ᠬᠤᠳᠠ ᠶᠢᠨ ᠵᠠᠰᠠᠭ ᠤᠨ ᠣᠷᠳᠣᠨ ᠤ 2022 ᠣᠨ ᠤ ᠠᠷᠪᠠᠳᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/14
     4 ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠤ ᠨᠠᠶᠢᠳᠠᠯᠭ᠎ᠠ ᠪᠠᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠳᠠ ᠶᠢᠨ ᠳᠠᠷᠤᠭ᠎ᠠ ᠵᠢᠶᠠ ᠴᠢᠩ ᠳ᠋ᠦᠩ ᠬᠤᠳᠠ ᠶᠢᠨ ᠵᠠᠰᠠᠭ ᠤᠨ ᠣᠷᠳᠣᠨ ᠤ 2022 ᠣᠨ ᠤ 10 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠢᠢᠷ᠎ᠠ ᠶᠢᠨ ᠬᠤᠭᠤᠴᠠᠭᠠᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠣᠯᠤᠨ ᠱᠢ ᠲᠠᠢ ᠹᠧᠩ ᠱᠦᠵᠢ᠂ ᠸᠠᠩ ᠯᠢ ᠰᠢᠶᠠ ᠲᠡᠷᠢᠭᠦᠯᠡᠭᠴᠢ ᠶᠢᠨ ᠬᠤᠯᠪᠤᠭᠳᠠᠯ ᠪᠦᠬᠦᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠬᠤᠯᠪᠤᠭᠳᠠᠯ ᠪᠦᠬᠦᠢ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠬᠦᠯᠢᠶᠡᠬᠦ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ︾ ︽ᠨᠢᠭᠡ ᠬᠡᠷᠡᠭ ᠲᠤ ᠨᠢᠭᠡ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠬᠡᠷᠡᠭ ᠲᠤ ᠴᠡᠭᠴᠡᠯᠡᠨ ᠰᠠᠶᠢᠵᠢᠷᠠᠭᠤᠯᠬᠤ ᠲᠥᠰᠦᠯ  ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠪᠡᠶᠡᠯᠡᠭᠦᠯᠬᠦ ᠴᠠᠭ ᠤᠨ ᠬᠢᠵᠠᠭᠠᠷ ᠢᠶᠠᠨ ᠲᠣᠳᠣᠷᠬᠠᠶᠢᠯᠠᠵᠤ᠂ ᠵᠦᠭᠡᠷ ᠲᠠᠯᠪᠢᠬᠤ ᠥᠬᠡᠶ ᠵᠣᠷᠢᠭ ᠰᠠᠨᠠᠭ᠎ᠠ ᠪᠠ ︽ᠠᠯᠳᠠᠭ᠎ᠠ ᠭᠠᠷᠭᠠᠬᠤ ᠥᠬᠡᠶ︾ ᠣᠪᠣᠷ ᠢᠶᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠶ᠂ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠴᠡᠭᠴᠡᠯᠡᠨ ᠰᠠᠶᠢᠵᠢᠷᠠᠭᠤᠯᠵᠤ᠂ ᠳᠦᠷᠦᠯ ᠬᠤᠪᠢᠶᠠᠨ ᠳᠦᠷᠦ ᠶᠢᠨ ᠪᠤᠳᠤᠯᠭ᠎ᠠ ᠬᠡᠷᠡᠭᠵᠢᠭᠦᠯᠵᠦ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠠᠰᠠᠭᠤᠳᠠᠯ ᠢ ᠬᠠᠮᠤᠭ ᠤᠨ ᠲᠡᠷᠢᠭᠦᠨ ᠳᠤ ᠬᠠᠷᠢᠭᠤᠴᠠᠯᠭ᠎ᠠ ᠶᠢ ᠨᠢ ᠲᠣᠳᠣᠷᠬᠠᠶᠢᠯᠠᠵᠤ᠂ ᠬᠠᠮᠤᠭ ᠤᠨ ᠲᠡᠷᠢᠭᠦᠨ ᠳᠤ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ ᠬᠠᠮᠤᠭ ᠤᠨ ᠲᠡᠷᠢᠭᠦᠨ ᠳᠤ ᠵᠠᠳᠠᠯᠤᠨ ᠰᠤᠳᠤᠯᠵᠤ ᠮᠠᠭᠠᠳᠯᠠᠵᠤ᠂ ᠬᠠᠮᠤᠭ ᠤᠨ ᠲᠡᠷᠢᠭᠦᠨ ᠳᠤ ᠵᠣᠬᠢᠶᠠᠨ ᠪᠠᠶᠢᠭᠤᠯᠤᠨ ᠴᠡᠭᠴᠡᠯᠡᠨ ᠰᠠᠶᠢᠵᠢᠷᠠᠭᠤᠯᠵᠤ᠂ ᠬᠠᠮᠤᠭ ᠤᠨ ᠲᠡᠷᠢᠭᠦᠨ ᠳᠤ ᠬᠠᠷᠢᠭᠤ ᠲᠤᠰᠬᠠᠵᠤ ᠳᠡᠭᠡᠭᠰᠢ ᠮᠡᠳᠡᠭᠦᠯᠵᠦ᠂ ︽ᠪᠦᠬᠦᠨ ᠢ ᠬᠠᠭᠠᠵᠤ ᠵᠣᠭᠰᠣᠭᠠᠬᠤ︾ ︽ᠤᠷᠢᠳᠠᠪᠠᠷ ᠵᠣᠭᠰᠣᠭᠠᠵᠤ ᠪᠠᠶᠢᠭᠠᠳ ᠮᠡᠳᠡᠬᠦ︾ ᠵᠡᠷᠭᠡ ᠠᠷᠭᠠᠴᠠᠭᠠᠬᠤ ᠠᠷᠭ᠎ᠠ ᠶᠢ ᠡᠷᠡᠰ ᠬᠤᠷᠢᠭᠯᠠᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠰᠢᠯᠢᠳᠡᠭᠵᠢᠭᠦᠯᠬᠦ ᠶᠢ ︽ᠵᠠᠮ ᠢ ᠵᠠᠰᠠᠬᠤ︾ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠨᠠᠭᠰᠢᠳᠠ ᠴᠢᠩᠭᠠᠳᠬᠠᠵᠤ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠠᠴᠠ ᠠᠴᠠ ᠬᠡᠲᠦᠷᠡᠭᠰᠡᠨ ᠬᠡᠮᠵᠢᠶ᠎ᠡ ᠠᠴᠠ ᠬᠡᠲᠦᠷᠡᠭᠰᠡᠨ ᠢ ᠵᠠᠰᠠᠬᠤ ᠵᠡᠷᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︽ᠲᠠᠷᠠᠬᠠᠢ ᠪᠤᠲᠠᠷᠬᠠᠢ ᠶᠢ ᠲᠦᠪᠯᠡᠷᠡᠩᠬᠦᠢ ᠪᠣᠯᠭᠠᠨ ᠥᠭᠡᠷᠡᠴᠢᠯᠡᠬᠦ︾ ︽ᠴᠠᠶᠢᠶ᠋ᠢᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ︽ᠴᠠᠶᠢᠶ᠋ᠢᠦ ᠶᠢ ᠤᠰᠤᠲᠥ᠋ᠷᠥᠭᠴᠢ ᠪᠣᠯᠭᠠᠨ ᠥᠭᠡᠷᠡᠴᠢᠯᠡᠬᠦ︾ ᠵᠡᠷᠭᠡ ᠪᠣᠬᠢᠷᠲᠤᠯ ᠦᠭᠡᠢ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠶᠡᠬᠡᠪᠡᠷ ᠳᠡᠯᠭᠡᠷᠡᠭᠦᠯᠵᠦ᠂ ᠣᠷᠴᠢᠨ ᠲᠣᠭᠤᠷᠢᠨ ᠳᠤ ᠨᠥᠬᠦᠷᠰᠡᠭ᠂ ᠠᠷᠢᠭᠤᠨ ᠴᠡᠪᠡᠷ ᠲᠤᠤᠷ᠎ᠠ ᠨᠡᠭᠦᠷᠡᠰᠦᠲᠥ᠋ᠷᠥᠭᠴᠢᠲᠤ᠂ ᠡᠷᠴᠢᠮᠯᠢᠭ ᠥᠨᠳᠥᠷ ᠪᠦᠲᠦᠮᠵᠢᠲᠡᠢ ᠪᠣᠬᠢᠷᠲᠤᠯ ᠦᠭᠡᠢ ᠵᠠᠮ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ︽ᠦᠬᠠᠢ ᠬᠤᠳᠠ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ ᠪᠠᠶᠢᠭᠠᠳ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠲᠥᠰᠦᠯ︾ ︽ᠦᠬᠠᠢ ᠬᠤᠳᠠ ᠶᠢᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠰᠢᠯᠢᠳᠡᠭᠵᠢᠭᠦᠯᠵᠦ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠰᠤᠳᠤᠯᠤᠨ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠪᠠᠰᠠ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠶᠡᠷᠦᠩᠬᠡᠶᠢᠯᠡᠨ ᠵᠠᠰᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠲᠠᠯᠠᠪᠤᠷ ᠢ ᠥᠭᠡᠷᠡᠴᠢᠯᠡᠬᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠢ ᠨᠡᠭᠦᠯᠭᠡᠨ ᠪᠠᠶᠢᠭᠤᠯᠬᠤ ᠵᠡᠷᠭᠡ ᠵᠦᠢᠯᠡᠰ ᠢ ᠰᠤᠳᠤᠯᠵᠠᠢ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号