ᠬᠤᠳᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/24
     4 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠪᠦᠬᠦᠳᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠲᠠ ᠶᠢᠨ ᠤᠳᠤᠷᠢᠳᠤᠯᠭ᠎ᠠ ᠯᠢ ᠠᠩ᠂ ᠵᠢᠶᠠ ᠴᠢᠩ ᠳ᠋ᠦᠩ᠂ ᠮᠧᠩ ᠫᠧᠢ ᠶᠦᠨ᠂ ᠬᠤᠤ ᠰᠢ ᠬᠤᠩ᠂ ᠴᠢᠶᠣᠤ ᠢᠦᠢ ᠬᠤᠷᠠᠯ ᠳᠤ ᠣᠷᠣᠯᠴᠠᠵᠠᠢ᠃      ᠬᠤᠷᠠᠯ ᠠᠴᠠ ᠮᠠᠨ ᠤ ᠬᠤᠲᠠ ᠶᠢᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠤᠯᠪᠤᠭᠳᠠᠯ ᠪᠦᠬᠦᠢ ᠠᠵᠢᠯ ᠤᠨ ᠪᠠᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠦᠷ᠎ᠡ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠲᠠᠩ ᠢ ᠵᠢᠭᠠᠵᠤ ᠭᠠᠷᠭᠠᠭᠰᠠᠨ ᠨᠢ᠂ ᠴᠢᠳᠠᠪᠤᠷᠢᠲᠠᠨ ᠪᠣᠯ ᠭᠠᠵᠠᠷ ᠣᠷᠣᠨ ᠤ ᠬᠥᠭᠵᠢᠯᠲᠡ ᠶᠢᠨ ᠭᠤᠣᠯᠯᠠᠭᠴᠢ ᠦᠷᠢᠰᠦᠯᠳᠦᠬᠦ ᠬᠦᠴᠦᠨ ᠮᠥᠨ᠂ ᠭᠠᠵᠠᠷ ᠣᠷᠣᠨ ᠤ ᠠᠯᠤᠰ ᠬᠡᠳᠦ ᠶᠢᠨ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠥᠩᠭᠡᠷᠡᠭᠰᠡᠨ ᠨᠢᠭᠡ ᠵᠢᠯ ᠳᠤ᠂ ᠮᠠᠨ ᠤ ᠬᠤᠲᠠ ᠶᠢᠨ ᠴᠢᠳᠠᠪᠤᠷᠢᠲᠠᠨ ᠤ ᠠᠵᠢᠯ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠦᠢᠯᠡᠳᠦᠯ ᠢᠶᠠᠨ ᠪᠠᠳᠠᠷᠠᠭᠤᠯᠬᠤ᠂ ᠪᠠᠶᠢᠭᠤᠯᠤᠮᠵᠢ ᠲᠣᠭᠲᠠᠴᠠ ᠵᠡᠷᠭᠡ ᠲᠠᠯ᠎ᠠ ᠪᠠᠷ ᠪᠠᠰᠠ ᠵᠠᠷᠢᠮ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠃ ᠪᠢᠳᠡ ᠡᠷᠬᠡᠪᠰᠢ ᠰᠡᠷᠭᠡᠭ ᠲᠠᠨᠢᠯᠲᠠ ᠲᠠᠢ ᠪᠠᠶᠢᠵᠤ᠂ ᠶᠡᠭᠡ ᠬᠠᠨᠳᠤᠰᠢ ᠶᠢ ᠲᠣᠳᠣᠷᠬᠠᠢ ᠲᠠᠨᠢᠵᠤ᠂ ᠵᠦᠷᠢᠶ᠎ᠡ ᠳᠤ ᠵᠥᠪ ᠢᠶᠠᠷ ᠬᠠᠨᠳᠤᠵᠤ᠂ ᠰᠠᠭᠤᠵᠤ ᠳᠡᠶᠢᠯᠬᠦ ᠦᠭᠡᠢ᠂ ᠤᠳᠠᠭᠠᠰᠢᠷᠠᠭᠤᠯᠵᠤ ᠳᠡᠶᠢᠯᠬᠦ ᠦᠭᠡᠢ᠂ ᠬᠦᠯᠢᠶᠡᠵᠦ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠲᠤᠯᠭᠠᠮ ᠪᠤᠳᠤᠯ ᠢᠶᠠᠷ ᠴᠢᠳᠠᠪᠤᠷᠢᠲᠠᠨ ᠤ ᠠᠵᠢᠯ ᠢ ᠴᠢᠩᠭ᠎ᠠ ᠠᠳᠬᠤᠵᠤ᠂ ᠴᠢᠳᠠᠪᠤᠷᠢᠲᠠᠨ ᠢ ᠲᠠᠲᠠᠬᠤ ᠬᠦᠴᠦᠨ᠂ ᠲᠠᠭᠠᠭᠠᠬᠤ ᠬᠦᠴᠦᠨ᠂ ᠦᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠴᠢᠳᠠᠪᠤᠷᠢᠲᠠᠨ ᠭᠡᠬᠦ ᠨᠢᠭᠡᠳᠦᠭᠡᠷ ᠡᠬᠢ ᠪᠠᠶᠠᠯᠢᠭ ᠤᠨ ᠣᠶᠢᠯᠠᠭᠠᠭᠳᠠᠬᠤᠨ ᠢ ᠦᠨᠡᠨ ᠬᠦ ᠪᠤᠢ ᠪᠣᠯᠭᠠᠵᠤ᠂ ᠴᠢᠳᠠᠪᠤᠷᠢᠲᠠᠨ ᠢ ᠴᠢᠬᠤᠯᠠᠴᠢᠯᠠᠬᠤ᠂ ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢ ᠰᠠᠶᠢᠲᠤᠷ ᠬᠡᠷᠡᠭᠯᠡᠬᠦ ᠠᠭᠤᠷ ᠠᠮᠢᠰᠬᠤᠯ ᠢ ᠦᠨᠡᠨ ᠬᠦ ᠵᠤᠵᠠᠭᠠᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ᠭᠡᠵᠡᠢ᠃      ᠲᠠᠩ ᠢ ᠴᠢᠬᠤᠯᠠᠴᠢᠯᠠᠭᠰᠠᠨ ᠨᠢ᠂ ᠴᠢᠳᠠᠪᠤᠷᠢᠲᠠᠨ ᠤ ᠠᠵᠢᠯ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠨᠠᠷᠢᠨ ᠬᠢᠨᠠᠮᠠᠭᠠᠢ ᠪᠣᠳᠣᠯᠬᠢᠯᠠᠵᠤ᠂ ᠰᠢᠰᠲ᠋ᠧᠮ ᠲᠠᠢ ᠲᠥᠯᠥᠪᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠰᠡᠳᠬᠢᠬᠦᠢ ᠪᠠᠷ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠲᠤᠬᠢᠷᠠᠭᠤᠯᠤᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠠᠷᠠᠭᠠᠯᠵᠠᠯ ᠢ ᠨᠠᠶᠢᠳᠠᠪᠤᠷᠢᠵᠢᠭᠤᠯᠵᠤ᠂ ︽ᠨᠣᠶᠠᠨ ᠵᠡᠷᠭᠡ ᠶᠢ ᠡᠷᠬᠢᠮᠯᠡᠬᠦ︾᠂ ᠵᠠᠰᠠᠭ ᠵᠠᠬᠢᠷᠭᠠᠨᠴᠢᠯᠠᠬᠤ᠂ ᠵᠡᠷᠭᠡ ᠳᠡᠰ ᠢ ᠴᠢᠬᠤᠯᠠᠴᠢᠯᠠᠬᠤ᠂ ᠮᠠᠯᠠᠭᠠᠢ ᠶᠢ ᠴᠢᠬᠤᠯᠠᠴᠢᠯᠠᠬᠤ ᠦᠵᠡᠯᠲᠡ ᠶᠢ ᠡᠷᠡᠰ ᠠᠷᠢᠯᠭᠠᠵᠤ᠂ ᠴᠢᠳᠠᠪᠤᠷᠢᠲᠠᠨ ᠤ ᠠᠵᠢᠯ ᠤᠨ ︽ᠮᠠᠯᠠᠭᠠᠢ ᠶᠢ ᠯᠠ ᠡᠷᠬᠢᠮᠯᠡᠬᠦ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠵᠠᠬ᠎ᠠ ᠳᠡᠯᠭᠡᠭᠦᠷ ᠪᠠ ᠨᠡᠶᠢᠭᠡᠮ ᠤᠨ ᠬᠡᠷᠡᠭᠴᠡᠭᠡ ᠳᠤ ᠨᠡᠶᠢᠴᠡᠭᠰᠡᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠦᠷᠭᠡᠯᠡᠨ ᠪᠠᠶᠢᠭᠤᠯᠵᠤ᠂ ᠬᠥᠮᠦᠨ ᠪᠠ ᠠᠵᠢᠯ ᠤᠨ ᠪᠠᠶᠢᠷᠢ ᠬᠠᠷᠢᠯᠴᠠᠨ ᠵᠣᠬᠢᠴᠠᠬᠤ᠂ ᠬᠥᠮᠦᠨ ᠪᠦᠬᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠦᠬᠠᠢ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ᠂ ᠬᠦᠰᠡᠯᠡᠩ ᠢᠶᠠᠨ ᠪᠡᠶᠡᠯᠡᠭᠦᠯᠬᠦ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠲᠣᠬᠢᠶᠠᠯ ᠢ ᠴᠥᠮ ᠣᠯᠵᠤ ᠴᠢᠳᠠᠬᠤ ᠪᠣᠯᠭᠠᠬᠤ ᠬᠡᠷᠡᠭᠲᠡᠢ᠃ ᠠᠵᠤ ᠦᠢᠯᠡᠰ ᠢᠶᠠᠷ ᠤᠳᠤᠷᠢᠳᠤᠮᠵᠢ ᠪᠣᠯᠭᠠᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠣᠨᠣᠴᠠᠲᠠᠶ ᠪᠦᠲᠦᠮᠵᠢᠲᠡᠶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠤᠨ ᠠᠪᠴᠢᠷᠠᠬᠤ ᠶᠢ ᠤᠶᠠᠯᠳᠤᠭᠤᠯᠵᠤ᠂ ᠦᠨᠡᠨ ᠬᠦ ᠲᠥᠷᠥᠯ ᠵᠦᠢᠯ ᠢᠶᠠᠷ ᠴᠢᠳᠠᠪᠤᠷᠢᠲᠠᠨ ᠢ ᠴᠤᠭᠯᠠᠷᠠᠭᠤᠯᠬᠤ᠂ ᠴᠢᠳᠠᠪᠤᠷᠢᠲᠠᠨ ᠢᠶᠠᠷ ᠲᠥᠷᠥᠯ ᠵᠦᠢᠯ ᠢ ᠳᠠᠶᠢᠴᠢᠯᠠᠬᠤ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠲᠥᠪᠯᠡᠷᠡᠯ ᠤᠨ ᠭᠠᠵᠠᠷ ᠢ ᠪᠣᠶ ᠪᠣᠯᠭᠠᠬᠤ ᠬᠡᠷᠡᠭᠲᠡᠶ᠃ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠠᠪᠤᠳᠠᠯ ᠢ ᠰᠠᠭᠤᠷᠢᠯᠠᠬᠤ ᠴᠢᠨᠠᠷᠲᠠᠶ ᠪᠠᠶᠢᠷᠢᠨ ᠳᠤ ᠲᠠᠯᠪᠢᠵᠤ᠂ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠦᠵᠢᠭᠦᠯᠵᠦ ᠰᠣᠩᠭᠤᠨ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠥᠭᠵᠢᠯᠲᠡ ᠶᠢᠨ ᠰᠠᠶᠢᠨ ᠰᠠᠶᠢᠬᠠᠨ ᠣᠷᠣᠨ ᠵᠠᠶ ᠶᠢ ᠪᠣᠶ ᠪᠣᠯᠭᠠᠵᠤ᠂ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠨᠤᠲᠤᠭ ᠤᠰᠤ ᠪᠠᠨ ᠬᠦᠭᠵᠢᠬᠦᠯᠬᠦ ᠪᠠᠷ ᠲᠠᠲᠠᠬᠤ ᠬᠡᠷᠡᠭᠲᠡᠶ᠃ ᠡᠭᠦᠨ ᠤ ᠬᠠᠮᠲᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠠᠵᠤ ᠦᠢᠯᠡᠰ ᠤᠨ ᠬᠥᠭᠵᠢᠯᠲᠡ ᠪᠠ ᠲᠣᠰ ᠭᠠᠵᠠᠷ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠣᠯᠠᠨ ᠶᠠᠩᠵᠤ ᠶᠢᠨ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠦᠬᠠᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠢ᠃      ᠲᠠᠩ ᠢ ᠱᠠᠭᠠᠷᠳᠠᠭᠰᠠᠨ ᠨᠢ᠂ ᠬᠤᠳᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠴᠢᠳᠠᠪᠤᠷᠢᠲᠠᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ︽ᠨᠢᠭᠡ ᠲᠥᠪ ᠤᠯᠠᠨ ᠴᠢᠭ︾ ᠤᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠦᠷᠦᠭᠦᠯᠡᠨ ᠶᠡᠷᠦᠩᠬᠡᠶᠢᠯᠡᠨ ᠠᠳᠬᠤᠬᠤ᠂ ᠵᠣᠬᠢᠴᠠᠭᠤᠯᠤᠨ ᠲᠣᠬᠢᠷᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠪᠣᠯᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠷᠬᠡᠪᠰᠢ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠳᠤᠬᠢᠷᠠᠭᠤᠯᠤᠯᠳᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠮᠠᠨ ᠤ ᠬᠤᠳᠠ ᠶᠢᠨ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号