ᠬᠤᠲᠠ ᠶᠢᠨ ᠵᠠᠰᠠᠭ ᠤᠨ ᠣᠷᠳᠣᠨ ᠤ 2022 ᠣᠨ ᠤ 12 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/24
     4 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠤ ᠨᠠᠶᠢᠳᠠᠯᠭ᠎ᠠ ᠪᠠᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠢᠶᠠ ᠴᠢᠩ ᠳ᠋ᠦᠩ ᠬᠤᠲᠠ ᠶᠢᠨ ᠵᠠᠰᠠᠭ ᠤᠨ ᠣᠷᠳᠣᠨ ᠤ 2022 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠲᠠᠪᠤᠳᠤᠭᠠᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠬᠤᠷᠠᠯ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠬᠤᠷᠠᠯ ᠤᠨ ᠪᠠᠶᠢᠷᠢᠯᠠᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠦ᠂ ᠮᠠᠨ ᠤ ᠬᠤᠲᠠ ᠶᠢᠨ ᠬᠤᠯᠪᠤᠭᠳᠠᠯ ᠪᠦᠬᠦᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠲᠣᠭᠤᠷᠢᠭ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ  ᠤᠨ ᠬᠢᠨ ᠨᠠᠮ ᠤᠨ ᠲᠥᠪ ᠬᠤᠷᠢᠶᠠᠨ ᠤ ︽ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠵᠢᠯᠣᠭᠤᠳᠬᠤ ᠰᠠᠨᠠᠯ︾ ᠵᠡᠷᠭᠡ ᠥᠭᠡᠷᠡᠴᠢᠯᠡᠯᠲᠡ ᠶᠢᠨ ᠴᠢᠬᠤᠯᠠ ᠪᠢᠴᠢᠭ ᠮᠠᠲ᠋ᠧᠷᠢᠶᠠᠯ ᠢ ᠭᠦᠨᠵᠡᠭᠡᠢ ᠰᠤᠳᠤᠯᠵᠤ᠂ ᠮᠠᠨ ᠤ ᠬᠤᠳᠠ ᠶᠢᠨ ᠪᠣᠳᠠᠲᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ  ᠪᠠᠨ ᠬᠠᠷᠢᠴᠠᠭᠤᠯᠤᠨ ᠲᠤᠷᠠᠳᠣᠨ ᠭᠠᠷᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠣᠨ ᠤ ᠥᠭᠡᠷᠡᠴᠢᠯᠡᠯᠲᠡ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠡ ᠲᠠᠩᠰᠠ ᠪᠠᠶᠢᠭᠤᠯᠤᠨ᠂ ᠨᠠᠷᠢᠨ ᠲᠠᠩᠰᠠ ᠭᠠᠷᠭᠠᠵᠤ᠂ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠨᠢᠭᠡ ᠪᠦᠯᠦᠭ ᠬᠢᠯᠠᠰ ᠴᠢᠭ ᠲᠠᠢ ᠥᠪᠡᠷᠮᠢᠴᠡ ᠣᠨᠴᠠᠯᠢᠭ ᠲᠠᠢ ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠢᠯᠡᠴᠢᠯᠡᠭᠡ ᠪᠠᠨ ᠤᠯᠠᠮ ᠴᠢᠨᠠᠭᠰᠢᠳᠠ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ᠂ ᠭᠠᠵᠠᠷ ᠰᠢᠷᠣᠢ᠂ ᠤᠰᠤ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠵᠠᠮ ᠂ ᠪᠠᠶᠢᠭᠠᠯᠢ ᠶᠢᠨ ᠰᠢᠲᠠᠮᠠᠬᠠᠶ ᠬᠡᠶ᠂ ᠤᠰᠤ ᠬᠠᠩᠭᠠᠯᠳᠠ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠠᠭᠤᠷ ᠤᠨ ᠥᠷᠲᠡᠭᠡ ᠵᠡᠷᠭᠡ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠪᠠᠷ ᠭᠤᠣᠯᠳᠠᠭᠤᠯᠵᠤ᠂ ᠠᠵᠤ ᠦᠢᠯᠡᠰ ᠢᠶᠠᠷ ᠣᠷᠣᠯᠠᠬᠤ ᠠᠯᠬᠤᠭ᠎ᠠ ᠪᠠᠨ ᠲᠦᠷᠭᠡᠳᠬᠡᠵᠦ᠂ ᠬᠡᠦᠷᠰᠢᠭᠦᠯᠬᠦ ᠠᠵᠤ ᠦᠢᠯᠡᠰ ᠢ ᠲᠠᠬᠢᠨ ᠵᠣᠬᠢᠶᠠᠨ ᠪᠠᠶᠢᠭᠤᠯᠵᠤ ᠨᠡᠶᠢᠳᠬᠡᠨ ᠲᠡᠰ ᠳᠡᠪᠰᠢᠭᠦᠯᠬᠦ ᠪᠠ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠰ ᠤᠨ ᠳᠡᠭᠡᠳᠦ ᠲᠡᠰᠵᠢᠭᠰᠡᠨ᠂ ᠤᠶᠤᠨᠴᠢᠯᠠᠬᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠲᠠᠷᠢᠶᠠᠨ ᠭᠠᠵᠠᠷ ᠤᠨ ᠬᠠᠮᠠᠭᠠᠯᠠᠯᠲᠠ ᠪᠠᠨ ᠴᠢᠩᠭᠠᠳᠬᠠᠵᠤ᠂ ᠲᠠᠷᠢᠶᠠᠯᠠᠩ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠴᠣᠭᠴᠠᠯᠠᠵᠤ᠂ ︽ᠬᠤᠯᠢᠰᠢᠨ ᠢᠳᠡᠭᠡᠨ︾ ᠤ ᠢᠨᠵᠧᠨᠧᠷᠢᠩ ᠢ ᠴᠢᠩᠭ᠎ᠠ ᠪᠦᠭᠡᠳ ᠪᠣᠳᠠᠲᠠᠶ ᠠᠳᠬᠤᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ᠂ ᠭᠠᠵᠠᠷ ᠣᠷᠣᠨ ᠤ ᠣᠨᠴᠠᠯᠢᠭ ᠢᠶᠠᠷ ᠪᠠᠶᠠᠯᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠪᠠᠨ ᠤᠯᠠᠮ ᠴᠢᠨᠠᠭᠰᠢᠳᠠ ᠴᠢᠩᠭᠠᠳᠬᠠᠵᠤ᠂ ᠦᠷᠭᠦᠯᠵᠢᠯᠡᠨ ᠡᠭᠦᠷᠭᠡ᠂ ᠠᠬᠢᠴᠠ᠂ ᠦᠷ᠎ᠡ ᠪᠦᠲᠦᠮᠵᠢ ᠪᠠᠨ ᠰᠢᠮᠳᠠᠭᠤᠯᠤᠨ ᠪᠠᠶᠢᠴᠠᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡᠯᠡᠵᠦ ᠪᠠᠶᠢᠭ᠎ᠠ ᠭᠤᠣᠯᠳᠠᠯᠭ᠎ᠠ ᠲᠠᠢ ᠠᠵᠢᠯ ᠤᠨ ᠡᠭᠦᠷᠭᠡ ᠪᠠᠨ ᠪᠦᠬᠦ ᠲᠠᠯ᠎ᠠ ᠪᠠᠷ ᠪᠦᠷᠢᠳᠬᠡᠵᠦ᠂ ᠨᠢᠭᠡᠨᠲᠡ ᠪᠡᠶᠡᠯᠡᠭᠦᠯᠦᠭᠰᠡᠨ ᠪᠠᠶᠢᠪᠠᠯ ᠲᠣᠭᠲᠠᠭᠰᠠᠨ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠬᠠᠷᠠᠬᠠᠨ ᠪᠡᠶᠡᠯᠡᠭᠦᠯᠦᠭᠡᠳᠦᠶ ᠪᠠᠶᠢᠪᠠᠯ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢᠶᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠰᠤᠳᠤᠯᠤᠨ ᠲᠣᠬᠢᠷᠠᠭᠤᠯᠵᠤ᠂ ᠡᠯ᠎ᠡ ᠵᠦᠢᠯ ᠤᠨ ᠠᠵᠢᠯ  ᠢᠶᠠᠨ ᠲᠣᠭᠲᠠᠭᠰᠠᠨ ᠬᠤᠭᠤᠴᠠᠭᠠᠨ ᠳᠤ ᠴᠢᠨᠠᠷ ᠢ ᠨᠢ ᠪᠠᠲᠤᠯᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠬᠦᠴᠦᠲᠡᠶ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠬᠤ ᠬᠡᠷᠡᠭᠲᠡᠶ᠃      ᠬᠤᠷᠠᠯ ᠠᠴᠠ ᠪᠠᠰᠠ ︽ᠦᠬᠠᠢ ᠬᠤᠳᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠰᠤᠳᠤᠯᠤᠭᠰᠠᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号