ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2022/4/25
     4 ᠰᠠᠷ᠎ᠠ ᠶᠢᠨ 24 ᠤ ᠡᠳᠦᠷ᠂ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ ᠤᠨ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠶᠠᠪᠤᠭᠳᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠬᠠᠶ ᠿᠦᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃      ᠹᠧᠩ ᠰᠢᠤᠸᠠᠢ ᠲᠤᠤ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠷᠢᠯᠳᠦᠬᠦᠨ ᠪᠣᠯᠤᠭᠰᠠᠨ ᠤ ᠬᠤᠪᠢ ᠳᠤ ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠨᠠᠶᠢᠳᠠᠪᠤᠷᠢᠵᠢᠭᠤᠯᠬᠤ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠠᠷᠠᠳᠴᠢᠯᠠᠯ ᠤᠨ ᠡᠷᠬᠡ ᠶᠢ ᠪᠠᠲᠤᠯᠠᠬᠤ ᠭᠤᠤᠯ ᠬᠦᠴᠦᠨ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠴᠢᠳᠠᠪᠤᠷᠢ ᠬᠡᠪ ᠴᠢᠨᠠᠷ ᠤᠨ ᠬᠦᠴᠦᠷᠬᠡᠭ ᠪᠠᠭᠤᠷᠠᠶ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠬᠢᠷᠢ ᠲᠦᠪᠰᠢᠨ ᠤ ᠥᠨᠳᠥᠷ ᠳᠤᠤᠷ᠎ᠠ ᠪᠠᠶᠢᠬᠤ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠲᠠᠢ ᠰᠢᠭᠤᠳ ᠬᠤᠯᠪᠣᠭᠳᠠᠵᠤ ᠪᠠᠶᠢᠳᠠᠭ᠃ ᠲᠥᠯᠥᠭᠡᠯᠡᠭᠴᠢᠳ ᠡᠨᠡ ᠤᠳᠠᠭᠠᠨ ᠤ ᠰᠤᠷᠤᠯᠴᠠᠬᠤ ᠲᠣᠬᠢᠶᠠᠯ ᠢ ᠨᠠᠨᠳᠢᠩᠨᠠᠨ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠰᠤᠷᠤᠯᠴᠠᠬᠤ ᠬᠡᠪ ᠰᠤᠷᠲᠠᠯ ᠢ ᠪᠠᠷᠢᠮᠲᠠᠯᠠᠵᠤ᠂ ᠨᠠᠷᠢᠨ ᠬᠢᠨᠠᠮᠠᠭᠠᠢ ᠰᠣᠨᠣᠰᠴᠤ᠂ ᠭᠦᠨᠵᠡᠭᠡᠢ ᠰᠡᠳᠬᠢᠨ᠂ ᠰᠠᠨᠠᠯ ᠢᠶᠠᠨ ᠰᠠᠶᠢᠲᠤᠷ ᠰᠣᠯᠢᠯᠴᠠᠵᠤ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠠᠪᠠᠯ ᠪᠦᠷᠢᠯᠳᠦᠭᠦᠯᠬᠦ ᠴᠢᠬᠤᠯᠠ ᠲᠠᠢ ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠮᠡᠳᠡᠯᠭᠡ ᠪᠠ ᠠᠵᠢᠯᠯᠠᠬᠤ ᠠᠷᠭ᠎ᠠ ᠶᠢ ᠪᠦᠬᠦ ᠲᠠᠯ᠎ᠠ ᠪᠠᠷ ᠡᠵᠡᠮᠰᠢᠨ ᠣᠶᠢᠯᠠᠭᠠᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠂ ᠬᠤᠶᠢᠰᠢᠳᠠ ᠶᠢᠨ ᠲᠠᠪᠤᠨ ᠵᠢᠯ ᠤᠨ ᠲᠤᠰᠢᠶᠠᠯ ᠤᠨ ᠬᠤᠭᠤᠴᠠᠭᠠᠨ ᠳᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠢᠳᠡᠪᠬᠢᠲᠡᠢ ᠪᠠᠷ ᠠᠵᠢᠯᠯᠠᠵᠤ᠂ ᠲᠥᠯᠥᠭᠡᠯᠡᠭᠴᠢᠳ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃      ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠢᠯᠡᠷᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠲᠦᠮᠡᠨ ᠤ ᠲᠥᠯᠥᠭᠡ ᠪᠠᠶᠢᠬᠤ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠂ ᠠᠷᠠᠳ ᠤᠨ ᠪᠠᠶᠢᠳᠠᠯ ᠢ ᠭᠦᠨᠵᠡᠭᠡᠢ ᠣᠶᠢᠯᠠᠭᠠᠵᠤ᠂ ᠠᠷᠠᠳ ᠤᠨ ᠰᠠᠨᠠᠭ᠎ᠠ ᠶᠢ ᠭᠦᠢᠴᠡᠳ ᠲᠤᠰᠬᠠᠨ᠂ ᠠᠷᠠᠳ ᠤᠨ ᠤᠶᠤᠨ ᠤᠬᠠᠭᠠᠨ ᠢ ᠥᠷᠭᠡᠨ ᠢᠶᠠᠷ ᠲᠥᠪᠯᠡᠷᠡᠭᠦᠯᠵᠦ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ ᠢᠳᠡᠪᠬᠢᠲᠡᠢ ᠪᠠᠷ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠵᠦ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ ᠵᠡᠷᠭᠡ ᠠᠵᠢᠯ ᠳᠤ ᠪᠦᠬᠦ ᠲᠠᠯ᠎ᠠ ᠪᠠᠷ ᠣᠷᠣᠯᠴᠠᠬᠤ ᠪᠠᠨ ᠴᠢᠩᠭᠠᠳᠬᠠᠵᠤ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠣᠶᠤᠨ ᠤ ᠬᠥᠮᠥᠷᠭᠡ︾ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠲᠤᠰ ᠪᠡᠶ᠎ᠡ ᠶᠢᠨ ᠬᠡᠪ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠠᠵᠢᠯᠴᠢ ᠬᠢᠴᠢᠶᠡᠩᠭᠦᠢ ᠪᠠᠷ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠪᠣᠯᠭᠤᠮᠵᠢᠲᠠᠢ ᠬᠢᠬᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠲᠥᠯᠥᠭᠡ ᠪᠠᠶᠢᠬᠤ᠂ ᠪᠣᠳᠠᠲᠠᠢ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠲᠦᠷᠢ ᠲᠥᠷᠬᠦ ᠶᠢ ᠬᠠᠮᠲᠤ ᠪᠠᠷ ᠪᠤᠢ ᠪᠣᠯᠭᠠᠬᠤ ᠬᠡᠷᠡᠭᠲᠡᠢ ᠭᠡᠵᠡᠢ᠃      ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠪᠣᠯᠪᠠᠰᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢ ᠬᠠᠮᠲᠤ ᠪᠠᠷ ᠬᠤᠲᠠ ᠶᠢᠨ ᠨᠠᠮ ᠤᠨ ᠬᠤᠷᠢᠶᠠᠨ ᠤ ᠱᠦᠵᠢ ᠳᠠᠩ ᠢ ᠶᠢᠨ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠷ᠎ᠡ ᠬᠢᠭᠰᠡᠨ ᠲᠤᠰᠬᠠᠶ ᠰᠡᠳᠦᠪᠲᠦ ᠮᠡᠳᠡᠭᠦᠯᠦᠯᠲᠡ ᠶᠢᠨ ᠸᠢᠳᠢᠣ᠋ ᠶᠢ ᠦᠵᠡᠵᠦ ᠰᠤᠷᠤᠯᠴᠠᠪᠠ᠃ ᠸᠠᠩ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ ᠶᠢ ᠪᠠᠷᠢᠮᠲᠠᠯᠠᠨ ᠲᠡᠭᠦᠯᠳᠡᠷᠵᠢᠭᠦᠯᠵᠦ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠦᠭᠵᠢᠬᠦᠯᠦᠶ᠎ᠡ︾ ᠬᠡᠬᠦ ᠭᠤᠣᠯ ᠰᠡᠳᠦᠪ ᠢᠶᠠᠷ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ 6 ᠡᠳᠦᠷ ᠤᠨ ᠬᠤᠭᠤᠴᠠᠭ᠎ᠠ ᠲᠠᠢ᠂ 3 ᠬᠤᠭᠤᠴᠠᠭ᠎ᠠ ᠬᠤᠪᠢᠶᠠᠵᠤ᠂ ᠪᠥᠬᠦ ᠬᠤᠲᠠ ᠶᠢᠨ 150 ᠭᠠᠷᠤᠶ ᠠᠷᠠᠳ ᠤᠨ ᠲᠥᠯᠥᠭᠡᠯᠡᠭᠴᠢ ᠪᠣᠯᠪᠠᠰᠤᠷᠠᠯ ᠳᠤ ᠤᠷᠤᠯᠴᠠᠬᠤ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号