ᠲᠠᠩ ᠢ ᠤᠢ ᠰᠢᠭᠤᠢ ᠶᠢ ᠲᠣᠭᠤᠷᠢᠨ ᠪᠠᠶᠢᠴᠠᠭᠠᠭᠰᠠᠨ ᠪᠦᠭᠡᠳ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/4/22
     4 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠢ ᠰᠢᠭᠤᠢ ᠶᠢ ᠲᠣᠭᠤᠷᠢᠨ ᠪᠠᠶᠢᠴᠠᠭᠠᠭᠰᠠᠨ ᠪᠦᠭᠡᠳ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠤᠤ᠂ ᠭᠦᠸᠧ ᠢ ᠵᠢᠶᠧ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃      ᠲᠠᠩ ᠢ ᠨᠡᠷ ᠡᠩ ᠲᠡᠷᠢᠭᠦᠨ ᠳᠤ ᠬᠠᠶᠢᠷᠤᠪ ᠤᠨ ᠲᠤᠬᠤᠢ ᠲᠣᠭᠤᠷᠢᠭ ᠤᠨ ᠹᠧᠩ ᠮᠢᠩ ᠬᠤ᠋ ᠴᠡᠴᠡᠷᠯᠢᠭ ᠲᠤ ᠬᠦᠷᠴᠦ᠂ ᠴᠡᠴᠡᠷᠯᠢᠭ ᠤᠨ ᠶᠠᠪᠠᠭᠠᠨ ᠵᠠᠮ ᠢᠶᠠᠷ ᠶᠠᠪᠤᠬᠤ ᠶᠢᠨ ᠳᠠᠭᠠᠤ ᠠᠵᠢᠭᠯᠠᠵᠤ᠂ ᠴᠡᠴᠡᠷᠯᠢᠭ ᠤᠨ ᠦᠵᠡᠮᠵᠢ ᠶᠢᠨ ᠪᠦᠳᠦᠬᠡᠨ ᠪᠠᠶᠢᠭᠤᠯᠤᠯᠲᠠ᠂ ᠤᠢ ᠮᠣᠳᠣ ᠶᠢ ᠬᠠᠮᠢᠶᠠᠷᠴᠤ ᠬᠠᠮᠠᠭᠠᠯᠠᠬᠤ᠂ ᠤᠰᠤ ᠬᠠᠳᠠᠭᠠᠯᠠᠵᠤ ᠤᠰᠤ ᠬᠡᠷᠡᠭᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠴᠢᠨᠠᠷ ᠰᠠᠶᠢᠲᠠᠢ ᠬᠤᠳᠠ ᠶᠢᠨ ᠦᠵᠡᠮᠵᠢ ᠶᠢ ᠪᠤᠢ ᠪᠣᠯᠭᠠᠬᠤ ᠪᠣᠯ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠴᠢᠬᠤᠯᠠ ᠠᠭᠤᠯᠭ᠎ᠠ ᠪᠣᠯᠤᠨ᠎ᠠ᠃ ᠲᠣᠬᠢᠷᠠᠮᠵᠢᠲᠠᠶ ᠣᠷᠣᠨ ᠪᠦᠰᠡ ᠳᠤ ᠪᠢᠴᠢᠯ ᠴᠡᠴᠡᠷᠯᠢᠭ᠂ ᠨᠡᠶᠢᠭᠡᠮ ᠲᠣᠭᠤᠷᠢᠭ ᠤᠨ ᠴᠡᠴᠡᠷᠯᠢᠭ ᠵᠡᠷᠭᠡ ᠪᠠᠷ ᠬᠤᠳᠠ ᠶᠢᠨ ᠦᠵᠡᠮᠵᠢ ᠶᠢ ᠴᠢᠮᠡᠭᠯᠡᠵᠦ᠂ ᠬᠤᠳᠠ ᠶᠢᠨ ᠠᠷᠠᠳ ᠢ ᠭᠡᠷ ᠠᠴᠠ ᠪᠠᠨ ᠭᠠᠷᠣᠮᠠᠭᠴᠠ ᠪᠠᠨ ᠨᠣᠭᠤᠭᠠᠨ ᠦᠩᠭᠡ ᠲᠠᠢ᠂ ᠭᠡᠷ ᠠᠴᠠ ᠪᠠᠨ ᠭᠠᠷᠣᠮᠠᠭᠴᠠ  ᠪᠠᠨ ᠴᠡᠴᠡᠷᠯᠢᠭ ᠲᠠᠢ ᠪᠠᠶᠢᠬᠤ ᠶᠢ ᠪᠠᠲᠤᠯᠠᠵᠤ᠂ ᠤᠢᠢᠷ᠎ᠠ ᠵᠠᠶ ᠠᠴᠠ ᠨᠣᠭᠤᠭᠠᠨ ᠦᠩᠭᠡ ᠲᠠᠢ ᠣᠶᠢᠷᠠᠲᠤᠭᠤᠯᠵᠤ᠂ ᠤᠢᠢᠷ᠎ᠠ ᠵᠠᠶ ᠠᠴᠠ ᠨᠣᠭᠤᠭᠠᠨ ᠦᠩᠭᠡ ᠶᠢ ᠡᠳ᠋ᠯᠡᠭᠦᠯᠬᠦ ᠬᠡᠷᠡᠭᠲᠡᠶ᠃ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢ ᠲᠣᠭᠤᠷᠢᠭᠰᠠᠨ ᠤᠰᠤᠨ ᠰᠢᠰᠲ᠋ᠧᠮ ᠢ ᠨᠡᠪᠲᠡᠷᠡᠭᠦᠯᠬᠦ ᠶᠢ ᠠᠬᠢᠭᠤᠯᠤᠨ᠂ ᠰᠥᠩ ᠬᠠᠯᠢᠶ᠎ᠠ᠂ ᠦᠶᠡᠷ ᠢ ᠵᠠᠯᠠᠵᠤ ᠤᠰᠤ ᠬᠠᠳᠠᠭᠠᠯᠠᠬᠤ ᠪᠠᠨ ᠰᠠᠶᠢᠲᠤᠷ ᠬᠢᠵᠦ᠂ ᠡᠩ ᠤᠨ ᠪᠤᠰᠤ ᠤᠰᠤᠨ ᠤ ᠠᠰᠢᠭᠯᠠᠯᠲᠠ ᠶᠢ ᠨᠡᠮᠡᠭᠳᠡᠭᠦᠯᠦᠨ᠂ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ ᠭᠡᠵᠡᠢ᠃      ᠬᠠᠶᠢᠪᠸᠢ ᠶᠢᠨ ᠵᠤᠯᠵᠠᠭ᠎ᠠ ᠮᠣᠳᠣᠨ ᠤ ᠬᠦᠷᠢᠶᠡᠯᠡᠩ ᠳᠤ᠂ ᠲᠠᠩ ᠢ ᠵᠤᠯᠵᠠᠭ᠎ᠠ ᠮᠣᠳᠣ ᠲᠠᠷᠢᠬᠤ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠲᠤᠬᠠᠢ ᠶᠢᠨ ᠲᠠᠯᠠᠪᠠᠢ ᠳᠤ ᠵᠤᠯᠵᠠᠭ᠎ᠠ ᠮᠣᠳᠣᠨ ᠤ ᠤᠷᠭᠤᠯᠳᠠ ᠶᠢᠨ ᠪᠠᠶᠢᠳᠠᠯ ᠢ ᠨᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠠᠷᠠᠴᠢᠯᠠᠨ ᠬᠠᠮᠠᠭᠠᠯᠠᠬᠤ ᠬᠠᠮᠢᠶᠠᠷᠴᠤ ᠬᠠᠮᠠᠭᠠᠯᠠᠬᠤ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃ ᠲᠡᠷᠡ ᠵᠢᠭᠠᠵᠤ ᠭᠠᠷᠭᠠᠭᠰᠠᠨ ᠨᠢ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠢ ᠮᠣᠳᠣ ᠶᠢ ᠪᠤᠶᠢᠵᠢᠭᠤᠯᠤᠨ ᠥᠭᠡᠷᠡᠴᠢᠯᠡᠬᠦ᠂ ᠶᠠᠰᠤ ᠴᠢᠨᠠᠷ ᠢ ᠨᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠡᠷᠭᠡᠵᠢᠯ ᠤᠨ ᠰᠤᠳᠤᠯᠭᠠᠨ ᠢᠶᠠᠨ ᠴᠢᠩᠭᠠᠳᠬᠠᠵᠤ᠂ ᠮᠠᠨ ᠤ ᠬᠤᠳᠠ ᠶᠢᠨ ᠠᠭᠤᠷ ᠠᠮᠢᠰᠬᠤᠯ ᠤᠨ ᠨᠥᠬᠦᠴᠡᠯ ᠳᠤ ᠳᠤᠬᠢᠷᠠᠬᠤ ᠤᠷᠭᠤᠮᠠᠯ ᠢ ᠲᠤᠷᠰᠢᠨ ᠰᠣᠩᠭᠤᠨ ᠪᠤᠶᠢᠵᠢᠭᠤᠯᠵᠤ᠂ ᠡᠳᠡᠭᠡᠷᠡᠯᠲᠡ ᠶᠢᠨ ᠨᠤᠷᠮ᠎ᠠ ᠪᠣᠯᠤᠨ ᠬᠠᠳᠠᠭᠠᠯᠠᠯᠲᠠ ᠶᠢᠨ ᠨᠤᠷᠮ᠎ᠠ  ᠪᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠨᠣᠭᠤᠭᠠᠷᠠᠭᠤᠯᠵᠤ ᠭᠤᠶᠤᠵᠢᠭᠤᠯᠬᠤ ᠦᠷ᠎ᠡ ᠪᠦᠲᠦᠮᠵᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ  ᠪᠠᠨ ᠴᠢᠩᠭᠠᠳᠬᠠᠵᠤ᠂ ᠡᠷᠬᠢᠨ ᠲᠣᠭᠤᠷᠢᠨ ᠤ ᠬᠤᠳᠠ ᠶᠢᠨ ᠰᠡᠯᠡᠭᠦᠴᠡᠯ ᠤᠨ ᠲᠠᠷᠢᠶᠠᠯᠠᠩ ᠤᠨ ᠬᠦᠷᠢᠶᠡᠯᠡᠩ ᠲᠠᠢ ᠣᠷᠭᠠᠨᠢᠭ ᠢᠶᠠᠷ ᠤᠶᠠᠯᠳᠤᠭᠤᠯᠵᠤ᠂ ᠬᠤᠳᠠ ᠶᠢᠨ ᠠᠷᠠᠳ ᠤᠨ ᠰᠡᠯᠡᠭᠦᠴᠡᠯ ᠵᠤᠭ᠎ᠠ ᠴᠡᠩᠭᠡᠯ ᠤᠨ ᠰᠠᠶᠢᠬᠠᠨ ᠭᠠᠵᠠᠷ ᠢ ᠨᠢᠭᠡ ᠴᠤᠭᠴᠠᠵᠢᠭᠤᠯᠤᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠦᠵᠡᠯ ᠰᠠᠨᠠᠭ᠎ᠠ ᠪᠠᠨ ᠴᠢᠯᠥᠭᠡᠯᠡᠨ᠂ ᠰᠡᠳᠬᠢᠴᠡ ᠪᠠᠨ ᠥᠷᠭᠡᠳᠬᠡᠵᠦ᠂ ᠵᠤᠯᠵᠠᠭ᠎ᠠ ᠮᠣᠳᠣᠨ ᠤ ᠬᠦᠷᠢᠶᠡᠯᠡᠩ ᠤᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠢ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠡᠢ᠃      ᠠᠦ᠋ᠲ᠋ᠣᠴᠢᠯᠠᠭᠰᠠᠨ ᠤᠰᠤ ᠠᠷᠪᠢᠯᠠᠬᠤ ᠤᠰᠤᠯᠠᠯᠲᠠ ᠪᠣᠯᠤᠨ ᠥᠨᠳᠥᠷ ᠦᠷ᠎ᠡ ᠠᠰᠢᠭ ᠲᠠᠢ ᠲᠠᠷᠢᠵᠤ ᠪᠤᠶᠢᠵᠢᠭᠤᠯᠬᠤ ᠬᠠᠮᠢᠶᠠᠷᠤᠯᠲᠠ ᠶᠢᠨ ᠮᠡᠷᠭᠡᠵᠢᠯ ᠤᠨ ᠵᠢᠱᠢᠶ᠎ᠡ ᠦᠵᠡᠭᠦᠯᠵᠦ ᠳᠡᠯᠭᠡᠷᠡᠭᠦᠯᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠲᠠᠩ ᠢ ᠲᠦᠷᠦᠯ ᠵᠦᠢᠯ ᠤᠨ ᠡᠵᠡᠩᠨᠡᠯᠲᠡ᠂ ᠲᠤᠨᠤᠭ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ᠂ ᠤᠰᠤ ᠠᠷᠪᠢᠯᠠᠬᠤ ᠦᠷ᠎ᠡ ᠪᠦᠲᠦᠮᠵᠢ ᠵᠡᠷᠭᠡ ᠪᠠᠶᠢᠳᠠᠯ ᠢ ᠨᠢ ᠯᠠᠪᠯᠠᠨ ᠠᠰᠠᠭᠤᠬᠤ ᠶᠢᠨ ᠬᠠᠮᠲᠤ ᠬᠤᠯᠪᠣᠭᠳᠠᠯ ᠪᠦᠬᠦᠢ ᠠᠵᠢᠯᠲᠠᠳ ᠢ ᠤᠰᠤ ᠠᠷᠪᠢᠯᠠᠬᠤ ᠤᠰᠤᠯᠠᠯᠲᠠ ᠶᠢᠨ ᠰᠢᠨ᠎ᠡ ᠵᠠᠭᠪᠤᠷ ᠢ ᠴᠢᠨᠠᠭᠰᠢᠳᠠ ᠰᠦᠪᠡᠭᠴᠢᠯᠡᠨ ᠳᠡᠯᠭᠡᠷᠡᠭᠦᠯᠵᠦ᠂ ᠤᠰᠤᠯᠠᠯᠲᠠ ᠶᠢᠨ ᠥᠪᠡᠷ ᠤᠨ ᠦᠷᠳᠡᠭ ᠢ ᠨᠢ ᠪᠠᠭᠤᠷᠠᠭᠤᠯᠵᠤ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠦᠷ᠎ᠡ ᠠᠰᠢᠭ ᠲᠠᠢ ᠠᠰᠢᠭᠯᠠᠬᠤ ᠶᠢ ᠠᠬᠢᠭᠤᠯᠬᠤ ᠭᠡᠷᠡᠭᠳᠡᠢ ᠬᠡᠵᠦ ᠵᠣᠷᠢᠭᠵᠢᠭᠤᠯᠪᠠ᠃      ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠲᠠᠩ ᠢ ᠴᠢᠬᠤᠯᠠᠴᠢᠯᠠᠭᠰᠠᠨ ᠨᠢ᠂ ᠮᠠᠨ ᠤ ᠬᠤᠲᠠ ᠳᠤ ᠭᠠᠩ ᠬᠠᠭᠤᠷᠠᠶ ᠪᠣᠷᠣᠭᠠᠨ ᠪᠠᠭ᠎ᠠ᠂ ᠮᠣᠳᠣᠨ ᠤ ᠣᠷᠭᠤᠯᠳᠠ ᠬᠢᠯᠪᠠᠷ ᠪᠤᠰᠣ᠂ ᠬᠢᠯᠪᠠᠷ ᠪᠤᠰᠤ ᠪᠠᠷ ᠣᠯᠤᠭᠰᠠᠨ ᠪᠣᠬᠢᠷᠲᠤᠯ ᠦᠭᠡᠶ ᠦᠷ᠎ᠡ ᠪᠦᠲᠦᠭᠡᠯ ᠢᠶᠠᠨ ᠬᠤᠪᠢ ᠳᠠᠬᠢᠨ ᠨᠠᠨᠳᠢᠩᠨᠠᠨ ᠬᠠᠮᠠᠭᠠᠯᠠᠵᠤ᠂ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠶᠢ ᠬᠠᠮᠠᠭᠠᠯᠠᠬᠤ᠂ ᠭᠠᠯ ᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠣᠳᠣ ᠲᠠᠷᠢᠵᠤ ᠣᠶᠢᠵᠢᠭᠤᠯᠬᠤ ᠪᠠ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠨᠴᠠᠭᠠᠶᠢᠯᠠᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠤᠰᠤ ᠠᠷᠪᠢᠯᠠᠬᠤ ᠶᠢ ᠤᠷᠢᠳᠠᠪᠡᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠬᠤᠲᠠ ᠶᠢᠨ ᠡᠷᠬᠢᠨ ᠲᠣᠭᠤᠷᠢᠨ ᠤ ᠨᠣᠭᠤᠭᠠᠷᠠᠭᠤᠯᠤᠯᠲᠠ ᠪᠠᠨ ᠴᠢᠩᠭᠠᠳᠬᠠᠵᠤ᠂ ᠨᠣᠭᠤᠭᠠᠷᠠᠭᠤᠯᠬᠤ ᠢᠨᠵᠧᠨᠧᠷᠢᠩ ᠤᠨ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠣᠷᠴᠢᠨ ᠲᠣᠭᠤᠷᠢᠨ ᠢ ᠰᠡᠷᠭᠦᠭᠡᠨ ᠬᠠᠮᠠᠭᠠᠯᠠᠬᠤ᠂ ᠨᠣᠭᠤᠭᠠᠷᠠᠭᠤᠯᠤᠨ ᠭᠤᠶᠤᠵᠢᠭᠤᠯᠬᠤ ᠬᠤᠲᠠ ᠶᠢᠨ ᠠᠮᠢ ᠠᠬᠤᠶ ᠶᠢᠨ ᠴᠢᠳᠠᠪᠬᠢ ᠶᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠤᠯᠠᠨ ᠳᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠶ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号