ᠲᠠᠩ ᠢ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 26 ᠳ᠋ᠤᠭᠠᠷ ᠣᠳᠠᠭᠠᠨ ᠤ ᠬᠤᠷᠠᠯ ᠢ ᠡᠷᠭᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/4/14
     4 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 26 ᠳ᠋ᠤᠭᠠᠷ ᠣᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠳᠠᠯᠤᠨ ᠰᠤᠳᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠳᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠯᠢ ᠠᠩ᠂ ᠵᠢᠶᠠ ᠴᠢᠩ ᠳ᠋ᠦᠩ᠂ ᠰᠦᠨ ᠬᠤᠤ᠂ ᠯᠢ ᠴᠦᠨ ᠰᠢᠶᠤᠤ᠂ ᠯᠢ ᠳ᠋ᠦᠩ᠂ ᠮᠧᠩ ᠫᠸᠢ ᠶᠦᠨ᠂ ᠬᠤᠤ ᠰᠢ ᠬᠤᠩ᠂ ᠮᠤᠤ ᠵᠧᠨ ᠬᠠᠶ ᠬᠤᠷᠠᠯ ᠳᠤ ᠣᠷᠣᠯᠴᠠᠪᠠ᠃      ᠲᠠᠩ ᠢ ᠵᠢᠭᠠᠵᠤ ᠭᠠᠷᠭᠠᠭᠰᠠᠨ ᠨᠢ᠂ ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠳᠤ ᠬᠠᠯᠳᠠᠪᠤᠷᠢᠯᠠᠬᠤ ᠠᠷᠭ᠎ᠠ ᠵᠠᠮ ᠣᠯᠠᠨ᠂ ᠲᠠᠷᠬᠠᠬᠤ ᠬᠤᠷᠳᠤᠴᠠ ᠲᠦᠷᠭᠡᠨ᠂ ᠨᠢᠭᠤᠭᠳᠠᠮᠠᠯ ᠴᠢᠨᠠᠷ ᠢᠶᠠᠷ ᠴᠢᠩᠭ᠎ᠠ ᠵᠡᠷᠭᠡ ᠣᠨᠴᠠᠯᠢᠭ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠃ ᠮᠠᠨ ᠤ ᠬᠤᠲᠠ ᠳᠤ ᠰᠢᠨ᠎ᠡ ᠲᠢᠳᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠲᠠᠢ ᠬᠥᠮᠦᠨ ᠢᠯᠡᠷᠡᠵᠦ᠂ ᠪᠢᠳᠡᠨ ᠳᠤ ᠳᠠᠬᠢᠨᠲᠠ ᠰᠡᠷᠡᠮᠵᠢ ᠶᠢᠨ ᠳᠣᠬᠢᠶ᠎ᠠ ᠥᠭᠪᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ᠂ ᠲᠦᠷᠭᠡᠨ᠂ ᠪᠣᠳᠠᠲᠠᠶ ᠪᠠᠷ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠦᠨᠡᠨ ᠬᠦ ᠨᠢᠭᠲᠠ ᠪᠥᠭᠡᠳ ᠪᠠᠲᠤ ᠰᠦᠯᠵᠢᠵᠦ᠂ ᠬᠢᠵᠢᠭ ᠤᠨ ᠪᠠᠶᠢᠳᠠᠯ ᠤᠨ ᠲᠠᠷᠬᠠᠬᠤ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠡᠢ᠃      ᠲᠠᠩ ᠢ ᠴᠢᠬᠤᠯᠠᠴᠢᠯᠠᠭᠰᠠᠨ ᠨᠢ᠂ ᠲᠦᠷᠭᠡᠨ ᠬᠥᠳᠡᠯᠦᠯᠴᠡᠵᠦ᠂ ᠲᠠᠬᠤᠯ ᠡᠪᠡᠳᠴᠢᠨ ᠤ ᠰᠣᠳᠣᠯᠣᠯ ᠤᠨ ᠪᠠᠶᠢᠴᠠᠭᠠᠯᠳᠠ ᠪᠠᠷ ᠡᠬᠢ ᠡᠭᠦᠰᠦᠯ ᠢ ᠨᠢ ᠥᠨᠳᠥᠷ ᠪᠦᠲᠦᠮᠵᠢᠲᠡᠶ ᠪᠠᠷ ᠡᠷᠢᠵᠦ᠂ ᠰᠢᠭᠤᠳ ᠤᠶᠢᠷᠠᠳᠣᠭᠰᠠᠨ᠂ ᠲᠠᠮ  ᠢᠶᠠᠷ ᠣᠶᠢᠷᠠᠳᠣᠭᠰᠠᠨ ᠬᠥᠮᠦᠰ ᠲᠤ ᠣᠨᠣᠪᠴᠢᠲᠠᠶ ᠪᠠᠶᠢᠷᠢ ᠲᠣᠭᠲᠠᠭᠠᠯᠲᠠ ᠬᠢᠵᠦ᠂ ᠣᠨᠣᠪᠴᠢᠲᠠᠶ ᠰᠢᠭᠰᠢᠨ ᠪᠠᠶᠢᠴᠠᠭᠠᠵᠤ᠂ ᠣᠨᠣᠪᠴᠢᠲᠠᠶ ᠬᠠᠮᠢᠶᠠᠷᠤᠨ ᠡᠵᠡᠮᠳᠡᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠬᠢᠵᠢᠭ ᠤᠨ ᠪᠠᠶᠢᠳᠠᠯ ᠤᠨ ᠲᠠᠷᠬᠠᠯᠲᠠ ᠶᠢ ᠡᠷᠡᠰ ᠬᠤᠷᠢᠭᠯᠠᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠡᠯ᠎ᠡ ᠵᠦᠢᠯ ᠤᠨ ᠠᠵᠢᠯ ᠤᠨ ᠲᠥᠰᠦᠯ ᠢᠶᠠᠨ ᠳᠠᠬᠢᠨ ᠡᠮᠬᠢᠯᠡᠨ ᠲᠡᠭᠦᠯᠳᠡᠷᠵᠢᠭᠦᠯᠵᠦ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠯ᠎ᠡ ᠵᠦᠢᠯ ᠤᠨ ᠠᠵᠢᠯ ᠢᠶᠠᠨ ᠲᠦᠷᠭᠡᠨ ᠮᠥᠷᠲᠡᠭᠡᠨ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠨᠠᠷᠢᠨ ᠨᠢᠮᠪᠠᠶ ᠰᠤᠳᠤᠯᠤᠨ ᠮᠠᠭᠠᠳᠯᠠᠵᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠮᠡᠷᠭᠡᠵᠢᠯ ᠤᠨ ᠳᠠᠪᠠᠭᠤᠯᠢᠭ ᠢ ᠨᠢ ᠬᠦᠢᠴᠡᠳ ᠪᠠᠳᠠᠷᠠᠭᠤᠯᠤᠨ᠂ ᠨᠠᠩ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠪᠣᠯᠭᠤᠮᠵᠢᠲᠠᠶ ᠠᠪᠴᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ ᠪᠥᠭᠡᠳ ᠲᠤᠰᠠᠲᠠᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠵᠦ᠂ ᠳᠡᠭᠡᠭᠰᠢ ᠮᠡᠳᠡᠬᠦᠯᠵᠦ ᠳᠣᠷᠣᠭᠰᠢ ᠣᠯᠠᠮᠵᠢᠯᠠᠬᠤ᠂ ᠣᠯᠠᠨ ᠲᠠᠯ᠎ᠠ ᠪᠠᠷ ᠨᠡᠪᠲᠡᠷᠡᠯᠴᠡᠬᠦ ᠶᠢ ᠰᠠᠶᠢᠲᠤᠷ ᠬᠢᠵᠦ᠂ ᠡᠷᠬᠡ ᠰᠦᠷᠲᠦ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢᠶᠠᠨ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠵᠠᠷᠴᠢᠮ ᠢ ᠪᠠᠷᠢᠮᠲᠠᠯᠠᠨ ᠤᠨᠢᠨ ᠳᠡᠭᠡᠷ᠎ᠡ ᠨᠢ ᠵᠠᠰᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠶᠢᠨ ᠬᠠᠮᠲᠤ ᠰᠢᠨ᠎ᠡ ᠸᠠᠺᠼᠢᠨ ᠤ ᠲᠠᠷᠢᠯᠭ᠎ᠠ ᠶᠢ ᠲᠦᠷᠭᠡᠨ ᠠᠬᠢᠭᠤᠯᠵᠤ᠂ ᠦᠯᠦ ᠬᠠᠯᠳᠠᠭᠠᠬᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠴᠢᠩᠭ᠎ᠠ ᠬᠠᠮᠢᠶᠠᠷᠤᠨ ᠡᠵᠡᠮᠳᠡᠵᠦ᠂ ᠵᠠᠬ᠎ᠠ ᠳᠡᠯᠭᠡᠭᠦᠷ ᠲᠤ ᠣᠷᠣᠬᠤ ᠪᠣᠭᠤᠮᠲᠠ ᠶᠢ ᠡᠷᠡᠰ ᠰᠠᠶᠢᠲᠤᠷ ᠡᠵᠡᠮᠳᠡᠵᠦ᠂ ᠭᠤᠤᠯᠳᠠᠯᠭ᠎ᠠ ᠲᠠᠢ ᠭᠠᠵᠠᠷ ᠲᠠᠯᠠᠪᠤᠷ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠬᠠᠮᠲᠤᠯᠢᠭ ᠪᠠ ᠨᠡᠶᠢᠭᠡᠮ ᠤᠨ ᠲᠠᠯ᠎ᠠ ᠶᠢᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠪᠥᠭᠡᠮ ᠬᠦᠴᠢᠯ ᠤᠨ ᠭᠡᠷᠡᠴᠢᠯᠡᠯ ᠢ ᠪᠠᠶᠢᠴᠠᠭᠠᠨ ᠰᠢᠯᠭᠠᠬᠤ ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠺᠤᠳ᠋ ᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠡᠷᠲᠡ ᠢᠯᠡᠷᠡᠭᠦᠯᠬᠦ︾ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠠᠳᠠᠭᠠᠳᠤ ᠠᠴᠠ ᠬᠠᠯᠳᠠᠪᠤᠷᠢᠯᠠᠨ ᠣᠷᠣᠵᠣ ᠢᠷᠡᠬᠦ ᠰᠡᠷᠭᠡᠶᠢᠯᠡᠯᠲᠡ ᠶᠢᠨ ᠱᠤᠭᠤᠮ ᠢ ᠨᠢᠭᠲᠠ ᠴᠢᠩᠭ᠎ᠠ ᠪᠠᠬᠢᠵᠢᠭᠦᠯᠬᠦ ᠬᠡᠷᠡᠭᠲᠡᠶ᠃ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠲᠠ᠂ ᠲᠣᠭᠤᠷᠢᠭ ᠬᠤᠶᠠᠷ ᠱᠠᠲᠤᠨ ᠤ ᠵᠢᠯᠣᠭᠤᠳᠬᠤ ᠭᠠᠵᠠᠷ ᠤᠨ ᠬᠢᠨ ᠳᠣᠭᠢᠷᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠠᠵᠢᠯᠯᠠᠬᠤ ᠳᠤᠭᠤᠶᠢᠯᠠᠩ᠂ ᠠᠵᠢᠯ ᠤᠨ ᠲᠤᠰᠬᠠᠶ ᠪᠠᠭ ᠤᠨ ᠬᠢᠨ ᠥᠨᠳᠥᠷ ᠪᠦᠲᠦᠮᠵᠢᠲᠡᠶ ᠪᠠᠷ ᠠᠵᠢᠯᠯᠠᠵᠤ᠂ ᠵᠣᠬᠢᠴᠠᠭᠤᠯᠤᠨ ᠬᠠᠮᠵᠢᠯᠴᠠᠵᠤ᠂ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠠᠵᠢᠯ ᠢᠶᠠᠨ ᠰᠠᠶᠢᠲᠤᠷ ᠬᠢᠵᠦ᠂ ᠠᠷᠭ᠎ᠠ ᠬᠡᠮᠵᠢᠶ᠎ᠡ ᠪᠠᠨ ᠴᠢᠩᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠨᠡᠨ ᠬᠦ ᠴᠢᠩᠭ᠎ᠠ ᠠᠴᠠ ᠴᠢᠩᠭ᠎ᠠ ᠪᠣᠳᠠᠲᠠᠶ ᠠᠴᠠ ᠪᠣᠳᠠᠲᠠᠶ ᠪᠠᠷ ᠠᠳᠬᠤᠬᠤ ᠬᠡᠷᠡᠭᠲᠡᠶ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号