ᠲᠠᠩ ᠢ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠰᠢᠢᠳᠪᠦᠷᠢᠯᠡᠭᠦᠯᠪᠡ
ᠨᠡᠶᠢᠲᠡᠯᠡᠭᠰᠡᠨ ᠴᠠᠭ᠄
2022/4/15
     4 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠤᠬᠤᠢ ᠲᠣᠭᠤᠷᠢᠭ ᠪᠣᠯᠤᠨ ᠤᠳᠠ ᠲᠣᠭᠤᠷᠢᠭ ᠲᠤ ᠭᠦᠨᠵᠡᠭᠡᠶᠢᠷᠡᠵᠦ᠂ ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠰᠢᠢᠳᠪᠦᠷᠢᠯᠡᠭᠦᠯᠪᠡ᠃ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ ᠂ ᠰᠦᠨ ᠬᠤᠤ᠂ ᠯᠢ ᠴᠦᠨ ᠰᠢᠶᠤᠤ᠂ ᠴᠢᠶᠣᠤ ᠢᠦᠶ᠂ ᠸᠠᠩ ᠵᠢᠶ ᠫᠢᠩ ᠠᠵᠢᠯᠯᠠᠭ᠎ᠠ ᠳᠤ ᠣᠷᠣᠯᠴᠠᠵᠠᠶ᠃      ᠬᠠᠲᠤᠨ ᠭᠤᠣᠯ ᠠᠵᠤ ᠦᠢᠯᠡᠳᠪᠦᠷᠢ ᠠᠷᠠᠯᠵᠢᠶᠠᠨ ᠤ ᠴᠡᠭᠡᠯ ᠠᠭᠤᠯᠠᠨ ᠤ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ ᠳᠤ᠂ ᠤᠯᠠᠨ ᠲᠦᠮᠡᠨ ᠤ ᠲᠤᠰᠬᠠᠭᠰᠠᠨ ᠤᠲᠤᠭ᠎ᠠ ᠬᠡᠢ ᠶᠢᠨ ᠭᠠᠳᠠᠭᠰᠢᠯᠠᠭᠤᠯᠤᠯᠲᠠ ᠶᠢᠨ ᠬᠡᠪ ᠤᠨ ᠪᠤᠰᠤ ᠠᠰᠠᠭᠤᠳᠠᠯ ᠳᠤ ᠴᠢᠭᠯᠡᠭᠦᠯᠦᠨ᠂ ᠲᠠᠩ ᠢ ᠦᠢᠯᠡᠳᠪᠦᠷᠢ ᠶᠢᠨ ᠲᠣᠭᠤᠷᠢᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠪᠣᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠨᠢᠭᠲᠠ ᠯᠠᠪᠯᠠᠨ ᠠᠰᠠᠭᠤᠪᠠ᠃ ᠲᠤᠰ ᠺᠣᠮᠫᠠᠨᠢ ᠤᠯᠠᠨ ᠤᠳᠠᠭ᠎ᠠ ᠬᠢᠨᠠᠨ ᠬᠠᠮᠢᠶᠠᠷᠤᠯᠲᠠ ᠶᠢᠨ ᠰᠢᠳᠬᠡᠯ ᠣᠯᠤᠭᠰᠠᠨ ᠪᠣᠯᠪᠠᠴᠤ ᠭᠡᠭᠡᠭᠳᠡᠮᠡᠯ ᠨᠡᠭᠦᠷᠡᠰᠦᠨ ᠬᠡᠢ ᠯᠡᠪᠡᠷᠡᠬᠦ ᠦᠵᠡᠭᠳᠡᠯ ᠢ ᠪᠦᠲᠦᠮᠵᠢᠲᠡᠢ ᠰᠢᠢᠳᠪᠦᠷᠢᠯᠡᠵᠦ ᠳᠡᠶᠢᠯᠦᠭᠡ ᠦᠭᠡᠢ ᠪᠠᠶᠢᠬᠤ ᠶᠢ ᠣᠶᠢᠯᠠᠭᠠᠭᠰᠠᠨ ᠤ ᠲᠠᠷᠠᠭ᠎ᠠ᠂ ᠲᠠᠩ ᠢ ᠴᠢᠩᠭ᠎ᠠ ᠵᠢᠭᠠᠵᠤ ᠭᠠᠷᠭᠠᠭᠰᠠᠨ ᠨᠢ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠶᠠᠮᠠᠷᠴᠤ ᠵᠥᠪᠳᠡᠯᠴᠡᠬᠦ ᠪᠣᠯᠤᠮᠵᠢ ᠪᠠᠶᠢᠬᠤ ᠦᠭᠡᠢ᠂ ᠲᠣᠷᠭᠠᠭᠤᠯᠢ ᠪᠠᠷ ᠥᠭᠡᠷᠡᠴᠢᠯᠡᠬᠦ ᠶᠢ ᠣᠷᠣᠯᠠᠭᠤᠯᠵᠤ ᠪᠣᠯᠬᠤ ᠦᠭᠡᠢ᠂ ᠨᠡᠩ ᠴᠤ ᠠᠵᠠ ᠵᠠᠪᠰᠢᠶᠠᠨ ᠢ ᠡᠷᠢᠬᠦ ᠪᠤᠳᠤᠯ ᠢᠶᠠᠷ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠳᠤ ᠬᠠᠨᠳᠤᠵᠤ ᠪᠣᠯᠬᠤ ᠦᠭᠡᠢ᠃ ᠠᠵᠤ ᠠᠬᠤᠶᠢᠯᠠᠯ ᠤᠳ ᠠᠷᠠᠳ ᠤᠯᠠᠨ ᠤ ᠠᠰᠢᠭ ᠲᠤᠰᠠ ᠶᠢ ᠠᠯᠢᠪᠠ ᠠᠴᠠ ᠳᠡᠭᠡᠭᠦᠷ ᠪᠠᠶᠢᠯᠭᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠣᠪᠣᠷ ᠢᠶᠠᠨ ᠲᠣᠳᠣᠷᠬᠠᠶᠢᠯᠠᠵᠤ᠂ ᠵᠣᠷᠢᠭ ᠰᠢᠭᠤᠳᠴᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠱᠠᠯᠠᠪᠳᠠᠨ ᠲᠣᠭᠲᠠᠭᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢᠶᠠᠨ ᠲᠣᠭᠲᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠠᠵᠢᠯ ᠤᠨ ᠬᠠᠷᠢᠭᠤᠴᠠᠯᠭ᠎ᠠ ᠪᠠᠨ ᠱᠠᠲᠤ ᠱᠠᠲᠤ ᠪᠠᠷ ᠴᠢᠩᠭ᠎ᠠ ᠪᠣᠳᠠᠲᠠᠶᠢᠵᠢᠭᠤᠯᠵᠤ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ ᠢ ᠨᠢ ᠰᠢᠨᠡᠳᠬᠡᠵᠦ᠂ ᠬᠠᠮᠢᠶᠠᠷᠤᠯᠲᠠ ᠶᠢᠨ ᠵᠠᠭᠪᠤᠷ ᠢ ᠨᠢ ᠬᠤᠪᠢᠷᠠᠭᠤᠯᠤᠨ᠂ ᠣᠷᠠᠨ ᠲᠠᠷᠬᠠᠯᠠᠯ ᠤᠨ ᠲᠣᠨᠤᠭ ᠲᠥᠬᠦᠭᠡᠷᠦᠮᠵᠢ ᠶᠢ ᠨᠢ ᠰᠠᠶᠢᠵᠢᠷᠠᠭᠤᠯᠵᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠂ ᠬᠡᠦᠷᠰᠢᠭᠦᠯᠬᠦ ᠠᠵᠤ ᠦᠢᠯᠡᠰ ᠤᠨ ᠪᠣᠬᠢᠷᠲᠤᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠬᠡᠷᠡᠭᠳᠡᠢ ᠬᠡᠵᠡᠢ᠃      ᠤᠳᠠ ᠲᠣᠭᠤᠷᠢᠭ ᠤᠨ ᠬᠤᠩ ᠴᠢᠶᠤᠤ ᠬᠤ᠋ ᠫᠠᠨ ᠵᠢᠭᠤᠯᠴᠢᠯᠠᠯ ᠠᠮᠠᠷᠠᠯᠲᠠ ᠶᠢᠨ ᠺᠣᠮᠫᠠᠨᠢ ᠳᠤ ᠬᠦᠷᠴᠦ᠂ ᠲᠠᠩ ᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠨᠢ ᠨᠠᠷᠢᠨ ᠣᠶᠢᠯᠠᠭᠠᠵᠤ᠂ ᠤᠰᠤ ᠨᠡᠪᠴᠢᠬᠦᠯᠬᠦ ᠬᠤᠳᠳᠤᠭ ᠤᠨ ᠣᠳᠣᠬᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ︽ᠤᠯᠤᠰ ᠤᠨ ᠶᠡᠭᠡ ᠶᠠᠪᠤᠳᠠᠯ︾ ᠤᠨ ᠡᠮᠦᠨ᠎ᠡ᠂ ᠬᠥᠮᠦᠨ ᠪᠦᠬᠦᠨ ᠴᠥᠮ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠨᠠᠷᠢᠨ ᠪᠣᠳᠠᠲᠠᠢ ᠠᠳᠬᠤᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠶᠢ ᠪᠠᠷᠢᠮᠲᠠᠯᠠᠵᠤ᠂ ︽ᠣᠳᠣᠬᠠᠨ ᠤ ᠥᠭᠡᠷᠡᠴᠢᠯᠡᠯᠲᠡ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠪᠠᠷᠠᠬᠤ ᠦᠭᠡᠢ ᠪᠠᠰᠠ ︽ᠤᠷᠳᠤ ᠬᠤᠭᠤᠴᠠᠭ᠎ᠠ ᠪᠠᠷ ᠪᠠᠷᠢᠮᠳᠠᠯᠠᠬᠤ︾ ᠲᠣᠭᠲᠠᠴᠠ ᠶᠢ ᠪᠦᠷᠢᠯᠳᠦᠭᠦᠯᠵᠦ᠂ ᠬᠠᠲᠤᠨ ᠭᠤᠣᠯ ᠤᠨ ᠪᠣᠬᠢᠷᠲᠤᠬᠤ ᠦᠭᠡᠢ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号