ᠬᠤᠳᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠤᠭᠤᠷᠪᠢᠬᠤ ᠠᠵᠢᠯ ᠤᠨ ᠲᠤᠭᠤᠶᠢᠯᠠᠩ ᠤᠨ ᠠᠩᠬᠠᠳᠣᠭᠠᠷ ᠪᠦᠬᠦᠳᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/4/13
     4 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠤᠭᠤᠷᠪᠢᠬᠤ ᠠᠵᠢᠯ ᠤᠨ ᠲᠤᠭᠤᠶᠢᠯᠠᠩ ᠤᠨ ᠠᠩᠬᠠᠳᠣᠭᠠᠷ ᠪᠦᠬᠦᠳᠡ ᠬᠤᠷᠠᠯ ᠬᠤᠷᠠᠯᠳᠣᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠠᠩ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠬᠤᠤ ᠰᠢ ᠬᠤᠩ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠳᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ  ᠢᠶᠠᠨ ᠲᠤᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠠᠴᠠ ᠰᠤᠷᠭᠠᠨ ᠬᠥᠮᠦᠵᠢᠯ ᠢ ᠦᠵᠡᠬᠦ᠂ ᠠᠷᠠᠳ ᠤᠨ ᠠᠮᠢᠳᠤᠷᠠᠯ ᠤᠨ ᠲᠠᠯ᠎ᠠ ᠠᠴᠠ ᠰᠤᠷᠭᠠᠨ ᠬᠥᠮᠦᠵᠢᠯ ᠢ ᠠᠳᠬᠤᠬᠤ᠂ ᠵᠢᠮ᠎ᠡ ᠶᠣᠰᠣᠨ ᠤ ᠲᠠᠯ᠎ᠠ ᠠᠴᠠ ᠰᠤᠷᠭᠠᠨ ᠬᠥᠮᠦᠵᠢᠯ ᠢ ᠡᠷᠬᠢᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠶᠢ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠬᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠦᠯᠦᠪᠯᠡᠨ ᠲᠥᠯᠥᠪᠵᠢᠭᠦᠯᠬᠦ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠰᠤᠷᠭᠠᠨ ᠬᠥᠮᠦᠵᠢᠯ ᠤᠨ ᠬᠦᠷᠢᠶᠡᠨ ᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠬᠦ ᠬᠡᠷᠡᠭᠲᠡᠶ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠰᠤᠷᠤᠯᠭ᠎ᠠ ᠶᠢᠨ ᠱᠠᠲᠤᠨ ᠤ ᠬᠠᠷᠢᠯᠴᠠᠨ ᠵᠣᠯᠭᠠᠯᠳᠤᠭᠰᠠᠨ᠂ ᠵᠣᠬᠢᠴᠠᠩᠭᠤᠢ ᠪᠠᠷ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠨᠥᠯᠥᠭᠡ ᠤᠴᠠᠷᠠᠭᠤᠯᠵᠤ ᠮᠡᠳᠡᠬᠦ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠢᠯᠭᠠᠬᠤ ᠬᠡᠷᠡᠭᠲᠡᠶ᠃ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠲᠤᠬᠠᠶ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠤᠭᠤᠷᠪᠢᠬᠤ ᠠᠵᠢᠯ ᠢᠶᠠᠨ ᠬᠢᠨᠠᠮᠠᠭᠠᠶ ᠰᠠᠶᠢᠲᠤᠷ ᠬᠢᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠪᠠᠲᠤᠯᠠᠭ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠠᠵᠢᠯ ᠢᠶᠠᠨ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠪᠠ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号