ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠠᠷᠢᠴᠠᠭᠤᠯᠤᠨ ᠪᠠᠶᠢᠴᠠᠭᠠᠨ ᠦᠵᠡᠵᠦ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/19
     4 ᠰᠠᠷ᠎ᠠ ᠶᠢᠨ 18 ᠤ ᠡᠳᠦᠷ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ︽ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠬᠠᠤᠯᠢᠵᠢᠭᠤᠯᠤᠨ ᠰᠢᠯᠢᠳᠡᠭᠵᠢᠭᠦᠯᠵᠤ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠭᠡ ᠪᠠᠲᠤᠯᠠᠭ᠎ᠠ ᠬᠠᠩᠭᠠᠶ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠠᠷᠢᠴᠠᠭᠤᠯᠤᠨ ᠪᠠᠶᠢᠴᠠᠭᠠᠨ ᠦᠵᠡᠵᠦ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠳᠡᠳ᠋ ᠳᠠᠷᠤᠭ᠎ᠠ ᠮᠤᠤ ᠵᠧᠨ ᠬᠠᠶ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠸᠠᠩ ᠰᠢᠶᠤᠤ ᠵᠢᠶᠦ᠋ᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠲᠢᠶᠠᠨ ᠴᠧᠩ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠳᠠ ᠶᠢᠨ ᠣᠯᠣᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠦᠵᠡᠵᠦ ᠰᠠᠨᠠᠯ ᠢᠶᠠᠨ ᠰᠣᠯᠢᠯᠴᠠᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠰᠠᠨᠠᠯ ᠰᠠᠨᠠᠭᠤᠯᠭ᠎ᠠ ᠪᠠᠨ ᠢᠯᠡᠳᠬᠡᠪᠡ᠃      ᠼᠦᠢ ᠵᠢᠩ ᠶᠢᠩ ᠵᠢᠭᠠᠵᠤ ᠭᠠᠷᠭᠠᠭᠰᠠᠨ ᠨᠢ᠂ ᠶᠡᠭᠡ ᠶᠠᠷᠢᠯᠴᠠᠭᠠᠨ ᠤ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠰᠢᠤ ᠹᠧᠩ ᠤᠨ ᠶᠠᠷᠢᠶᠠᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠨ᠂ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠰᠢᠢᠳᠪᠦᠷᠢᠯᠡᠬᠦ ᠶᠢ ᠡᠷᠡᠰ ᠪᠡᠶᠡᠯᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠳ ᠰᠤᠷᠤᠯᠴᠠᠯᠭ᠎ᠠ ᠬᠥᠮᠦᠵᠢᠯ ᠢ ᠢᠮᠠᠭᠲᠠ ᠲᠤᠤᠱᠯᠠᠭᠤᠯᠤᠨ᠂ ᠡᠭᠦᠳᠡ ᠪᠠᠨ ᠨᠡᠭᠡᠭᠡᠵᠦ ᠢᠳᠬᠠᠯ ᠰᠣᠨᠣᠰᠴᠤ ᠠᠰᠠᠭᠤᠳᠠᠯ ᠢ ᠪᠠᠶᠢᠴᠠᠭᠠᠨ ᠦᠵᠡᠬᠦ ᠶᠢ ᠠᠳᠬᠤᠵᠤ ᠂ ᠠᠴᠢᠶᠠᠯᠠᠪᠤᠷᠢ ᠪᠠᠨ ᠲᠣᠳᠣᠷᠬᠠᠶᠢᠯᠠᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠠᠳᠬᠤᠵᠤ᠂ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢᠶᠠᠨ ᠭᠦᠨᠵᠡᠭᠡᠶ ᠥᠷᠨᠢᠭᠦᠯᠬᠦ ᠶᠢᠨ ᠬᠠᠮᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ ᠭᠡᠵᠡᠢ᠃      ᠼᠦᠢ ᠵᠢᠩ ᠶᠢᠩ ᠴᠢᠬᠤᠯᠠᠴᠢᠯᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠨᠡᠩ ᠥᠨᠳᠥᠷ ᠵᠣᠭᠰᠣᠴᠠ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠬᠦ ᠬᠡᠷᠡᠭᠲᠡᠢ᠃ ᠪᠠᠶᠢᠴᠠᠭᠠᠨ ᠦᠵᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠰᠡᠭᠦᠯᠴᠢ ᠶᠢᠨ ᠬᠠᠭᠠᠰ ᠬᠤᠭᠤᠴᠠᠭᠠᠨ ᠤ ᠠᠵᠢᠯ ᠢᠶᠠᠨ ᠡᠬᠢᠯᠡᠬᠦ ᠠᠴᠠ ᠳᠠᠭᠤᠰᠲᠠᠯ᠎ᠠ ᠬᠢᠴᠢᠶᠡᠨ ᠰᠠᠶᠢᠲᠤᠷ ᠠᠳᠬᠤᠵᠤ᠂ ᠶᠡᠭᠡ ᠲᠠᠯ᠎ᠠ ᠳᠤ ᠦᠢᠯᠡᠴᠢᠯᠡᠬᠦ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠤᠢ ᠪᠣᠯᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠨᠡᠩ ᠰᠠᠶᠢᠨ ᠬᠠᠤᠯᠢ ᠬᠡᠷᠡᠭᠵᠢᠬᠦᠯᠦᠯᠳᠡ ᠬᠠᠤᠯᠢ ᠴᠠᠭᠠᠵᠠ ᠶᠢᠨ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ᠃ ᠲᠦᠷᠢᠮ ᠲᠣᠭᠲᠠᠭᠠᠯ ᠲᠣᠭᠲᠠᠭᠠᠬᠤ ᠶᠢ ᠠᠬᠢᠭᠤᠯᠵᠤ᠂ ᠲᠦᠷᠢᠮ ᠤᠨ ᠴᠢᠩᠭ᠎ᠠ ᠬᠢᠵᠠᠭᠠᠷᠯᠠᠯ ᠢ ᠴᠢᠨᠠᠭᠰᠢᠳᠠ ᠴᠢᠩᠭᠠᠳᠬᠠᠵᠤ᠂ ᠲᠦᠷᠢᠮ ᠢᠶᠠᠷ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠦᠷ᠎ᠡ ᠪᠦᠲᠦᠭᠡᠯ ᠢᠶᠠᠨ ᠴᠠᠭ ᠲᠤᠬᠠᠢ ᠳᠤᠨᠢ ᠪᠠᠬᠢᠵᠢᠭᠦᠯᠵᠦ᠂ ᠠᠵᠢᠯᠯᠠᠭ᠎ᠠ ᠶᠢᠨ ᠠᠪᠤᠨ ᠳᠣᠣᠷ᠎ᠠ ᠪᠠᠨ ᠠᠮᠵᠢᠯᠲᠠ ᠣᠯᠵᠣ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠪᠥᠭᠡᠳ ᠡᠬᠢ ᠡᠭᠦᠰᠦᠯ ᠢ ᠨᠢ ᠠᠳᠬᠤᠵᠤ ᠦᠨᠳᠦᠰᠦ ᠶᠢ  ᠨᠢ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号