᠠ ᠦᠨᠳᠦᠷ ᠡᠪᠡᠳᠴᠢᠲᠡᠨ ᠳᠤ ᠲᠤᠰᠠᠯᠠᠬᠤ ᠦᠢᠯᠡᠳᠦᠯ ᠦᠵᠡᠭᠦᠯᠳᠡᠭ᠂ ᠲᠡᠭᠦᠨ ᠳᠤ ᠲᠦᠰᠢᠭᠯᠡᠵᠦ ᠪᠤᠯᠬᠤ ᠦᠭᠡᠢ᠃          2. ᠼᠤ᠋ ᠪᠠᠨ ᠪᠤᠴᠠᠯᠭᠠᠵᠤ ᠪᠤᠯᠬᠤ ᠦᠭᠡᠢ᠂ ᠪᠤᠴᠠᠯᠭᠠᠪᠠᠯ ᠦᠢᠯᠡᠳᠦᠯ ᠪᠠᠭᠤᠷᠠᠳᠠᠭ᠃          3. ᠼᠤ᠋ ᠳᠤ ᠳᠡᠪᠲᠦᠭᠡᠭᠰᠡᠨ ᠰᠠᠷᠢᠮᠰᠠᠭ ᠢ ᠤᠷᠲᠤ ᠬᠤᠭᠤᠴᠠᠭ᠎ᠠ ᠢᠳᠡᠵᠦ ᠪᠤᠯᠤᠨ᠎ᠠ᠂ ᠭᠡᠪᠡᠴᠦ ᠡᠳᠦᠷ ᠪᠦᠷᠢ ᠬᠡᠲᠤ ᠠᠷᠪᠢᠨ ᠢᠳᠡᠵᠦ ᠪᠤᠯᠬᠤ ᠦᠭᠡᠢ᠂ ᠨᠢᠭᠡ ᠠᠴᠠ ᠬᠤᠶᠠᠷ ᠰᠢᠳᠦ ᠢᠳᠡᠪᠡᠯ ᠪᠤᠯᠴᠢᠬᠠᠨ᠎ᠠ᠃                                               ᠴᠡᠭᠡᠷ ᠬᠢᠭᠡᠳ ᠵᠠᠰᠠᠯ᠄        ᠰᠤᠩᠬᠢᠨ᠎ᠡ ᠰᠠᠷᠢᠮᠰᠠᠭ ᠢ ᠭᠠᠯ ᠳᠤ ᠬᠢᠬᠦ ᠶᠢ ᠴᠡᠭᠡᠷᠯᠡᠨ᠎ᠡ᠃          ᠨᠢᠳᠦᠨ ᠤ ᠡᠪᠡᠳᠴᠢᠲᠡᠨ ᠰᠠᠷᠢᠮᠰᠠᠭ ᠢᠳᠡᠬᠦ ᠶᠢ ᠴᠡᠭᠡᠷᠯᠡᠨ᠎ᠡ᠃          ᠭᠠᠭᠴᠠ ᠲᠤᠯᠤᠭᠠᠶᠢᠲᠤ ᠰᠠᠷᠢᠮᠰᠠᠭ ᠤᠨ ᠰᠦᠮᠦᠰᠦ ᠶᠢ ᠬᠠᠮᠠᠷ ᠲᠤ ᠪᠠᠨ ᠳᠤᠰᠤᠭᠠᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃          ᠰᠠᠷᠢᠮᠰᠠᠭ ᠢ ᠬᠡᠷᠴᠢᠭᠡᠳ ᠴᠠᠢ ᠪᠠᠷ ᠳᠠᠷᠤᠭᠤᠯᠵᠤ ᠤᠤᠭᠤᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃  
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号