ᠬᠤᠲᠠ ᠶᠢᠨ ᠵᠠᠰᠠᠭ ᠤᠨ ᠣᠷᠳᠣᠨ ᠤ 2022 ᠣᠨ ᠤ 11 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/18
     4 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠤ ᠨᠠᠶᠢᠳᠠᠯᠭ᠎ᠠ ᠪᠠᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠲᠠ ᠶᠢᠨ ᠵᠠᠰᠠᠭ ᠤᠨ ᠣᠷᠳᠣᠨ ᠤ 2022 ᠣᠨ ᠤ 11 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠠᠶᠢᠨᠠᠨ ᠮᠤᠵᠢ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠥᠬᠦ ᠤᠯᠤᠰ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠤᠯᠪᠣᠭᠳᠠᠯ ᠪᠥᠬᠦᠶ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠠᠶᠢᠨᠠᠨ ᠮᠤᠵᠢ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠪᠠᠨ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠬᠢᠴᠠ ᠪᠠᠨ ᠲᠦᠷᠭᠡᠳᠬᠡᠵᠦ᠂ ᠨᠢᠭᠡᠨᠲᠡ ᠲᠣᠭᠲᠠᠭᠰᠠᠨ ᠲᠠᠷᠢᠬᠤ ᠡᠭᠦᠷᠭᠡ ᠪᠠᠨ ᠡᠷᠲᠡᠬᠡᠨ ᠪᠡᠶᠡᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠲᠣᠰ ᠤᠳᠠᠭᠠᠨ ᠤ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠠᠮᠢ ᠠᠬᠤᠶ ᠶᠢᠨ ᠣᠷᠴᠢᠨ ᠲᠤᠭᠤᠷᠢᠨ ᠤ ᠲᠣᠪᠤᠶᠢᠮ᠎ᠠ ᠠᠰᠠᠭᠤᠳᠠᠯ ᠢ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠰᠠᠶᠢᠲᠤᠷ ᠰᠢᠢᠳᠪᠦᠷᠢᠯᠡᠵᠦ᠂ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠮᠠᠨ ᠤ ᠬᠤᠳᠠ ᠳᠤ ᠣᠷᠣᠬᠤ ᠪᠣᠭᠤᠮᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠵᠢᠭᠯᠠᠵᠤ᠂ ᠭᠤᠣᠯᠳᠠᠯᠭ᠎ᠠ ᠲᠠᠢ ᠬᠠᠮᠲᠤᠯᠢᠭ ᠪᠣᠯᠤᠨ ᠨᠡᠶᠢᠭᠡᠮ ᠤᠨ ᠲᠠᠯ᠎ᠠ ᠶᠢᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠪᠥᠭᠡᠮ ᠬᠦᠴᠢᠯ ᠤᠨ ᠭᠡᠷᠡᠴᠢ ᠶᠢ ᠪᠠᠶᠢᠴᠠᠭᠠᠨ ᠰᠢᠯᠭᠠᠬᠤ ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠬᠦ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠧᠯᠸᠢᠰ ᠣᠳᠠᠰᠣᠳᠣ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠶ ᠭᠠᠮᠰᠢᠭ ᠠᠴᠠ ᠭᠦᠨᠵᠡᠭᠡᠶ ᠰᠤᠷᠭᠠᠮᠵᠢ ᠠᠪᠴᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠩ ᠢ ᠡᠰᠡᠷᠭᠦᠴᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠤᠬᠠᠮᠰᠠᠷ ᠢ ᠪᠠᠲᠤ ᠪᠤᠶ ᠪᠣᠯᠭᠠᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠠ ᠴᠤᠤᠷᠢᠶᠠᠲᠤᠨ ᠳᠠᠭᠠᠬᠤ ᠲᠣᠭᠲᠠᠴᠠ ᠪᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠭᠲᠠ ᠪᠠᠶᠢᠯᠭᠠᠬᠤ ᠶᠢ ᠦᠨᠡᠨ ᠬᠦ ᠪᠠᠲᠤᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠤᠭᠤᠷᠢᠨ ᠢ ᠪᠤᠢ ᠪᠣᠯᠭᠠᠵᠤ ᠦᠭᠬᠦ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ ᠤᠨ 3.0 ᠬᠡᠪᠯᠡᠯ ᠲᠠᠢ ᠬᠠᠷᠭᠤᠭᠤᠯᠵᠤ᠂ ᠠᠵᠢᠯ ᠤᠨ ᠡᠬᠡ ᠳᠠᠩᠰᠠ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠤᠬᠢᠷᠠᠭᠤᠯᠤᠨ ᠠᠬᠢᠭᠤᠯᠵᠤ᠂ ᠴᠢᠩᠭ᠎ᠠ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠵᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ︽ᠦᠬᠠᠢ ᠬᠤᠳᠠ ᠶᠢᠨ 2022 ᠣᠨ ᠤ ︿ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ﹀ ︿ᠪᠦᠬᠦ ᠬᠤᠳᠠ ᠳᠤ ᠪᠦᠬᠦᠨ ᠢ ᠰᠢᠢᠳᠪᠦᠷᠢᠯᠡᠬᠦ﹀ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ︽ᠦᠬᠠᠢ ᠬᠤᠳᠠ ᠶᠢᠨ ᠪᠠᠶᠢᠭᠠᠯᠢ ᠬᠥᠮᠦᠨ ᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠭᠠᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠵᠡᠷᠭᠡ 4 ᠪᠢᠴᠢᠭ ᠮᠠᠲ᠋ᠧᠷᠢᠶᠠᠯ ᠢ ᠰᠤᠳᠤᠯᠤᠨ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号