ᠲᠠᠩ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/4/15
 

    4 ᠰᠠᠷ᠎ᠠ ᠶᠢᠨ 14 ᠤ ᠤᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ

ᠲᠠᠩ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ᠃ ︵

ᠭᠤᠤ ᠷᠦᠢ ᠫᠧᠩ ᠰᠡᠭᠦᠳᠡᠷᠯᠡᠪᠡ︶

     4 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ

ᠲᠠᠩ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃

ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂

ᠬᠤᠲᠠ ᠶᠢᠨ ᠳᠡᠳ᠋ ᠳᠠᠷᠤᠭ᠎ᠠ ᠬᠤᠤ ᠰᠢ ᠬᠤᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃

     ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠲᠤ᠂ ᠲᠠᠩ ᠢ ᠰᠢᠨ᠎ᠡ ᠲᠢᠳᠢᠮᠯᠢᠭ

ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠭᠡᠢ ᠪᠠ ᠬᠦᠩᠭᠡᠨ ᠡᠪᠡᠳᠴᠢᠲᠡᠨ ᠢ ᠲᠥᠪᠯᠡᠷᠡᠭᠦᠯᠦᠨ

ᠲᠤᠰᠠᠭᠠᠷᠯᠠᠬᠤ ᠭᠠᠵᠠᠷ ᠢ ᠪᠡᠯᠡᠳᠬᠡᠨ ᠪᠠᠶᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ

ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ

ᠬᠡᠴᠡᠭᠦᠦ ᠪᠠᠶᠢᠨ᠎ᠠ᠂ ᠲᠥᠪᠯᠡᠷᠡᠭᠦᠯᠦᠨ ᠲᠤᠰᠠᠭᠠᠷᠯᠠᠬᠤ ᠭᠠᠵᠠᠷ ᠢ ᠪᠠᠶᠢᠭᠤᠯᠬᠤ ᠪᠣᠯ ᠬᠢᠵᠢᠭ ᠤᠨ ᠪᠠᠶᠢᠳᠠᠯ ᠤᠨ

ᠳᠡᠯᠭᠡᠷᠡᠬᠦ ᠶᠢ ᠪᠦᠲᠦᠮᠵᠢᠲᠡᠶ ᠪᠠᠷ ᠬᠤᠷᠢᠭᠯᠠᠬᠤ ᠴᠢᠬᠤᠯᠠ ᠠᠷᠭ᠎ᠠ ᠪᠠᠷᠢᠯ ᠪᠠ ᠵᠠᠩᠭᠢᠯᠠᠭ᠎ᠠ ᠶᠢᠨ ᠭᠤᠭᠴᠤᠭ᠎ᠠ ᠮᠥᠨ᠃

ᠣᠲᠣ ᠶᠢᠨ ᠪᠠᠶᠢᠭ᠎ᠠ ᠡᠬᠢ ᠪᠠᠶᠠᠯᠢᠭ ᠢ ᠬᠦᠢᠴᠡᠳ ᠠᠰᠢᠭᠯᠠᠨ᠂ ᠡᠯ᠎ᠡ ᠲᠠᠯ᠎ᠠ ᠶᠢᠨ ᠬᠦᠴᠦᠨ ᠢᠶᠠᠨ ᠨᠢᠭᠡᠳᠦᠯᠲᠡᠶ

ᠲᠥᠯᠥᠪᠯᠡᠨ ᠳᠣᠭᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠯᠡᠨ᠂ ᠪᠠᠷᠢᠮᠵᠢᠶ᠎ᠠ ᠪᠠᠨ ᠴᠢᠩᠳᠠᠯᠠᠵᠤ᠂ ᠡᠯ᠎ᠡ

ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠠᠯᠠᠪᠤᠷ

ᠭᠠᠵᠠᠷ ᠢ ᠪᠥᠲᠥᠭᠡᠨ ᠪᠠᠶᠢᠭᠤᠯᠵᠤ ᠥᠭᠡᠷᠡᠴᠢᠯᠡᠬᠦ ᠠᠵᠢᠯ ᠢᠶᠠᠨ ᠴᠢᠨᠠᠷ ᠰᠠᠶᠢᠲᠠᠶ᠂ ᠲᠦᠷᠭᠡᠨ ᠬᠤᠷᠳᠤᠴᠠ ᠪᠠᠷ

ᠪᠡᠶᠡᠯᠡᠭᠦᠯᠵᠦ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ

ᠠᠷᠭᠠᠴᠠᠭᠠᠵᠤ ᠠᠪᠤᠷᠠᠨ ᠵᠠᠰᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃

     ᠬᠠᠶᠢᠷᠤᠪ ᠤᠨ ᠲᠤᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤ᠂ ᠲᠠᠩ ᠢ ᠪᠦᠭᠡᠮ

ᠬᠦᠴᠢᠯ ᠤᠨ ᠪᠠᠶᠢᠴᠠᠭᠠᠯᠲᠠ ᠵᠢᠴᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠭᠡᠢ᠂

ᠬᠦᠩᠭᠡᠨ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠬᠤ ᠪᠡᠯᠡᠳᠬᠡᠯ ᠪᠠᠶᠢᠳᠠᠯ ᠤᠨ ᠬᠠᠷᠢᠭᠤ ᠮᠡᠳᠡᠭᠦᠯᠦᠯᠲᠡ ᠶᠢ

ᠰᠣᠨᠣᠰᠪᠠ᠃ ᠲᠡᠷᠡ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ

ᠮᠥᠴᠢᠷ ᠤᠨ ᠬᠢᠨ ᠪᠦᠬᠦ ᠬᠤᠳᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠪᠣᠯᠤᠨ ᠡᠮᠨᠡᠨ

ᠰᠤᠪᠢᠯᠠᠬᠤ ᠬᠦᠴᠦᠨ ᠢᠶᠠᠨ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ

ᠡᠪᠡᠳᠴᠢᠨ ᠤ ᠢᠯᠡᠷᠡᠯ ᠦᠭᠡᠢ᠂ ᠬᠦᠩᠭᠡᠨ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠬᠤ ᠠᠵᠢᠯ ᠤᠨ ᠲᠥᠰᠦᠯ

 ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠪᠥᠬᠦ ᠬᠤᠲᠠ ᠶᠢᠨ ᠡᠯ᠎ᠡ ᠱᠠᠲᠤᠨ ᠤ ᠡᠮᠴᠢᠯᠡᠭᠡᠨ ᠤ

ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠲᠦᠷᠢᠮ ᠢ ᠴᠢᠩᠭ᠎ᠠ

ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠲᠤᠲᠤᠷ᠎ᠠ ᠪᠠᠨ ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ ᠡᠯ᠎ᠡ

ᠵᠦᠢᠯ ᠤᠨ ᠠᠵᠢᠯ ᠢᠶᠠᠨ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠠᠳᠬᠤᠵᠤ᠂ ᠬᠠᠯᠠᠭᠤᠷᠠᠯ ᠤᠨ

ᠡᠭᠦᠳᠡᠨ ᠡᠮᠨᠡᠯᠭᠡ ᠶᠢᠨ ︽ᠬᠠᠷᠠᠭᠤᠯ ᠤᠨ ᠭᠠᠵᠠᠷ︾ ᠤᠨ ᠦᠢᠯᠡᠳᠦᠯ ᠢᠶᠠᠨ ᠴᠢᠩᠭᠠᠳᠬᠠᠨ᠂ ᠡᠮᠨᠡᠯᠭᠡ ᠳᠤ

ᠰᠠᠭᠤᠭᠰᠠᠨ ᠡᠪᠡᠳᠴᠢᠲᠡᠨ ᠵᠢᠴᠢ ᠡᠪᠡᠳᠴᠢᠳᠡᠨ ᠢ ᠰᠣᠪᠢᠯᠠᠬᠤ ᠬᠦᠮᠦᠰ ᠤᠨ ᠬᠠᠮᠢᠶᠠᠷᠤᠯᠲᠠ ᠪᠠᠨ ᠵᠢᠷᠤᠮᠵᠢᠭᠤᠯᠵᠤ᠂

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠯᠠᠨ ᠲᠦᠮᠡᠨ ᠤ ᠬᠡᠪ ᠤᠨ ᠡᠪᠡᠳᠴᠢᠨ

ᠦᠵᠡᠭᠦᠯᠬᠦ ᠬᠡᠷᠡᠭᠴᠡᠭᠡ ᠶᠢ ᠪᠦᠲᠦᠮᠵᠢᠲᠡᠶ ᠪᠠᠲᠤᠯᠠᠬᠤ ᠬᠡᠷᠡᠭᠲᠡᠶ ᠭᠡᠵᠡᠢ᠃

     ︽ᠪᠡᠭᠡᠵᠢᠩ — ᠲᠥᠪᠡᠳ︾ ᠤᠨ ᠲᠡᠭᠡᠲᠤ ᠬᠤᠷᠳᠣᠴᠠᠲᠤ ᠵᠠᠰᠠᠮᠠᠯ ᠵᠠᠮ ᠤᠨ ᠴᠠᠪᠴᠢᠷ ᠳᠠᠬᠢ ᠵᠠᠰᠠᠮᠠᠯ

ᠵᠠᠮ ᠤᠨ ᠪᠠᠶᠢᠴᠠᠭᠠᠨ ᠰᠢᠯᠭᠠᠬᠤ ᠭᠠᠵᠠᠷ ᠲᠤ᠂ ᠲᠠᠩ ᠢ ᠲᠡᠷᠭᠡ ᠬᠥᠰᠬᠡ᠂ ᠠᠵᠢᠯᠲᠠᠨ ᠤ ᠳᠡᠩᠰᠡᠯᠡᠯᠲᠡ᠂

ᠪᠠᠶᠢᠴᠠᠭᠠᠯᠲᠠ ᠵᠢᠴᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ

ᠦᠵᠡᠪᠡ᠃ ᠲᠡᠷᠡ ᠴᠢᠬᠤᠯᠠᠴᠢᠯᠠᠭᠰᠠᠨ ᠨᠢ᠂ ᠵᠠᠮ ᠬᠠᠷᠢᠯᠴᠠᠭᠠᠨ ᠤ ᠪᠣᠭᠤᠮᠲᠠ ᠪᠣᠯ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠣᠷᠣᠨ ᠪᠣᠯᠤᠨ᠎ᠠ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ

᠂ ᠦᠬᠠᠢ ᠳᠤ ᠪᠤᠴᠠᠬᠤ ︵ᠢᠷᠡᠬᠦ︶ ᠬᠥᠮᠦᠰ ᠤᠨ ᠪᠥᠭᠡᠮ ᠬᠦᠴᠢᠯ ᠤᠨ ᠭᠡᠷᠡᠴᠢ ᠶᠢ ᠪᠠᠶᠢᠴᠠᠭᠠᠨ ᠰᠢᠯᠭᠠᠬᠤ᠂

ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠺᠤᠳ᠋ ᠢ ᠪᠠᠶᠢᠴᠠᠭᠠᠨ ᠰᠢᠯᠭᠠᠬᠤ ᠵᠡᠷᠭᠡ ᠠᠷᠭ᠎ᠠ

ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ

ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠵᠠᠬ᠎ᠠ ᠳᠡᠯᠭᠡᠭᠦᠷ ᠲᠤ ᠣᠷᠣᠬᠤ ᠪᠣᠭᠤᠮᠲᠠ ᠶᠢ ᠡᠷᠡᠰ

ᠰᠠᠶᠢᠲᠤᠷ ᠰᠠᠬᠢᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠰᠡᠷᠭᠡᠶᠢᠯᠡᠯᠲᠡ ᠶᠢᠨ ᠱᠣᠭᠤᠮ ᠢ ᠨᠡᠩ

ᠨᠢᠭᠲᠠ ᠨᠡᠩ ᠴᠢᠩᠭ᠎ᠠ ᠪᠠᠲᠤ ᠴᠣᠭᠴᠠᠯᠠᠬᠤ ᠬᠡᠷᠡᠭᠲᠡᠢ᠃ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠤᠨ

ᠬᠠᠮᠠᠭᠠᠯᠠᠯᠲᠠ ᠪᠠᠨ ᠴᠢᠩᠭᠠᠳᠬᠠᠵᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠢ ᠡᠮᠬᠢ ᠵᠢᠷᠤᠮ ᠲᠠᠢ

ᠥᠷᠨᠢᠭᠦᠯᠵᠦ᠂ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠦᠨ᠂ ᠴᠤᠭᠯᠠᠷᠠᠬᠤ ᠶᠢ

ᠪᠠᠭᠠᠰᠬᠠᠵᠤ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠶ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号