ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠬᠠᠢ ᠬᠤᠳᠠ ᠳᠤ ᠠᠷᠪᠠ ᠶᠢᠰᠦᠳᠦᠭᠡᠷ ᠪᠦᠯᠦᠭ ᠤᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢᠨ 2 ᠬᠡᠷᠡᠭ ᠢ ᠲᠤᠰᠢᠶᠠᠨ ᠰᠢᠢᠳᠪᠦᠷᠢᠯᠡᠭᠦᠯᠪᠡ
ᠨᠡᠶᠢᠲᠡᠯᠡᠭᠰᠡᠨ ᠴᠠᠭ᠄
2022/4/14
     4 ᠰᠠᠷ᠎ᠠ ᠶᠢᠨ 13 ᠤ ᠡᠳᠦᠷ᠂ ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠦᠬᠠᠢ ᠬᠤᠳᠠ ᠳᠤ ᠠᠷᠪᠠ ᠶᠢᠰᠦᠳᠦᠭᠡᠷ ᠪᠦᠯᠦᠭ ᠤᠨ ᠣᠷᠴᠢᠨ ᠲᠤᠭᠤᠷᠢᠨ ᠤ ᠬᠦᠷᠢᠶᠡᠨ ᠳᠠᠬᠢ ᠣᠯᠠᠨ ᠲᠦᠮᠡᠨ ᠳᠤ ᠬᠤᠯᠪᠣᠭᠳᠠᠭᠰᠠᠨ ᠢᠯᠡᠴᠢᠯᠡᠨ ᠮᠡᠳᠡᠭᠦᠯᠦᠭᠰᠡᠨ 2 ᠬᠡᠷᠡᠭ ᠢ ᠲᠤᠰᠢᠶᠠᠨ ᠰᠢᠢᠳᠪᠦᠷᠢᠯᠡᠭᠦᠯᠪᠡ᠂ ᠡᠭᠦᠨ ᠳᠤ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠡᠷᠡᠭ ᠨᠢ 1 ᠬᠡᠷᠡᠭ ᠪᠤᠯᠤᠨ᠎ᠠ᠃ ᠲᠤᠭ᠎ᠠ ᠬᠡᠮᠵᠢᠶ᠎ᠡ ᠪᠠᠷ ᠨᠢ ᠵᠢᠭᠰᠠᠭᠠᠪᠠᠯ᠂ ᠤᠳᠠ ᠲᠣᠭᠤᠷᠢᠭ ᠲᠤ 1 ᠬᠡᠷᠡᠭ᠂ ᠬᠠᠶᠢᠷᠤᠪ ᠤᠨ ᠲᠤᠬᠤᠢ ᠲᠣᠭᠤᠷᠢᠭ ᠲᠤ 1ᠬᠡᠷᠡᠭ ᠪᠣᠶ᠃ ᠪᠣᠬᠢᠷᠲᠤᠯ ᠤᠨ ᠲᠥᠷᠥᠯ ᠵᠦᠢᠯ ᠢᠶᠠᠷ ᠨᠢ ︵ᠬᠡᠰᠡᠭ ᠬᠡᠷᠡᠭ ᠨᠢ ᠣᠯᠠᠨ ᠲᠥᠷᠥᠯ ᠤᠨ ᠪᠣᠬᠢᠷᠲᠤᠯ ᠳᠤ ᠬᠤᠯᠪᠣᠭᠳᠠᠨ᠎ᠠ︶ ᠬᠤᠪᠢᠶᠠᠪᠠᠯ᠂ ᠠᠭᠠᠷ ᠮᠠᠨᠳᠠᠯ ᠤᠨ ᠪᠣᠬᠢᠷᠲᠤᠯ ᠳᠤ ᠬᠤᠯᠪᠤᠭᠳᠠᠬᠤ 1 ᠬᠡᠷᠡᠭ᠂ ᠤᠰᠤᠨ ᠤ ᠪᠣᠬᠢᠷᠲᠤᠯ ᠳᠤ ᠬᠤᠯᠪᠤᠭᠳᠠᠬᠤ 2 ᠬᠡᠷᠡᠭ᠂ ᠬᠥᠷᠥᠰᠥ ᠰᠢᠷᠣᠶ ᠶᠢᠨ ᠪᠣᠬᠢᠷᠲᠤᠯ ᠳᠤ ᠬᠤᠯᠪᠣᠭᠳᠠᠬᠤ 1 ᠭᠡᠷᠡᠭ ᠪᠤᠢ᠃ ᠳᠡᠭᠡᠷᠡᠬᠢ ᠬᠡᠷᠡᠭ ᠤᠳ ᠢ ᠨᠢᠭᠡᠨᠲᠡ ᠣᠳᠠ ᠲᠤᠭᠤᠷᠢᠭ᠂ ᠬᠠᠶᠢᠷᠣᠪ  ᠤᠨ ᠲᠤᠬᠤᠢ ᠲᠣᠭᠤᠷᠢᠭ ᠲᠤ ᠰᠢᠯᠵᠢᠭᠦᠯᠦᠨ ᠰᠢᠢᠳᠪᠦᠷᠢᠯᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号