ᠬᠤᠲᠠ ᠶᠢᠨ ᠤᠳᠤᠷᠢᠳᠤᠯᠭ᠎ᠠ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠵᠠᠶᠢᠯᠠᠬᠤ ᠬᠥᠳᠡᠯᠭᠡᠭᠡᠨ ᠳᠤ ᠣᠷᠣᠯᠴᠠᠪᠡ  ᠲᠠᠩ ᠢ  ᠹᠧᠩ ᠰᠢᠤᠸᠠᠢ ᠲᠤᠤ  ᠸᠠᠩ ᠸᠧᠨ ᠵᠢᠶᠧ ᠨᠠᠷ ᠣᠷᠣᠯᠴᠠᠵᠠᠢ
ᠨᠡᠶᠢᠲᠡᠯᠡᠭᠰᠡᠨ ᠴᠠᠭ᠄
2022/4/22

     4 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ

ᠲᠠᠩ ᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠡᠷᠬᠢᠯᠡᠭᠴᠢ ᠹᠧᠩ ᠰᠢᠤᠸᠠᠢ ᠲᠤᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ

ᠵᠢᠶᠧ ᠵᠡᠷᠭᠡ ᠬᠤᠳᠠ ᠶᠢᠨ ᠤᠳᠤᠷᠢᠳᠤᠯᠭ᠎ᠠ ᠬᠠᠶᠢᠷᠤᠪ ᠤᠨ ᠲᠤᠬᠤᠢ ᠲᠣᠭᠤᠷᠢᠭ ᠤᠨ ᠹᠧᠩ ᠮᠢᠩ ᠬᠤ᠋ ᠦᠵᠡᠮᠵᠢ ᠶᠢᠨ

ᠴᠡᠴᠡᠷᠯᠢᠭ ᠤᠨ ᠪᠠᠷᠠᠭᠤᠨ ᠲᠠᠯ᠎ᠠ ᠳᠤ ᠬᠦᠷᠴᠦ᠂ ᠪᠠᠶᠢᠭᠤᠯᠭ᠎ᠠ ᠶᠢᠨ ᠺᠠᠳ᠋ᠷ᠂ ᠦᠬᠠᠢ ᠶᠢᠨ ᠴᠡᠷᠢᠭ ᠤᠨ ᠬᠤᠪᠢᠶᠠᠷᠢ

ᠲᠣᠭᠤᠷᠢᠭ ᠤᠨ ᠳᠠᠷᠤᠭ᠎ᠠ ᠪᠠᠶᠢᠯᠳᠤᠭᠴᠢᠳ ᠲᠠᠢ ᠬᠠᠮᠲᠤ ᠠᠯᠪᠠᠨ ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠳᠤ

ᠣᠷᠣᠯᠴᠠᠪᠠ᠃ ︵ᠱᠢ ᠯᠢ ᠽᠧᠩ ᠰᠡᠭᠦᠳᠡᠷᠯᠡᠪᠡ︶

      4 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ

ᠲᠠᠩ ᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠡᠷᠬᠢᠯᠡᠭᠴᠢ ᠹᠧᠩ ᠰᠢᠤᠸᠠᠢ ᠲᠤᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ

ᠵᠢᠶᠧ ᠵᠡᠷᠭᠡ ᠬᠤᠳᠠ ᠶᠢᠨ ᠤᠳᠤᠷᠢᠳᠤᠯᠭ᠎ᠠ ᠬᠠᠶᠢᠷᠤᠪ ᠤᠨ ᠲᠤᠬᠤᠢ ᠲᠣᠭᠤᠷᠢᠭ ᠤᠨ ᠹᠧᠩ ᠮᠢᠩ ᠬᠤ᠋ ᠦᠵᠡᠮᠵᠢ ᠶᠢᠨ

ᠴᠡᠴᠡᠷᠯᠢᠭ ᠤᠨ ᠪᠠᠷᠠᠭᠤᠨ ᠲᠠᠯ᠎ᠠ ᠳᠤ ᠬᠦᠷᠴᠦ᠂ ᠪᠠᠶᠢᠭᠤᠯᠭ᠎ᠠ ᠶᠢᠨ ᠺᠠᠳ᠋ᠷ᠂ ᠦᠬᠠᠢ ᠶᠢᠨ ᠴᠡᠷᠢᠭ ᠤᠨ ᠬᠤᠪᠢᠶᠠᠷᠢ

ᠲᠣᠭᠤᠷᠢᠭ ᠤᠨ ᠳᠠᠷᠤᠭ᠎ᠠ ᠪᠠᠶᠢᠯᠳᠤᠭᠴᠢᠳ ᠲᠠᠢ ᠬᠠᠮᠲᠤ ᠠᠯᠪᠠᠨ ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠳᠤ

ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠬᠤᠳᠠ ᠶᠢᠨ ᠺᠠᠳ᠋ᠷ ᠤᠯᠠᠨ ᠲᠦᠮᠡᠨ ᠢ ᠮᠣᠳᠣ ᠵᠠᠶᠢᠯᠠᠵᠤ

ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠭᠡᠷ ᠣᠷᠣᠨ ᠢᠶᠠᠨ ᠨᠣᠭᠤᠭᠠᠷᠠᠭᠤᠯᠤᠨ ᠭᠤᠶᠤᠵᠢᠭᠤᠯᠬᠤ ᠶᠢ

ᠤᠷᠢᠶᠠᠯᠠᠪᠠ᠃

     ᠮᠣᠳᠣ ᠲᠠᠷᠢᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷᠦᠮᠡᠭᠴᠡ᠂ ᠲᠠᠩ ᠢ᠂ ᠹᠧᠩ ᠰᠢᠤᠸᠠᠢ

ᠲᠤᠤ᠂ ᠸᠠᠩ ᠸᠧᠨ ᠵᠢᠶᠧ ᠵᠡᠷᠭᠡ ᠬᠤᠳᠠ ᠶᠢᠨ ᠤᠳᠤᠷᠢᠳᠤᠯᠭ᠎ᠠ ᠨᠠᠷ ᠶᠠᠭᠠᠷᠠᠯᠲᠠᠢ ᠠᠵᠢᠯᠯᠠᠵᠤ᠂ ᠨᠠᠷᠢᠨ ᠬᠢᠨᠠᠮᠠᠭᠠᠢ

ᠬᠦᠷᠵᠡ ᠬᠤᠷᠦ᠋ᠢᠯᠠᠵᠤ ᠰᠢᠷᠣᠢ ᠮᠠᠯᠲᠠᠵᠤ᠂ ᠴᠢᠬᠢ ᠲᠦᠰᠢᠵᠦ ᠨᠦᠬᠡ ᠪᠥᠭᠯᠡᠵᠦ᠂ ᠰᠢᠷᠣᠢ ᠨᠡᠮᠡᠵᠦ

ᠬᠠᠰᠢᠯᠭ᠎ᠠ ᠬᠦᠷᠢᠶᠡᠯᠡᠵᠦ᠂ ᠤᠰᠤ ᠲᠠᠲᠠᠵᠤ ᠤᠰᠤᠯᠠᠬᠤ ᠶᠢᠨ ᠳᠠᠭᠠᠤ ᠵᠠᠯᠭᠠᠭ᠎ᠠ ᠪᠠᠷ ᠨᠢᠭᠡ ᠨᠢᠭᠡ ᠰᠠᠭᠤᠷᠢ ᠵᠢᠭᠠᠷᠲᠤ

ᠨᠠᠷᠠᠰᠤ ᠶᠢ ᠵᠠᠶᠢᠯᠠᠵᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠠᠶᠢᠳᠠᠯ ᠢᠯᠡᠷᠡᠵᠡᠢ᠃ ᠨᠢᠭᠡ ᠵᠡᠷᠭᠡ

ᠶᠠᠭᠠᠷᠠᠭᠰᠠᠨ ᠤ ᠲᠠᠷᠠᠭ᠎ᠠ᠂ ᠵᠠᠶᠢᠯᠠᠭᠰᠠᠨ 1000 ᠭᠠᠷᠤᠢ ᠰᠠᠭᠤᠷᠢ ᠵᠤᠯᠵᠠᠭ᠎ᠠ ᠮᠣᠳᠣ ᠨᠢ ᠰᠠᠯᠬᠢᠨ ᠤ ᠠᠶ᠎ᠠ ᠪᠠᠷ

ᠨᠠᠶᠢᠭᠤᠵᠤ᠂ ᠦᠬᠠᠢ ᠳᠤ ᠪᠠᠰᠠ ᠨᠢᠭᠡ ᠬᠡᠰᠡᠭ ᠰᠢᠨ᠎ᠡ ᠨᠣᠭᠤᠭᠠᠨ ᠦᠩᠭᠡ ᠶᠢ ᠨᠡᠮᠡᠷᠢᠯᠡᠵᠡᠢ᠃

     ᠮᠣᠳᠣ ᠵᠠᠶᠢᠯᠠᠬᠤ ᠶᠢᠨ ᠲᠠᠭᠠᠣ᠂ ᠲᠠᠩ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ

ᠨᠥᠬᠦᠳ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠠᠪᠤᠷ ᠤᠨ ᠤᠯᠠᠷᠢᠯ ᠤᠨ ᠮᠣᠳᠣ ᠵᠠᠶᠢᠯᠠᠬᠤ

ᠲᠥᠯᠥᠪᠵᠢᠭᠦᠯᠭᠡ᠂ ᠵᠤᠯᠵᠠᠭ᠎ᠠ ᠮᠣᠳᠣᠨ ᠤ ᠢᠷᠡᠯᠳᠡ ᠪᠣᠯᠤᠨ ᠡᠭᠦᠯᠳᠡᠷ᠂ ᠵᠠᠶᠢᠯᠠᠬᠤ ᠲᠠᠯᠠᠪᠠᠢ᠂ ᠡᠳᠡᠭᠡᠷᠡᠯᠲᠡ ᠶᠢᠨ

ᠨᠤᠷᠮ᠎ᠠ ᠵᠢᠴᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠨᠢ ᠨᠠᠷᠢᠨ

ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠮᠣᠳᠣ ᠵᠠᠶᠢᠯᠠᠵᠤ ᠣᠶᠢᠵᠢᠭᠤᠯᠬᠤ ᠪᠣᠯ ᠲᠩᠷᠢ ᠨᠢ ᠴᠡᠯᠮᠡᠭ᠂

ᠭᠠᠵᠠᠷ ᠨᠢ ᠨᠣᠭᠤᠭᠠᠨ᠂ ᠤᠰᠤ ᠨᠢ ᠴᠡᠪᠡᠷ ᠪᠠᠶᠢᠬᠤ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ᠂ ᠬᠠᠮᠤᠭ ᠤᠨ

ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠪᠠᠰᠠ ᠴᠤ ᠣᠲᠣ ᠦᠶ᠎ᠡ ᠳᠤ

ᠭᠠᠪᠢᠶ᠎ᠠ ᠲᠠᠢ᠂ ᠥᠨᠢ ᠡᠭᠦᠷᠢᠳᠡ ᠠᠰᠢᠭ ᠲᠤᠰᠠ ᠲᠠᠢ ᠦᠢᠯᠡᠰ ᠮᠥᠨ᠃ ᠡᠯ᠎ᠡ ᠱᠠᠳᠤ ᠡᠯ᠎ᠡ ᠰᠠᠯᠠᠭ᠎ᠠ

ᠮᠥᠴᠢᠷ ᠤᠨ ᠬᠢᠨ ᠬᠦᠭᠡ ᠠᠭᠤᠯᠠ ᠬᠥᠬᠡᠮᠳᠦᠭ ᠤᠰᠤ ᠪᠣᠯ ᠲᠠᠷᠣᠢ ᠠᠯᠳᠠ ᠮᠥᠩᠭᠦᠨ ᠠᠭᠤᠯᠠ ᠮᠥᠨ ᠭᠡᠬᠦ

ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠪᠤᠷ ᠤᠨ ᠤᠯᠠᠷᠢᠯ ᠳᠤ ᠮᠣᠳᠣ ᠵᠠᠶᠢᠯᠠᠬᠤ ᠰᠠᠶᠢᠨ ᠴᠠᠭ ᠢ ᠠᠮᠵᠢᠵᠤ᠂

ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠭᠦᠨᠵᠡᠭᠡᠢ ᠠᠬᠢᠭᠤᠯᠵᠤ᠂ ᠬᠤᠳᠠ ᠶᠢᠨ ᠡᠷᠬᠢᠨ

ᠲᠣᠭᠤᠷᠢᠨ ᠲᠡᠰᠢ ᠤᠷᠲᠤᠳᠬᠠᠨ ᠨᠣᠭᠤᠭᠠᠷᠠᠭᠤᠯᠬᠤ ᠶᠢ ᠴᠢᠬᠤᠯᠠᠴᠢᠯᠠᠵᠤ᠂ ᠬᠤᠳᠠ ᠶᠢᠨ ᠪᠣᠬᠢᠷᠲᠤᠯ ᠦᠭᠡᠢ ᠣᠷᠣᠨ

ᠵᠠᠢ ᠶᠢ ᠪᠦᠲᠦᠮᠵᠢᠲᠡᠢ ᠥᠷᠭᠡᠳᠬᠡᠵᠦ᠂ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ

 ᠢᠶᠠᠨ ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠯᠠᠨ ᠤ ᠠᠮᠢ ᠠᠬᠤᠢ ᠶᠢᠨ ᠪᠤᠶᠠᠨ ᠵᠢᠷᠭᠠᠯ ᠢ ᠲᠠᠰᠤᠷᠠᠯᠳᠠ ᠦᠭᠡᠢ

ᠨᠡᠮᠡᠭᠳᠡᠭᠦᠯᠬᠦ ᠬᠡᠷᠡᠭᠲᠡᠢ᠃ ᠪᠦᠬᠦ ᠨᠡᠶᠢᠭᠡᠮ ᠢᠶᠠᠷ ᠢᠶᠠᠨ ᠮᠣᠳᠣ ᠲᠠᠷᠢᠵᠤ ᠣᠶᠢᠵᠢᠭᠤᠯᠬᠤ ᠳᠤ ᠥᠷᠭᠡᠨ ᠢᠶᠠᠷ

ᠣᠷᠣᠯᠴᠠᠬᠤ ᠶᠢ ᠳᠠᠶᠢᠴᠢᠯᠠᠨ ᠬᠦᠳᠦᠯᠦᠨ ᠵᠢᠯᠣᠭᠤᠳᠴᠤ᠂ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤᠪᠠᠷ

ᠪᠠᠶᠢᠭᠤᠯᠵᠤ ᠬᠠᠮᠲᠤᠪᠠᠷ ᠡᠳ᠋ᠯᠡᠬᠦ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠦ᠂

ᠰᠢᠨᠵᠢᠯᠡᠬᠦ ᠤᠬᠠᠭᠠᠨᠴᠢ ᠪᠠᠷ ᠵᠠᠶᠢᠯᠠᠵᠤ᠂ ᠨᠠᠷᠢᠨ ᠨᠢᠮᠪᠠᠢ ᠬᠠᠮᠢᠶᠠᠷᠤᠨ ᠬᠠᠮᠠᠭᠠᠯᠠᠵᠤ᠂ ᠨᠢᠭᠡ ᠬᠡᠰᠡᠭ ᠵᠠᠶᠢᠯᠠᠪᠠᠯ ᠨᠢᠭᠡ

ᠬᠡᠰᠡᠭ ᠠᠮᠢᠯᠠᠭᠤᠯᠬᠤ ᠶᠢ ᠪᠠᠲᠤᠯᠠᠵᠤ᠂ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢᠶᠠᠨ ᠪᠦᠲᠦᠮᠵᠢᠲᠡᠢ

ᠪᠠᠬᠢᠵᠢᠭᠦᠯᠦᠨ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ

ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃

     ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ

ᠤᠳᠤᠷᠢᠳᠬᠤ ᠨᠥᠬᠦᠳ ᠠᠯᠪᠠᠨ ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠳᠤ ᠣᠷᠣᠯᠴᠠᠪᠠ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号