ᠬᠠᠶᠢᠨᠠᠨ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠠᠷᠢᠴᠠᠭᠤᠯᠤᠨ ᠪᠠᠶᠢᠴᠠᠭᠠᠵᠦ ᠰᠤᠳᠤᠯᠤᠨ ᠶᠠᠷᠢᠯᠴᠠᠨ ᠰᠣᠯᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/19
     4 ᠳ᠋ᠣᠭᠡᠷ ᠰᠠᠷ᠎ᠠ ᠶᠢᠨ 18  ᠤ ᠡᠳᠦᠷ ᠤᠨ ᠦᠳᠡ ᠶᠢᠨ ᠡᠮᠦᠨ᠎ᠡ᠂ ᠬᠠᠶᠢᠨᠠᠨ ᠲᠣᠭᠤᠷᠢᠭ ᠪᠦᠬᠦ ᠲᠤᠭᠤᠷᠢᠭ  ᠤᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠠᠷᠢᠴᠠᠭᠤᠯᠤᠨ ᠪᠠᠶᠢᠴᠠᠭᠠᠨ ᠪᠠᠶᠢᠴᠠᠭᠠᠵᠦ ᠰᠤᠳᠤᠯᠤᠨ ᠶᠠᠷᠢᠯᠴᠠᠨ ᠰᠣᠯᠢᠯᠴᠠᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠣᠣ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠴᠤ ᠪᠠᠶᠢᠭ᠎ᠠ ᠨᠥᠬᠦᠳ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠡᠯ᠎ᠡ ᠳᠡᠳ᠋ ᠱᠦᠵᠢ᠂ ᠲᠤᠭᠤᠷᠢᠭ ᠤᠨ ᠶᠡᠭᠡ ᠬᠤᠷᠠᠯ ᠤᠨ ᠶᠠᠷᠢᠯᠴᠠᠭᠠᠨ ᠤ ᠠᠵᠢᠯᠯᠠᠭ᠎ᠠ ᠶᠢᠨ ᠠᠯᠪᠠᠨ ᠭᠡᠷ ᠤᠨ ᠪᠦᠷᠢᠯᠳᠦᠭᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ᠂ ᠬᠡᠰᠡᠭ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃      ᠬᠤᠷᠠᠯ ᠠᠴᠠ ᠮᠠᠨ ᠤ ᠲᠤᠭᠤᠷᠢᠭ ᠤᠨ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂  ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠵᠢᠴᠢ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠲᠣᠭᠤᠷᠢᠨ ᠳᠤ᠂ ᠬᠡᠷᠬᠢᠨ ᠬᠠᠷᠢᠴᠠᠭᠤᠯᠤᠨ ᠪᠠᠶᠢᠴᠠᠭᠠᠬᠤ᠂ ᠬᠠᠷᠢᠴᠠᠭᠤᠯᠤᠨ ᠪᠠᠶᠢᠴᠠᠭᠠᠬᠤ ᠳᠤ ᠶᠠᠮᠠᠷ ᠶᠠᠮᠠᠷ ᠠᠰᠠᠭᠤᠳᠠᠯ ᠢ ᠢᠯᠡᠷᠡᠭᠦᠯᠦᠭᠰᠡᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠡᠷᠬᠢᠨ ᠠᠬᠢᠭᠤᠯᠬᠤ ᠵᠡᠷᠭᠡ ᠲᠠᠯ᠎ᠠ ᠪᠠᠷ ᠲᠣᠪᠴᠢ ᠬᠤᠷᠢᠶᠠᠩᠭᠤᠶᠢᠯᠠᠯ ᠬᠢᠵᠡᠢ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠪᠤᠳᠤᠭᠰᠠᠨ ᠢᠶᠠᠨ ᠠᠭᠤᠵᠢᠷᠠᠲᠠᠯ᠎ᠠ ᠰᠢᠭᠤᠳ ᠶᠠᠷᠢᠵᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠰᠤᠳᠤᠯᠤᠨ ᠶᠠᠷᠢᠯᠴᠠᠭᠰᠠᠨ ᠶᠠᠷᠢᠶ᠎ᠠ ᠳᠤ ᠦᠨᠡᠯᠡᠯᠲᠡ ᠬᠢᠭᠰᠡᠨ ᠪᠥᠭᠡᠳ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠶᠡᠭᠡ ᠶᠠᠷᠢᠯᠴᠠᠭᠠᠨ ᠤ ᠠᠵᠢᠯᠯᠠᠭ᠎ᠠ ᠳᠤ ᠬᠢᠭᠰᠡᠨ ᠠᠵᠢᠯ ᠢ ᠨᠤᠲᠠᠯᠠᠭᠰᠠᠨ ᠪᠥᠭᠡᠳ ᠪᠠᠰᠠ ᠡᠯ᠎ᠡ ᠰᠠᠯᠠᠭ᠎ᠠ ᠮᠥᠴᠢᠷ ᠤᠨ ᠬᠠᠷᠢᠴᠠᠭᠤᠯᠤᠨ ᠪᠠᠶᠢᠴᠠᠭᠠᠨ ᠦᠵᠡᠬᠦ ᠳᠤ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠶᠡᠭᠡ ᠶᠠᠷᠢᠯᠴᠠᠭᠠᠨ ᠤ ᠠᠵᠢᠯᠯᠠᠭ᠎ᠠ ᠥᠷᠨᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠲᠥᠷᠥ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠵᠣᠷᠢᠯᠲᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢ ᠪᠠᠲᠤ ᠪᠠᠬᠢ ᠪᠣᠶ ᠪᠤᠯᠭᠠᠨ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠬᠦ ︽ᠳᠡᠯᠭᠡᠭᠦᠷ ᠤᠨ ᠦᠢᠯᠡᠴᠢᠯᠡᠭᠴᠢ︾ ᠪᠣᠯᠭᠠᠬᠤ ᠬᠡᠷᠡᠭᠲᠡᠢ᠃ ᠪᠠᠶᠢᠴᠠᠭᠠᠨ ᠦᠵᠡᠬᠦ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠶᠢᠴᠠᠭᠠᠨ ᠦᠵᠡᠵᠦ ᠭᠠᠷᠭᠠᠭᠰᠠᠨ ᠠᠰᠠᠭᠤᠳᠠᠯ ᠳᠤ ᠴᠢᠭᠯᠡᠭᠦᠯᠵᠦ᠂ ᠰᠢᠯᠲᠠᠭᠠᠨ ᠢ ᠭᠦᠨᠵᠡᠭᠡᠢ ᠵᠠᠳᠠᠯᠵᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠲᠦᠷᠦᠯ ᠬᠤᠪᠢᠶᠠᠨ ᠴᠡᠭᠴᠡᠯᠡᠨ ᠵᠠᠰᠠᠵᠤ᠂ ᠨᠢᠭᠡ ᠨᠢᠭᠡ ᠵᠦᠢᠯ ᠢᠶᠠᠷ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠲᠠᠬᠢᠨ ᠢᠯᠡᠷᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠰᠤᠷᠤᠯᠴᠠᠭᠰᠠᠨ ᠦᠷ᠎ᠡ ᠪᠦᠲᠦᠭᠡᠯ ᠢ ᠴᠠᠭ ᠲᠤᠬᠠᠢ ᠳᠤᠨᠢ ᠦᠢᠯᠡᠳᠦᠯᠭᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠶᠡᠭᠡ ᠲᠠᠯ᠎ᠠ ᠳᠤ ᠦᠢᠯᠡᠴᠢᠯᠡᠬᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠶ ᠪᠣᠯᠭᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠪᠣᠯᠭᠤᠮᠵᠢᠲᠠᠢ ᠬᠡᠷᠡᠭᠯᠡᠵᠦ᠂ ᠲᠥᠪ ᠭᠤᠣᠯᠴᠢ ᠥᠨᠳᠥᠷ ᠪᠦᠲᠦᠮᠵᠢᠲᠡᠶ᠂ ᠰᠠᠶᠢᠨ ᠰᠠᠨᠠᠭ᠎ᠠ ᠲᠠᠢ ᠪᠣᠯᠪᠠᠰᠤᠨ᠂ ᠬᠢᠨᠠᠭᠤᠷ ᠪᠣᠯᠭᠤᠮᠵᠢᠲᠠᠢ ᠳᠠᠷᠤᠤ ᠬᠢᠴᠢᠶᠡᠩᠭᠦᠢ ᠪᠠᠶᠢᠬᠤ ᠬᠠᠤᠯᠢ ᠪᠠᠷᠢᠬᠤ ᠣᠶᠢᠯᠠᠭᠠᠭᠳᠠᠬᠤᠨ ᠢ ᠬᠡᠷᠡᠭ ᠨᠢᠭᠡᠪᠦᠷᠢ᠂ ᠭᠤᠭᠴᠤᠭ᠎ᠠ ᠨᠢᠭᠡᠪᠦᠷᠢ ᠳᠤ ᠲᠤᠭᠤᠰᠢᠯᠠᠭᠤᠯᠵᠦ᠂ ᠠᠵᠤ ᠠᠬᠤᠶᠢᠯᠠᠯ ᠪᠠ ᠤᠯᠠᠨ ᠲᠦᠮᠡᠨ ᠳᠤ ᠰᠢᠨ᠎ᠡ ᠬᠤᠪᠢᠷᠠᠯᠲᠠ ᠶᠢ ᠮᠡᠳᠡᠷᠡᠭᠦᠯᠬᠦ ᠪᠠᠷ ᠴᠢᠷᠮᠠᠶᠢᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠲᠠᠯ᠎ᠠ ᠪᠠᠷ ᠣᠯᠣᠭᠰᠠᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠵᠡᠷᠭᠡᠪᠡᠷ ᠴᠢᠬᠤᠯᠠᠴᠢᠯᠠᠵᠤ᠂ ᠪᠠᠶᠢᠴᠠᠭᠠᠬᠤ ᠶᠢᠨ ᠳᠠᠭᠠᠤ ᠴᠡᠭᠴᠡᠯᠡᠬᠦ ᠶᠢᠨ ᠳᠠᠭᠠᠤ ᠥᠭᠡᠷᠡᠴᠢᠯᠡᠬᠦ ᠶᠢᠨ ᠳᠠᠭᠠᠤ ᠪᠠᠶᠢᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ  ᠪᠠᠷᠢᠮᠲᠠᠯᠠᠨ᠂ ᠶᠡᠭᠡ ᠶᠠᠷᠢᠯᠴᠠᠭᠠᠨ ᠤ ᠠᠵᠢᠯᠯᠠᠭ᠎ᠠ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳᠦᠷᠢᠮ ᠤᠨ ᠬᠡᠯᠪᠡᠷᠢ ᠪᠠᠷ ᠲᠣᠭᠲᠠᠪᠤᠷᠢᠵᠢᠭᠤᠯᠵᠤ᠂ ᠳᠦᠷᠢᠮ ᠤᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠨᠢᠭᠲᠠ  ᠰᠦᠯᠵᠢᠨ᠂ ᠶᠡᠭᠡ ᠶᠠᠷᠢᠯᠴᠠᠭᠠᠨ ᠤ ᠠᠵᠢᠯᠯᠠᠭ᠎ᠠ ᠠᠪᠤᠨ ᠳᠣᠣᠷ᠎ᠠ ᠪᠠᠨ ᠠᠮᠵᠢᠯᠲᠠ ᠣᠯᠬᠤ ᠪᠣᠳᠠᠲᠤ ᠦᠷ᠎ᠡ ᠪᠦᠲᠦᠮᠵᠢ ᠲᠠᠢ ᠮᠥᠷᠲᠡᠭᠡᠨ ᠪᠠᠰᠠ ᠡᠬᠢ ᠡᠭᠦᠰᠦᠯ ᠢ ᠨᠢ ᠠᠳᠬᠤᠵᠤ ᠦᠨᠳᠦᠰᠦ ᠠᠴᠠ ᠨᠢ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号