| | | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠶᠢᠷ᠎ᠠ ᠶᠢᠨ ᠬᠤᠭᠤᠴᠠᠭᠠᠨ ᠳᠤ ᠨᠢᠭᠡ ᠪᠦᠯᠦᠭ | ᠤᠳᠤᠷᠢᠳᠬᠤ ᠺᠠᠳ᠋ᠷᠴᠣᠳ ᠢ ᠲᠤᠮᠢᠯᠠᠨ ᠪᠠᠭᠤᠯᠭᠠᠪᠠ | ᠲᠤᠰᠢᠶᠠᠯ ᠳᠤ ᠲᠣᠮᠢᠯᠠᠬᠤ ᠨᠢ᠄ | ᠳ᠋ᠠᠩ ᠵᠢᠶᠠᠨ ᠬᠤᠸᠠ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠲᠠᠷᠤᠭ᠎ᠠ ᠪᠠᠷ | ᠲᠤᠮᠢᠯᠠᠪᠠ︔ | ᠶᠠᠩ ᠾᠦᠢ ᠵᠢᠶᠦ᠋ᠨ ᠬᠤᠳᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠲᠠᠷᠤᠭ᠎ᠠ ᠪᠠᠷ | ᠲᠤᠮᠢᠯᠠᠪᠠ︔ | ᠯᠢ ᠪᠦᠸᠧ ᠨᠠᠨ ᠬᠤᠳᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠲᠠᠷᠤᠭ᠎ᠠ ᠪᠠᠷ | ᠲᠤᠮᠢᠯᠠᠪᠠ︔ | ᠯᠢᠶᠠᠩ ᠳ᠋ᠢᠩ ᠰᠢᠨ ᠬᠤᠲᠠ ᠶᠢᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠡᠷᠬᠢᠯᠡᠭᠴᠢ ᠪᠠᠷ | ᠲᠣᠮᠢᠯᠠᠪᠠ︔ | ᠸᠧᠶ ᠶᠦᠩ ᠾᠦᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠳᠡᠳ᠋ | ᠳᠠᠷᠤᠭ᠎ᠠ ᠪᠠᠷ ᠲᠣᠮᠢᠯᠠᠪᠠ ︵ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠵᠢᠯ︶︔ | ᠡᠦ ᠹᠧᠩ ᠿᠦᠩ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶᠠᠨ ᠤ ᠳᠠᠷᠤᠭ᠎ᠠ ᠪᠠᠷ | ᠲᠣᠮᠢᠯᠠᠪᠠ︔ | ᠸᠠᠩ ᠸᠧᠨ ᠽᠧ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ | ᠳᠡᠳ᠋ ᠳᠠᠷᠤᠭ᠎ᠠ ᠪᠠᠷ ᠲᠣᠮᠢᠯᠠᠪᠠ ︵ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠵᠢᠯ︶︔ | ᠯᠢ ᠳ᠋ᠦᠩ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠪᠠᠷ ᠲᠣᠮᠢᠯᠠᠪᠠ | ︔ | ᠵᠧᠨ ᠱᠢ ᠰᠢᠶᠦ᠋ᠩ ᠥᠪᠥᠷ ᠮᠣᠩᠭᠤᠯ ᠤᠨ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠠᠷ ᠲᠣᠮᠢᠯᠠᠪᠠ︔ | ᠵᠤᠤ ᠱᠧᠩ ᠯᠢ ᠬᠠᠳᠤᠨ ᠭᠤᠣᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠬᠦᠢᠰᠦ | ᠶᠢᠨ ᠦᠢᠯᠡᠰ ᠤᠨ ᠬᠦᠭᠵᠢᠬᠦᠯᠦᠯᠳᠡ ᠶᠢᠨ ᠲᠥᠪ ᠤᠨ ᠳᠡᠳ᠋ ᠡᠷᠬᠢᠯᠡᠭᠴᠢ ᠪᠠᠷ ᠲᠣᠮᠢᠯᠠᠪᠠ︔ | ᠶᠧ ᡁᠢ ᠬᠤᠩ ᠦᠬᠠᠶ ᠬᠤᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨᠠᠭᠴᠢᠳ ᠤᠨ ᠵᠥᠪᠯᠡᠯ ᠤᠨ | ᠲᠡᠷᠢᠭᠦᠯᠡᠭᠴᠢ ᠪᠠᠷ ᠲᠣᠮᠢᠯᠠᠪᠠ︔ | ᠲᠢᠶᠠᠨ ᡁᠢ ᠵᠥᠩ ᠦᠬᠠᠶ ᠬᠤᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠢᠶᠠᠷ | ᠲᠣᠮᠢᠯᠠᠪᠠ︔ | ᠶᠠᠨ ᠰᠢᠤᠸᠠᠢ ᠹᠧᠩ ᠦᠬᠠᠶ ᠬᠤᠲᠠ ᠶᠢᠨ ᠲᠡᠭᠡᠲᠤ ᠰᠢᠨ᠎ᠡ ᠠᠵᠤ ᠦᠢᠯᠡᠳᠪᠦᠷᠢ ᠶᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠪᠠᠷ ᠲᠣᠮᠢᠯᠠᠪᠠ ︵ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠵᠢᠯ︶︔ | ᠵᠠᠩ ᠯᠢ ᠫᠢᠩ ᠦᠬᠠᠢ ᠬᠤᠳᠠ ᠶᠢᠨ ᠲᠡᠭᠡᠲᠤ ᠰᠢᠨ᠎ᠡ ᠠᠵᠤ ᠦᠢᠯᠡᠳᠪᠦᠷᠢ ᠶᠢᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠢᠶᠠᠷ | ᠲᠣᠮᠢᠯᠠᠪᠠ︔ | ᠯᠢᠦ ᠵᠤᠤ ᠭᠦᠸᠧ ᠦᠬᠠᠢ ᠬᠤᠲᠠ ᠶᠢᠨ ᠲᠡᠭᠡᠲᠤ ᠰᠢᠨ᠎ᠡ ᠠᠵᠤ ᠦᠢᠯᠡᠳᠪᠦᠷᠢ ᠶᠢᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠢᠶᠠᠷ | ᠲᠣᠮᠢᠯᠠᠪᠠ︔ | ᠯᠢᠦ ᠵᠢᠶᠠᠨ ᠵᠢᠶᠦ᠋ᠨ ᠦᠬᠠᠢ ᠶᠢᠨ ᠪᠦᠬᠦ ᠤᠷᠤᠨ ᠪᠦᠰᠡ ᠶᠢᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠦᠭᠵᠢᠬᠦᠯᠦᠯᠳᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠢᠶᠠᠷ ᠲᠣᠮᠢᠯᠠᠪᠠ︔ | ᠴᠢᠶᠧ ᠵᠣᠣ ᠰᠢᠶᠦ᠋ᠩ ᠦᠬᠠᠢ ᠶᠢᠨ ᠪᠦᠬᠦ ᠤᠷᠤᠨ ᠪᠦᠰᠡ ᠶᠢᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠦᠭᠵᠢᠬᠦᠯᠦᠯᠳᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ | ᠳᠠᠭᠠᠭᠠᠮᠠᠯ ᠢᠶᠠᠷ ᠲᠣᠮᠢᠯᠠᠪᠠ︔ | ᠵᠠᠩ ᠮᠢᠩ ᠯᠢᠶᠠᠩ ᠦᠬᠠᠶ ᠬᠤᠲᠠ ᠶᠢᠨ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ | ᠦᠢᠯᠡᠴᠢᠯᠡᠭᠡᠨ ᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠪᠠᠷ ᠲᠤᠮᠢᠯᠠᠪᠠ ︵ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠵᠢᠯ︶︔ | ᠬᠤ᠋ ᠵᠠᠨ ᠭᠦᠸᠧ ᠦᠬᠠᠶ ᠬᠤᠲᠠ ᠶᠢᠨ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ | ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠢᠶᠠᠷ ᠲᠣᠮᠢᠯᠠᠪᠠ ︵ᠲᠤᠷᠰᠢᠨ | ᠬᠡᠷᠡᠭᠯᠡᠬᠦ ᠬᠤᠭᠤᠴᠠᠭ᠎ᠠ ᠨᠢ ᠨᠢᠭᠡ ᠵᠢᠯ︶︔ | ᠰᠦᠨ ᠨᠠ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︵ᠬᠤᠲᠠ ᠶᠢᠨ | ᠴᠢᠳᠠᠪᠤᠷᠢᠲᠠᠨ ᠤ ᠰᠣᠯᠢᠯᠴᠠᠭᠠᠨ ᠤ ᠲᠥᠪ︶ ᠤᠨ ᠡᠷᠭᠢᠯᠡᠭᠴᠢ ᠪᠠᠷ ᠲᠤᠮᠢᠯᠠᠪᠠ︔ | ᠯᠢ ᡁᠢ ᠶᠢᠩ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ | ᠡᠷᠬᠢᠯᠡᠭᠴᠢ ᠪᠠᠷ ᠲᠤᠮᠢᠯᠠᠪᠠ ︵ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠵᠢᠯ︶᠃ | ︵ᠦᠬᠠᠢ ᠠᠯᠪᠠᠨ ᠵᠠᠰᠠᠭ ᠲᠤᠮᠢᠯᠠᠬᠤ ︹ 2022 ︺1 ᠳ᠋ᠣᠭᠡᠷ ᠲᠣᠭᠠᠲᠤ ᠪᠢᠴᠢᠭ ᠮᠠᠲ᠋ᠧᠷᠢᠶᠠᠯ ᠢ | ᠦᠨᠳᠦᠰᠦᠯᠡᠪᠡ︶ | | ᠲᠤᠰᠢᠶᠠᠯ ᠠᠴᠠ ᠪᠠᠭᠤᠯᠭᠠᠬᠤ ᠨᠢ᠄ | ᠴᠡᠩᠭᠡᠯ ᠬᠤᠲᠠ ᠶᠢᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ | ᠠᠴᠠ ᠪᠠᠭᠤᠯᠭᠠᠪᠠ︔ | ᠰᠥᠩ ᠶᠤᠸᠠᠢ ᠰᠢᠶᠠ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯ ᠤᠨ ᠲᠤᠪᠴᠢᠶᠠᠨ ᠤ | ᠳᠠᠷᠤᠭ᠎ᠠ ᠶᠢᠨ ᠲᠤᠰᠢᠶᠠᠯ ᠠᠴᠠ ᠪᠠᠭᠤᠯᠭᠠᠪᠠ︔ | ᠭᠦᠸᠧ ᠴᠠᠩ ᠠᠨ ᠦᠬᠠᠶ ᠬᠤᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠶᠢᠨ ᠲᠤᠰᠢᠶᠠᠯ ᠠᠴᠠ ᠪᠠᠭᠤᠯᠭᠠᠪᠠ︔ | ᠰᠣᠳᠤᠪᠢᠯᠢᠭ᠌ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠪᠠ︔ | ᠯᠢᠶᠠᠩ ᠳ᠋ᠢᠩ ᠰᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠡᠳ᠋ ᠳᠠᠷᠤᠭ᠎ᠠ ᠶᠢᠨ ᠲᠤᠰᠢᠶᠠᠯ ᠠᠴᠠ ᠪᠠᠭᠤᠯᠭᠠᠪᠠ︔ | ᠡᠦ ᠶᠠᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠠᠴᠠ | ᠪᠠᠭᠤᠯᠭᠠᠪᠠ︔ | ᠵᠧᠩ ᠯᠢᠨ ᠬᠤ᠋ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠪᠴᠢᠶᠠᠨ ᠤ ᠳᠡᠳ᠋ ᠳᠠᠷᠤᠭ᠎ᠠ᠂ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ | ᠲᠦᠪ ᠤᠨ ᠡᠷᠭᠢᠯᠡᠭᠴᠢ ᠶᠢᠨ ᠲᠤᠰᠢᠶᠠᠯ ᠠᠴᠠ ᠪᠠᠭᠤᠯᠭᠠᠪᠠ︔ | ᠸᠠᠩ ᠬᠤ᠋ ᠵᠢᠶᠦ᠋ᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠳᠡᠳ᠋ ᠳᠠᠷᠤᠭ᠎ᠠ ᠶᠢᠨ | ᠲᠤᠰᠢᠶᠠᠯ ᠠᠴᠠ ᠪᠠᠭᠤᠯᠭᠠᠪᠠ︔ | ᠮᠦ ᠵᠢᠶᠠᠨ ᠭᠦᠸᠧ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ | ᠳᠡᠳ᠋ ᠳᠠᠷᠤᠭ᠎ᠠ ᠶᠢᠨ ᠲᠤᠰᠢᠶᠠᠯ ᠠᠴᠠ ᠪᠠᠭᠤᠯᠭᠠᠪᠠ︔ | ᠭᠦᠸᠧ ᠭᠧ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠶᠢᠨ | ᠲᠤᠰᠢᠶᠠᠯ ᠠᠴᠠ ᠪᠠᠭᠤᠯᠭᠠᠪᠠ︔ | ᠸᠠᠩ ᠫᠸᠢ ᠯᠢᠨ ᠥᠪᠥᠷ ᠮᠣᠩᠭᠤᠯ ᠤᠨ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠪᠠ︔ | | ᠯᠢ ᠳ᠋ᠦᠩ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︵ᠬᠤᠲᠠ ᠶᠢᠨ | ᠴᠢᠳᠠᠪᠤᠷᠢᠲᠠᠨ ᠤ ᠰᠣᠯᠢᠯᠴᠠᠭᠠᠨ ᠤ ᠲᠥᠪ︶ ᠤᠨ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠪᠠ︔︔ | ᠶᠧ ᡁᠢ ᠬᠤᠩ ᠦᠬᠠᠶ ᠬᠤᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠤᠨ | ᠲᠤᠰᠢᠶᠠᠯ ᠠᠴᠠ ᠪᠠᠭᠤᠯᠭᠠᠪᠠ︔ | ᠲᠢᠶᠠᠨ ᡁᠢ ᠵᠥᠩ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠲᠠᠷᠤᠭ᠎ᠠ ᠶᠢᠨ | ᠲᠤᠰᠢᠶᠠᠯ ᠠᠴᠠ ᠪᠠᠭᠤᠯᠭᠠᠪᠠ︔ | ᠶᠠᠨ ᠰᠢᠤᠸᠠᠢ ᠹᠧᠩ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠲᠠᠷᠤᠭ᠎ᠠ ᠶᠢᠨ | ᠲᠤᠰᠢᠶᠠᠯ ᠠᠴᠠ ᠪᠠᠭᠤᠯᠭᠠᠪᠠ︔ | ᠵᠠᠩ ᠯᠢ ᠫᠢᠩ ᠦᠬᠠᠶ ᠬᠤᠲᠠ ᠶᠢᠨ ᠸᠧᠶ ᠰᠢᠨ ᠠᠮᠤᠷ ᠢ ᠬᠠᠮᠠᠭᠠᠯᠠᠵᠤ ᠰᠠᠬᠢᠨ ᠬᠦᠷᠭᠡᠬᠦ ᠦᠢᠯᠡᠴᠢᠯᠡᠭᠡᠨ ᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠶᠢᠨ ᠲᠤᠰᠢᠶᠠᠯ ᠠᠴᠠ | ᠪᠠᠭᠤᠯᠭᠠᠪᠠ︔ | ᠯᠢᠦ ᠵᠣᠣ ᠭᠦᠸᠧ ᠦᠬᠠᠶ ᠬᠤᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠤᠨ | ᠲᠤᠰᠢᠶᠠᠯ ᠠᠴᠠ ᠪᠠᠭᠤᠯᠭᠠᠪᠠ︔ | ᠪᠠᠶᠢᠭᠤᠯᠤᠮᠵᠢ ᠶᠢᠨ ᠨᠡᠷ᠎ᠡ ᠶᠢ ᠬᠠᠯᠠᠭᠰᠠᠨ ᠠᠴᠠ ᠪᠤᠯᠵᠤ᠂ ᠯᠢᠦ ᠵᠢᠶᠠᠨ ᠵᠢᠶᠦ᠋ᠨ ᠤ ᠦᠬᠠᠢ ᠶᠢᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠤᠨ ᠲᠤᠰᠢᠶᠠᠯ ᠠᠶᠠᠨᠳᠠᠭᠠᠨ ᠬᠠᠰᠣᠭᠳᠠᠪᠠ︔ | ᠪᠠᠶᠢᠭᠤᠯᠤᠮᠵᠢ ᠶᠢᠨ ᠨᠡᠷ᠎ᠡ ᠶᠢ ᠬᠠᠯᠠᠭᠰᠠᠨ ᠠᠴᠠ ᠪᠣᠯᠵᠤ᠂ ᠴᠢᠶᠧ ᠵᠣᠣ ᠰᠢᠶᠦ᠋ᠩ ᠤᠨ ᠦᠬᠠᠶ ᠶᠢᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ | ᠶᠡᠷᠦᠩᠬᠡᠶ ᠳᠠᠭᠠᠭᠠᠮᠠᠯ ᠤᠨ ᠲᠤᠰᠢᠶᠠᠯ ᠠᠶᠠᠨᠳᠠᠭᠠᠨ ᠬᠠᠰᠣᠭᠳᠠᠪᠠ︔ | ᠵᠠᠩ ᠮᠢᠩ ᠯᠢᠶᠠᠩ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠲᠠᠷᠤᠭ᠎ᠠ ᠶᠢᠨ | ᠲᠤᠰᠢᠶᠠᠯ ᠠᠴᠠ ᠪᠠᠭᠤᠯᠭᠠᠪᠠ︔ | ᠪᠠᠶᠢᠭᠤᠯᠤᠮᠵᠢ ᠶᠢᠨ ᠨᠡᠷ᠎ᠡ ᠶᠢ ᠬᠠᠯᠠᠭᠰᠠᠨ ᠠᠴᠠ ᠪᠤᠯᠵᠤ᠂ ᠬᠤ᠋ ᠵᠠᠨ ᠭᠦᠸᠧ ᠶᠢᠨ ᠦᠬᠠᠶ ᠬᠤᠲᠠ ᠶᠢᠨ | ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠶᠢᠨ ᠲᠤᠰᠢᠶᠠᠯ ᠠᠶᠠᠨᠳᠠᠭᠠᠨ ᠬᠠᠰᠣᠭᠳᠠᠪᠠ︔ | ᠵᠦ ᠳ᠋ᠠᠨ ᠥᠪᠥᠷ ᠮᠣᠩᠭᠤᠯ ᠤᠨ ᠮᠦᠸᠧ ᠬᠠᠢ ᠯᠢᠦᠢ ᠵᠸᠤ ᠲᠠᠷᠢᠶᠠᠯᠠᠩ ᠤᠨ ᠬᠦᠭᠵᠢᠬᠦᠯᠦᠯᠳᠡ ᠶᠢᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ ᠶᠢᠨ ᠲᠤᠰᠢᠶᠠᠯ ᠠᠴᠠ ᠪᠠᠭᠤᠯᠭᠠᠪᠠ︔ | ᠬᠤᠤ ᠵᠢᠶᠠᠨ ᠫᠢᠩ ᠥᠪᠥᠷ ᠮᠣᠩᠭᠤᠯ ᠤᠨ ᠮᠦᠸᠧ ᠬᠠᠢ ᠯᠢᠦᠢ ᠵᠸᠤ ᠲᠠᠷᠢᠶᠠᠯᠠᠩ ᠤᠨ | ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠤᠨ ᠲᠤᠰᠢᠶᠠᠯ᠂ ᠥᠪᠥᠷ ᠮᠣᠩᠭᠤᠯ ᠤᠨ | ᠪᠠᠷᠠᠭᠤᠨ ᠤᠷᠠᠨᠳᠦ᠋ᠰᠢ ᠠᠭᠤᠯᠠᠨ ᠤ ᠲᠠᠯ᠎ᠠ ᠨᠤᠲᠤᠭ ᠼᠧᠮᠧᠨ᠋ᠲ ᠤᠨ ᠪᠦᠯᠦᠭᠯᠡᠯ ᠤᠨ ᠶᠡᠷᠦᠩᠬᠡᠶ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ ᠤᠨ ᠲᠤᠰᠢᠶᠠᠯ ᠠᠴᠠ ᠪᠠᠭᠤᠯᠭᠠᠪᠠ︔ | ᠰᠦᠨ ᠨᠠ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ | ᠠᠴᠠ ᠪᠠᠭᠤᠯᠭᠠᠪᠠ︔ | ᠯᠢ ᡁᠢ ᠶᠢᠩ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠶᠢᠨ | ᠲᠤᠰᠢᠶᠠᠯ ᠠᠴᠠ ᠪᠠᠭᠤᠯᠭᠠᠪᠠ᠃ | ︵ᠦᠬᠠᠢ ᠠᠯᠪᠠᠨ ᠵᠠᠰᠠᠭ ᠲᠤᠮᠢᠯᠠᠬᠤ ︹ 2022 ︺1 ᠳ᠋ᠣᠭᠡᠷ ᠲᠣᠭᠠᠲᠤ ᠪᠢᠴᠢᠭ ᠮᠠᠲ᠋ᠧᠷᠢᠶᠠᠯ ᠢ | ᠦᠨᠳᠦᠰᠦᠯᠡᠪᠡ︶ | | ᠦᠬᠠᠶ ᠵᠠᠰᠠᠭ ᠠᠯᠪᠠᠨ ᠲᠠᠷᠬᠠᠭᠠᠭᠰᠠᠨ ︹ 2022 ︺ 5 ᠳ᠋ᠤᠭᠠᠷ ᠲᠣᠭᠠᠲᠤ | ︽ᠦᠬᠠᠶ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ | ᠬᠥᠭᠵᠢᠭᠦᠯᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠤᠲᠠ ᠶᠢᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2022 ᠣᠨ ᠤ 3 ᠰᠠᠷ᠎ᠠ ᠶᠢᠨ 15 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠦᠬᠠᠶ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶ | ᠮᠠᠨ ᠤ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ | ᠪᠦᠷᠢᠨᠰᠢᠭᠦᠯᠦᠨ ᠲᠡᠭᠦᠯᠳᠡᠷᠵᠢᠭᠦᠯᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ | ᠬᠥᠭᠵᠢᠯᠲᠡ ᠶᠢ ᠲᠦᠷᠭᠡᠳᠬᠡᠵᠦ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠬᠥᠮᠦᠰ ᠤᠨ ᠣᠷᠣᠨ | ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠪᠦᠲᠦᠮᠵᠢᠲᠡᠶ ᠨᠡᠮᠡᠭᠳᠡᠭᠦᠯᠵᠦ᠂ ︽ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2021 ︺ 22 ᠳ᠋ᠤᠭᠠᠷ ᠲᠣᠭᠠᠲᠤ︶᠂ | ︽ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ | ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 | ︺ 53 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ | ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠤᠨ᠂ ᠠᠷᠠᠳ ᠲᠦᠮᠡᠨ ᠢᠶᠠᠷ ᠭᠤᠤᠯ | ᠪᠣᠯᠭᠠᠬᠤ ᠶᠢ ᠪᠠᠷᠢᠮᠲᠠᠯᠠᠨ᠂ ᠣᠷᠣᠨ ᠰᠠᠭᠤᠴᠠ ᠶᠢᠨ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠳᠣᠪᠤᠶᠢᠯᠭᠠᠵᠤ᠂ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠪᠦᠲᠦᠮᠵᠢᠲᠡᠶ ᠨᠡᠮᠡᠭᠳᠡᠭᠦᠯᠦᠨ᠂ | ᠣᠯᠠᠨ ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ | ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠪᠠᠶᠢᠭᠤᠯᠬᠤ ᠶᠢ ᠠᠬᠢᠭᠤᠯᠵᠤ᠂ | ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠪᠠᠲᠤᠯᠠᠭ᠎ᠠ ᠶᠢᠨ ᠡᠲᠡᠭᠡᠳ ᠢ ᠣᠨᠣᠪᠴᠢᠲᠠᠶ ᠡᠵᠡᠮᠳᠡᠨ᠂ ᠲᠠᠯᠠᠪᠠᠶ ᠶᠢᠨ ᠬᠡᠪᠴᠢᠶ᠎ᠡ ᠶᠢ ᠵᠦᠶ ᠵᠣᠬᠢᠰᠲᠠᠶ | ᠲᠣᠭᠲᠠᠭᠠᠵᠤ᠂ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ | ᠬᠤᠳᠠ ᠲᠣᠭᠤᠷᠢᠭ ᠬᠠᠮᠲᠤᠷᠠᠨ ᠬᠥᠳᠡᠯᠦᠯᠴᠡᠬᠦ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ | ᠬᠠᠮᠵᠢᠯᠴᠠᠬᠤ ᠶᠢ ᠪᠠᠷᠢᠮᠲᠠᠯᠠᠨ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ᠂ ᠠᠵᠢᠯ ᠪᠠ ᠣᠷᠣᠨ ᠰᠠᠭᠤᠴᠠ ᠶᠢ | ᠲᠡᠩᠴᠡᠭᠦᠷᠢᠲᠡᠶ ᠪᠠᠶᠢᠯᠭᠠᠬᠤ ᠶᠢ ᠪᠠᠷᠢᠮᠲᠠᠯᠠᠵᠤ᠂ ᠦᠢᠯᠡᠳᠪᠦᠷᠢᠯᠡᠯ᠂ ᠬᠤᠳᠠ᠂ ᠬᠥᠮᠦᠨ ᠤ ᠠᠭᠤᠰᠣᠯᠴᠠᠭ᠎ᠠ ᠶᠢ | ᠲᠥᠯᠬᠢᠨ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠦᠨ᠎ᠡ᠃ | ︵ᠭᠤᠷᠪᠠ︶ ᠠᠵᠢᠯ ᠤᠨ ᠬᠠᠷᠠᠯᠲᠠ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ | ᠨᠡᠮᠡᠭᠳᠡᠭᠦᠯᠵᠦ᠂ ᠨᠥᠬᠦᠴᠡᠯ ᠳᠤ ᠨᠡᠶᠢᠴᠡᠬᠦ ᠰᠢᠨ᠎ᠡ ᠬᠤᠳᠠ ᠶᠢᠨ ᠠᠷᠠᠳ᠂ ᠵᠠᠯᠠᠭᠤᠴᠤᠳ ᠵᠡᠷᠭᠡ ᠬᠠᠮᠲᠤᠯᠢᠭ ᠤᠨ | ᠱᠠᠳᠤ ᠦᠶ᠎ᠡ ᠶᠢᠨ ᠴᠢᠨᠠᠷᠲᠠᠶ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠢᠳᠡᠪᠬᠢᠲᠡᠶ ᠪᠠᠷ | ᠰᠢᠢᠳᠪᠦᠷᠢᠯᠡᠨ᠎ᠡ᠃ | ᠬᠤᠶᠠᠷ᠂ ᠪᠠᠲᠤᠯᠠᠭ᠎ᠠ ᠶᠢᠨ ᠪᠠᠷᠢᠮᠵᠢᠶ᠎ᠠ | ︵ᠨᠢᠭᠡ︶ ᠪᠠᠲᠤᠯᠠᠭ᠎ᠠ ᠶᠢᠨ ᠡᠲᠡᠭᠡᠳ᠃ ᠮᠠᠨ ᠤ ᠬᠤᠲᠠ ᠳᠤ ᠨᠡᠶᠢᠭᠡᠮ ᠤᠨ ᠳᠠᠭᠠᠳᠬᠠᠯ ᠢ 6 ᠰᠠᠷ᠎ᠠ ᠠᠴᠠ | ᠳᠡᠭᠡᠭᠰᠢ ᠬᠡᠪ ᠤᠨ ᠶᠣᠰᠣᠭᠠᠷ ᠲᠤᠰᠢᠶᠠᠭᠰᠠᠨ ᠪᠥᠭᠡᠳ ᠥᠪᠡᠷ ᠤᠨ ᠣᠷᠣᠨ ᠰᠠᠭᠤᠴᠠ ᠥᠬᠡᠶ ᠰᠢᠨ᠎ᠡ ᠬᠤᠲᠠ ᠶᠢᠨ | ᠠᠷᠠᠳ᠂ ᠵᠠᠯᠠᠭᠤᠴᠤᠳ ᠵᠡᠷᠭᠡ ᠬᠠᠮᠲᠤᠯᠢᠭ ᠪᠣᠯᠤᠨ᠎ᠠ᠃ | ︵ᠬᠤᠶᠠᠷ︶ ᠬᠡᠷ ᠪᠠᠶᠢᠰᠢᠩ ᠤᠨ ᠲᠠᠯᠠᠪᠠᠶ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢᠨ ᠲᠠᠩ ᠢᠵᠢ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠶᠢ 70 ᠲᠡᠭᠰᠢ ᠳᠥᠷᠪᠡᠯᠵᠢᠨ ᠮᠧᠲᠷ ᠠᠴᠠ | ᠬᠡᠲᠦᠷᠡᠭᠦᠯᠵᠦ ᠪᠣᠯᠬᠤ ᠥᠬᠡᠶ᠂ ᠪᠠᠶᠢᠷᠢ ᠶᠢᠨ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢ 30 — 50 ᠲᠡᠭᠰᠢ ᠳᠥᠷᠪᠡᠯᠵᠢᠨ ᠮᠧᠲᠷ ᠣᠷᠴᠢᠮ ᠤᠨ ᠵᠢᠵᠢᠭ ᠬᠡᠷ ᠪᠠᠶᠢᠰᠢᠩ ᠢᠶᠠᠷ ᠭᠤᠤᠯ | ᠪᠣᠯᠭᠠᠨ᠎ᠠ᠃ ᠲᠥᠪᠯᠡᠷᠡᠩᠭᠦᠶ ᠮᠠᠶ᠋ᠢᠭ ᠤᠨ ᠪᠥᠲᠥᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ | ᠲᠥᠪᠯᠡᠷᠡᠩᠭᠦᠶ ᠮᠠᠶ᠋ᠢᠭ ᠤᠨ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠪᠠᠷᠢᠮᠵᠢᠶ᠎ᠠ ᠶᠢᠨ ᠲᠤᠬᠠᠶ ᠮᠡᠳᠡᠭᠳᠡᠯ︾ ︵ᠪᠥᠲᠥᠭᠡᠨ ᠪᠠᠶᠢᠭᠤᠯᠤᠯᠲᠠ ᠠᠯᠪᠠᠨ ᠪᠠᠷᠢᠮᠵᠢᠶ᠎ᠡ ︹ 2021 ︺ 19 | ᠳ᠋ᠣᠭᠡᠷ ᠲᠣᠭᠠᠲᠤ︶ ᠤᠨ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ | ︵ᠭᠤᠷᠪᠠ︶ ᠲᠦᠷᠢᠶᠡᠰᠦᠨ ᠮᠥᠩᠭᠦ ᠶᠢᠨ ᠪᠠᠷᠢᠮᠵᠢᠶ᠎ᠠ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢᠨ ᠲᠦᠷᠢᠶᠡᠰᠦᠨ ᠮᠥᠩᠭᠦ ᠶᠢ ᠠᠳᠠᠯᠢ ᠭᠠᠵᠠᠷ ᠠᠳᠠᠯᠢ ᠬᠡᠰᠡᠭ ᠠᠳᠠᠯᠢ ᠶᠠᠰᠤ ᠴᠢᠨᠠᠷ ᠲᠠᠢ ᠵᠠᠬ᠎ᠠ | ᠳᠡᠯᠭᠡᠭᠦᠷ ᠤᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠠᠴᠠ ᠥᠨᠳᠥᠷ ᠪᠠᠶᠢᠯᠭᠠᠵᠤ ᠪᠣᠯᠬᠤ | ᠥᠬᠡᠶ᠃ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠳᠠᠯ ᠳᠣᠤᠷ᠎ᠠ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠣᠰᠣᠭᠠᠷ ᠨᠡᠶᠢᠭᠡᠮ ᠳᠤ ᠬᠠᠨᠳᠤᠭᠤᠯᠤᠨ | ᠲᠦᠷᠢᠶᠡᠰᠦᠯᠡᠭᠦᠯᠵᠦ ᠪᠣᠯᠤᠨ᠎ᠠ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠶᠢᠨ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠂ ᠬᠠᠷᠢᠶᠠᠲᠤ ᠣᠷᠣᠨ ᠤ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠡᠷᠡᠭᠴᠡᠭᠡ ᠪᠠ ᠬᠠᠳᠠᠭᠠᠯᠠᠭᠳᠠᠵᠤ ᠪᠠᠶᠢᠭ᠎ᠠ ᠭᠠᠵᠠᠷ | ᠰᠢᠷᠣᠶ᠂ ᠭᠡᠷ ᠪᠠᠶᠢᠰᠢᠩ ᠤᠨ ᠡᠬᠢ ᠪᠠᠶᠠᠯᠢᠭ ᠪᠠ ᠬᠥᠮᠦᠨ ᠠᠮᠠ ᠶᠢᠨ ᠣᠷᠣᠵᠤ ᠢᠷᠡᠭᠰᠡᠨ ᠪᠠᠶᠢᠳᠠᠯ ᠢ ᠦᠨᠳᠦᠰᠦᠯᠡᠵᠦ | ᠂ ᠬᠠᠷᠢᠶᠠᠲᠤ ᠣᠷᠣᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠪᠠ ᠣᠨ ᠤ ᠪᠥᠲᠥᠭᠡᠨ | ᠪᠠᠶᠢᠭᠤᠯᠤᠯᠲᠠ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠦᠯᠡᠳᠡᠭᠡᠯ ᠬᠡᠷ | ᠪᠠᠶᠢᠰᠢᠩ᠂ ᠦᠯᠡᠳᠡᠭᠡᠯ ᠭᠠᠵᠠᠷ ᠢ ᠠᠰᠢᠭᠯᠠᠬᠤ ᠪᠠᠷ ᠭᠤᠤᠯ ᠪᠣᠯᠭᠠᠨ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ | ᠪᠠᠶᠢᠭᠤᠯᠬᠤ ᠵᠢᠴᠢ ᠵᠠᠰᠠᠭ ᠤᠨ ᠣᠷᠳᠣᠨ ᠤ ᠰᠤᠯᠠ ᠪᠠᠶᠢᠭ᠎ᠠ ᠣᠷᠣᠨ ᠰᠠᠭᠤᠴᠠ ᠶᠢ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠪᠣᠯᠭᠠᠨ ᠬᠡᠷᠡᠭᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠣᠯᠠᠨ ᠠᠷᠭ᠎ᠠ ᠵᠠᠮ ᠢᠶᠠᠷ | ᠬᠠᠩᠭᠠᠬᠤ ᠬᠡᠷᠡᠭᠳᠡᠢ᠃ ᠬᠠᠷᠢᠶᠠᠲᠤ ᠣᠷᠣᠨ ᠤ ᠳᠣᠲᠣᠷᠠᠬᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢ ᠴᠤᠭᠯᠠᠭᠤᠯᠬᠤ᠂ ᠳᠣᠭᠢᠷᠠᠭᠤᠯᠤᠨ ᠲᠦᠷᠢᠶᠡᠰᠦᠯᠡᠬᠦ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ | ᠢᠶᠠᠨ ᠢᠳᠡᠪᠬᠢᠲᠡᠶ ᠰᠠᠶᠢᠲᠤᠷ ᠬᠢᠵᠦ᠂ ᠦᠷᠭᠦᠯᠵᠢᠯᠡᠨ ᠡᠵᠡᠩᠨᠡᠬᠦ ᠶᠢ ᠪᠡᠶᠡᠯᠡᠭᠦᠯᠬᠦ ᠬᠡᠷᠡᠭᠳᠡᠢ᠃ | ︵ᠬᠤᠶᠠᠷ︶ ᠣᠯᠠᠨ ᠲᠠᠯ᠎ᠠ ᠶᠢ ᠬᠥᠲᠥᠯᠦᠨ ᠵᠢᠯᠣᠭᠤᠳᠴᠤ ᠪᠠᠶᠢᠭᠠᠳ ᠣᠷᠣᠯᠴᠠᠭᠤᠯᠬᠤ ᠬᠡᠷᠡᠭᠳᠡᠢ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠵᠠᠰᠠᠭ ᠤᠨ ᠣᠷᠳᠣᠨ ᠠᠴᠠ ᠭᠠᠵᠠᠷ ᠰᠢᠷᠣᠶ᠂ | ᠡᠳ᠋ ᠤᠨ ᠵᠠᠰᠠᠭ ᠭᠠᠶᠢᠯᠢ᠂ ᠮᠥᠩᠭᠦᠨ ᠬᠦᠢᠯᠭᠡᠭᠡ ᠵᠡᠷᠭᠡ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ | ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠢ ᠬᠦᠢᠴᠡᠳ ᠪᠠᠳᠠᠷᠠᠭᠤᠯᠤᠨ᠂ ︽ᠬᠡᠨ ᠪᠠᠯᠠ ᠣᠷᠣᠭᠤᠯᠪᠠᠯ | ᠬᠡᠨ ᠥᠮᠴᠢᠯᠡᠬᠦ︾ ᠶᠢ ᠪᠠᠷᠢᠮᠲᠠᠯᠠᠵᠤ᠂ ᠣᠯᠠᠨ ᠭᠤᠤᠯ ᠴᠣᠭᠴᠠ ᠶᠢᠨ ᠪᠠᠯᠠ ᠣᠷᠣᠭᠤᠯᠤᠯᠲᠠ᠂ ᠣᠯᠠᠨ ᠠᠷᠭ᠎ᠠ | ᠵᠠᠮ ᠢᠶᠠᠷ ᠬᠠᠩᠭᠠᠬᠤ ᠶᠢ ᠬᠥᠲᠥᠯᠦᠨ ᠵᠢᠯᠣᠭᠤᠳᠴᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ | ᠠᠵᠢᠯ ᠢ ᠲᠦᠷᠦᠭᠦᠯᠡᠨ ᠥᠷᠨᠢᠭᠦᠯᠬᠦ ᠶᠢ ᠵᠣᠷᠢᠭᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠨᠢ ᠬᠦᠢᠴᠡᠳ ᠪᠠᠳᠠᠷᠠᠭᠤᠯᠬᠤ ᠬᠡᠷᠡᠭᠳᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠳᠡᠢ | ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠤᠨ ᠶᠣᠰᠣᠭᠠᠷ᠂ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢᠨ ᠪᠥᠳᠥᠭᠡᠨ ᠪᠠᠶᠢᠭᠤᠯᠤᠯᠲᠠ᠂ ᠲᠦᠷᠢᠶᠡᠰᠦᠯᠡᠭᠦᠯᠬᠦ ᠪᠠ ᠡᠵᠡᠩᠨᠡᠵᠦ ᠬᠠᠮᠢᠶᠠᠷᠬᠤ | ᠪᠥᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠳᠡᠢ᠃ ᠢᠨᠵᠧᠨᠧᠷᠢᠩ ᠤᠨ ᠬᠠᠮᠢᠶᠠᠷᠤᠯᠲᠠ ᠪᠠᠨ | ᠴᠢᠩᠭᠠᠷᠠᠭᠤᠯᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ | ᠣᠷᠣᠭᠤᠯᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠭᠤᠤᠯᠳᠠᠯᠭ᠎ᠠ ᠪᠣᠯᠭᠠᠬᠤ ᠬᠡᠷᠡᠭᠳᠡᠢ︔ | ᠲᠦᠷᠢᠶᠡᠰᠦᠯᠡᠭᠦᠯᠬᠦ ᠬᠠᠮᠢᠶᠠᠷᠤᠯᠲᠠ ᠪᠠᠨ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢᠨ ᠵᠢᠵᠢᠭ ᠬᠡᠯᠪᠡᠷᠢ᠂ ᠬᠢᠮᠳᠠ ᠲᠦᠷᠢᠶᠡᠰᠦᠨ ᠮᠥᠩᠭᠦ᠂ ᠰᠢᠨ᠎ᠡ ᠬᠤᠲᠠ ᠶᠢᠨ ᠠᠷᠠᠳ ᠪᠠ | ᠵᠠᠯᠠᠭᠤᠴᠤᠳ ᠤᠨ ᠬᠠᠩᠭᠠᠯᠭ᠎ᠠ ᠶᠢᠨ ᠱᠠᠭᠠᠷᠳᠠᠯᠭ᠎ᠠ ᠳᠤ ᠬᠠᠨᠳᠤᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ︔ | ᠡᠵᠡᠩᠨᠡᠯᠲᠡ ᠶᠢᠨ ᠬᠠᠮᠢᠶᠠᠷᠤᠯᠲᠠ ᠪᠠᠨ ᠴᠢᠩᠭᠠᠷᠠᠭᠤᠯᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠵᠤ | ᠪᠣᠯᠬᠤ ᠥᠬᠡᠶ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠨᠡᠷ᠎ᠡ ᠪᠠᠷ ᠲᠣᠭᠲᠠᠭᠠᠯ ᠠᠴᠠ | ᠵᠥᠷᠢᠴᠡᠨ ᠡᠵᠡᠩᠨᠡᠬᠦ ᠪᠤᠶᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠮᠡᠬᠡᠯᠡᠨ ᠤᠯᠬᠤ ᠶᠢ ᠴᠢᠩᠭ᠎ᠠ ᠴᠠᠭᠠᠵᠠᠯᠠᠬᠤ | ᠬᠡᠷᠡᠭᠳᠡᠢ᠃ | ︵ᠲᠥᠷᠪᠡ︶ ᠠᠵᠢᠯ ᠤᠨ ᠲᠣᠭᠲᠠᠴᠠ ᠪᠠᠶᠢᠭᠤᠯᠬᠤ ᠬᠡᠷᠡᠭᠳᠡᠢ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠬᠠᠮᠲᠤᠷᠠᠨ ᠬᠢᠨᠠᠬᠤ | ᠲᠣᠭᠲᠠᠴᠠ ᠶᠢ ᠪᠠᠶᠢᠭᠤᠯᠵᠤ᠂ ᠲᠦᠷᠭᠡᠨ ᠬᠢᠨᠠᠨ ᠵᠦᠪᠰᠢᠶᠡᠷᠡᠬᠦ ᠨᠡᠪᠲᠡᠷᠡᠬᠦ ᠵᠠᠮ ᠢ ᠪᠠᠶᠢᠭᠤᠯᠤᠨ᠂ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢᠨ ᠲᠥᠷᠥᠯ ᠵᠦᠢᠯ ᠤᠨ ᠦᠨᠡᠮᠰᠢᠬᠦ ᠪᠢᠴᠢᠭ ᠢ ᠭᠠᠷᠭᠠᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠬᠢᠨᠠᠨ | ᠵᠥᠪᠰᠢᠶᠡᠷᠡᠬᠦ ᠭᠠᠷᠳᠠᠮ ᠬᠦᠢᠴᠡᠳᠬᠡᠵᠦ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠳᠡᠢ︔ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ | ᠦᠨᠡᠮᠰᠢᠬᠦ ᠪᠢᠴᠢᠭ ᠢᠶᠠᠷ ᠳᠠᠮᠵᠢᠭᠤᠯᠤᠨ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ | ᠠᠷᠠᠳ ᠤᠨ ᠬᠡᠷᠡᠭᠯᠡᠭᠡᠨ ᠤ ᠤᠰᠤ ᠴᠠᠬᠢᠯᠭᠠᠨ ᠤ ᠬᠡᠶ ᠶᠢᠨ ᠦᠨ᠎ᠡ ᠬᠠᠩᠰᠢ ᠶᠢ ᠨᠠᠶᠢᠳᠠᠪᠤᠷᠢᠵᠢᠭᠤᠯᠬᠤ ᠬᠡᠷᠡᠭᠳᠡᠢ︔ | ᠪᠠᠩᠬᠢ ᠶᠢᠨ ᠦᠢᠯᠡᠰ ᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠯᠤᠭ᠎ᠠ ᠵᠣᠯᠭᠠᠭᠤᠯᠬᠤ ᠪᠠᠨ ᠴᠢᠩᠭᠠᠳᠬᠠᠵᠤ᠂ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠡᠵᠡᠩᠨᠡᠯᠲᠡ ᠳᠤ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ | ︵ᠲᠠᠪᠤ︶ ᠦᠨᠡᠯᠡᠵᠦ ᠬᠢᠨᠠᠨ ᠰᠢᠯᠭᠠᠬᠤ ᠪᠠᠨ ᠴᠢᠩᠭᠠᠷᠠᠭᠤᠯᠬᠤ ᠬᠡᠷᠡᠭᠳᠡᠢ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ ᠠᠮᠵᠢᠯᠲᠠ ᠪᠦᠲᠦᠮᠵᠢ ᠶᠢ | ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠣᠭᠤᠷᠢᠭ ᠵᠢᠴᠢ ᠬᠤᠯᠪᠤᠭᠳᠠᠯ ᠪᠥᠬᠦᠶ ᠰᠠᠯᠠᠭ᠎ᠠ | ᠮᠥᠴᠢᠷ ᠤᠨ ᠪᠥᠲᠥᠭᠡᠨ ᠪᠠᠶᠢᠭᠤᠯᠤᠯᠲᠠ ᠶᠢᠨ ᠬᠤᠷᠠᠮᠳᠤᠭᠤᠯᠬᠤ᠂ ᠬᠢᠨᠠᠨ ᠵᠥᠪᠰᠢᠶᠡᠷᠡᠵᠦ ᠦᠨᠡᠮᠰᠢᠬᠦ᠂ ᠬᠢᠨᠠᠯᠲᠠ | ᠲᠠᠯᠪᠢᠵᠤ ᠬᠠᠮᠢᠶᠠᠷᠬᠤ᠂ ᠵᠣᠬᠢᠴᠠᠭᠤᠯᠤᠨ ᠬᠠᠮᠵᠢᠯᠴᠠᠬᠤ ᠵᠡᠷᠭᠡ ᠠᠵᠢᠯ ᠢ ᠦᠨᠡᠯᠡᠨ ᠵᠢᠱᠢᠵᠦ ᠰᠢᠯᠭᠠᠨ ᠬᠢᠨᠠᠵᠤ᠂ ᠡᠯ᠎ᠡ | ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠳᠥᠷᠪᠡ᠂ ᠳᠡᠮᠵᠢᠬᠦ ᠲᠥᠷᠥ ᠶᠢᠨ ᠪᠣᠳᠣᠯᠭ᠎ᠠ | ︵ᠨᠢᠭᠡ︶ ᠭᠠᠵᠠᠷ ᠰᠢᠷᠣᠶ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ | 1. ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠰᠢᠭᠯᠠᠨ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠶᠢ ᠳᠡᠮᠵᠢᠨ᠎ᠡ︔ ᠬᠤᠲᠠ ᠶᠢᠨ ᠲᠣᠭᠤᠷᠢᠭ | ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠪᠤᠶᠤ ᠵᠠᠮ ᠬᠠᠷᠢᠯᠴᠠᠭ᠎ᠠ ᠲᠥᠬᠦᠮ ᠣᠷᠣᠨ ᠪᠦᠰᠡ ᠲᠠᠢ | ᠣᠶᠢᠷᠠᠯᠴᠠᠭ᠎ᠠ ᠪᠠᠶᠢᠭ᠎ᠠ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠠᠰᠢᠭᠯᠠᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠶᠢ ᠳᠡᠮᠵᠢᠨ᠎ᠡ︔ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠨᠤᠭᠤᠳ ᠥᠪᠡᠷ ᠢᠶᠠᠨ ᠪᠠᠶᠢᠭᠤᠯᠬᠤ ᠪᠤᠶᠤ | ᠬᠠᠮᠲᠤᠷᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠶᠢ ᠪᠠᠶᠢᠭᠤᠯᠤᠨ ᠡᠵᠡᠩᠨᠡᠵᠦ ᠪᠣᠯᠤᠨ᠎ᠠ︔ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢ ᠪᠥᠲᠥᠭᠡᠨ ᠪᠠᠶᠢᠭᠤᠯᠬᠤ ᠳᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠪᠠᠷᠢᠴᠠᠭᠠᠯᠠᠨ ᠵᠢᠭᠡᠯᠡᠯᠭᠡ ᠠᠪᠴᠤ ᠪᠣᠯᠤᠨ᠎ᠠ᠃ | 2. ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠤᠯᠢ ᠶᠣᠰᠣᠭᠠᠷ ᠣᠯᠤᠭᠰᠠᠨ ᠬᠡᠷᠡᠭᠯᠡᠬᠦ | ᠡᠷᠬᠡ ᠲᠠᠢ ᠭᠠᠵᠠᠷ ᠰᠢᠷᠣᠶ ᠶᠢ ᠲᠥᠯᠥᠪᠵᠢᠭᠦᠯᠭᠡ ᠳᠤ ᠨᠡᠶᠢᠴᠡᠬᠦ᠂ ᠡᠷᠬᠡ ᠶᠢᠨ ᠬᠠᠷᠢᠶᠠᠯᠠᠯ ᠨᠢ ᠬᠤᠪᠢᠷᠠᠬᠤ ᠦᠭᠡᠢ᠂ | ᠠᠮᠤᠷ ᠲᠦᠪᠰᠢᠨ ᠤ ᠱᠠᠭᠠᠷᠳᠠᠯᠭ᠎ᠠ ᠶᠢ ᠬᠠᠩᠭᠠᠬᠤ᠂ ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠬᠦ | ᠤᠷᠢᠲᠠᠯ ᠤᠨ ᠳᠣᠣᠷ᠎ᠠ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠳᠤ ᠬᠡᠷᠡᠭᠯᠡᠬᠦ ᠶᠢ | ᠵᠥᠪᠰᠢᠶᠡᠷᠡᠬᠦ ᠶᠢᠨ ᠬᠠᠮᠲᠤ ᠭᠠᠵᠠᠷ ᠰᠢᠷᠣᠶ ᠶᠢᠨ ᠬᠡᠷᠡᠭᠯᠡᠯᠲᠡ ᠶᠢ ᠬᠤᠪᠢᠷᠠᠭᠤᠯᠵᠤ᠂ ᠭᠠᠵᠠᠷ ᠰᠢᠷᠣᠶ ᠶᠢᠨ ᠦᠨ᠎ᠡ ᠶᠢᠨ | ᠵᠣᠭᠤᠰ ᠢ ᠨᠥᠬᠦᠵᠦ ᠲᠤᠰᠢᠶᠠᠬᠤ ᠦᠭᠡᠢ᠂ ᠤᠤᠯ ᠤᠨ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠤ | ᠬᠤᠪᠢᠶᠠᠷᠢᠯᠠᠨ ᠥᠭᠬᠦ ᠠᠷᠭ᠎ᠠ ᠮᠠᠶ᠋ᠢᠭ ᠢ ᠦᠷᠭᠦᠯᠵᠢᠯᠡᠨ ᠦᠯᠡᠳᠡᠭᠡᠵᠦ ᠪᠣᠯᠤᠨ᠎ᠠ︔ ᠭᠠᠵᠠᠷ ᠰᠢᠷᠣᠶ ᠬᠡᠷᠡᠭᠯᠡᠬᠦ ᠡᠷᠬᠡᠲᠦ | ᠬᠥᠮᠦᠨ ᠤ ᠥᠪᠡᠷ ᠢᠶᠠᠨ ᠪᠠᠶᠢᠭᠤᠯᠬᠤ ᠪᠤᠶᠤ ᠪᠤᠰᠤᠳ ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠬᠤᠷᠰᠢᠨ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠥᠲᠥᠭᠡᠨ ᠪᠠᠶᠢᠭᠤᠯᠵᠤ ᠡᠵᠡᠩᠨᠡᠬᠦ ᠶᠢ | ᠵᠥᠪᠰᠢᠶᠡᠷᠡᠨ᠎ᠡ᠃ | 3. ᠠᠮᠣᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠠᠵᠤ ᠦᠢᠯᠡᠰ ᠤᠨ ᠬᠦᠷᠢᠶᠡᠯᠡᠩ | ᠲᠣᠭᠤᠷᠢᠭ ᠲᠠᠬᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠢᠵᠢ ᠪᠦᠷᠢᠳᠦᠭᠦᠯᠬᠦ ᠪᠥᠳᠥᠭᠡᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠠᠯᠪᠠᠯᠠᠬᠤ ᠵᠢᠴᠢ ᠠᠮᠢᠳᠤᠷᠠᠯ ᠤᠨ ᠦᠢᠯᠡᠴᠢᠯᠡᠭᠡᠨ ᠤ ᠪᠡᠯᠡᠳᠬᠡᠮᠵᠢ ᠶᠢᠨ | ᠬᠡᠷᠡᠭᠯᠡᠬᠦ ᠭᠠᠵᠠᠷ ᠤᠨ ᠲᠠᠯᠠᠪᠠᠢ ᠶᠢᠨ ᠲᠥᠷᠥᠯ ᠵᠦᠢᠯ ᠤᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠢ ᠳᠠᠬᠢ ᠡᠵᠡᠯᠡᠬᠦ | ᠬᠠᠷᠢᠴᠠᠯ ᠤᠨ ᠳᠡᠭᠡᠳᠦ ᠬᠢᠵᠠᠭᠠᠷ ᠢ 7% ᠪᠠᠶᠢᠭᠰᠠᠨ ᠠᠴᠠ ᠨᠢ 15% ᠪᠣᠯᠲᠠᠯ᠎ᠠ ᠳᠡᠭᠡᠭᠰᠢᠯᠡᠭᠦᠯᠵᠦ᠂ ᠪᠠᠷᠢᠯᠭ᠎ᠠ ᠶᠢᠨ | ᠲᠠᠯᠠᠪᠠᠢ ᠶᠢᠨ ᠡᠵᠡᠯᠡᠬᠦ ᠬᠠᠷᠢᠴᠠᠯ ᠤᠨ ᠳᠡᠭᠡᠳᠦ ᠬᠢᠵᠠᠭᠠᠷ ᠢ ᠵᠣᠬᠢᠴᠠᠩᠭᠤᠶ ᠪᠠᠷ ᠳᠡᠭᠡᠭᠰᠢᠯᠡᠭᠦᠯᠦᠨ᠂ ᠳᠡᠭᠡᠭᠰᠢᠯᠡᠭᠦᠯᠬᠦ | ᠬᠡᠰᠡᠭ ᠢ ᠭᠤᠣᠯᠳᠠᠭᠤ ᠪᠠᠶᠢᠷᠢ ᠶᠢᠨ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ | ᠪᠠᠶᠢᠭᠤᠯᠬᠤ ᠳᠤ ᠬᠡᠷᠡᠭᠯᠡᠵᠦ᠂ ᠢᠵᠢ ᠪᠦᠷᠢᠲᠦᠭᠰᠡᠨ ᠲᠠᠸᠠᠷ ᠤᠨ ᠣᠷᠣᠨ ᠰᠠᠭᠤᠴᠠ ᠪᠠᠶᠢᠭᠤᠯᠬᠤ ᠶᠢ ᠴᠢᠩᠭ᠎ᠠ | ᠴᠠᠭᠠᠵᠠᠯᠠᠨ᠎ᠠ︔ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠬᠢ ᠡᠯ᠎ᠡ ᠠᠵᠤ ᠦᠢᠯᠡᠳᠪᠦᠷᠢ ᠶᠢᠨ ᠲᠥᠷᠥᠯ | ᠵᠦᠢᠯ ᠤᠨ ᠢᠵᠢ ᠪᠥᠷᠢᠳᠦᠭᠦᠯᠬᠦ ᠬᠠᠷᠢᠴᠠᠯ ᠯᠤᠭ᠎ᠠ ᠵᠣᠬᠢᠴᠠᠯᠳᠤᠭᠰᠠᠨ ᠬᠡᠷᠡᠭᠯᠡᠬᠦ ᠭᠠᠵᠠᠷ ᠤᠨ ᠲᠠᠯᠠᠪᠠᠶ ᠪᠤᠶᠤ | ᠪᠠᠷᠢᠯᠭ᠎ᠠ ᠶᠢᠨ ᠲᠠᠯᠠᠪᠠᠶ ᠶᠢ ᠲᠥᠪᠯᠡᠷᠡᠭᠦᠯᠵᠦ᠂ ᠪᠠᠶᠢᠷᠢ ᠶᠢᠨ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠶᠢ ᠨᠢᠭᠡᠳᠦᠯᠲᠡᠶ ᠪᠥᠲᠥᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ | 4. ᠰᠤᠯᠠ ᠪᠠᠶᠢᠬᠤ ᠪᠠ ᠦᠷ᠎ᠡ ᠠᠰᠢᠭ ᠠᠰᠢᠭᠯᠠᠮᠵᠢ ᠪᠠᠷ ᠳᠣᠣᠷ᠎ᠠ ᠬᠤᠳᠠᠯᠳᠤᠭᠠᠨ ᠤ ᠠᠯᠪᠠᠯᠠᠬᠤ ᠭᠠᠵᠠᠷ᠂ | ᠪᠠᠭᠤᠳᠠᠯ᠂ ᠦᠢᠯᠡᠳᠪᠦᠷᠢ ᠶᠢᠨ ᠭᠡᠷ ᠪᠠᠶᠢᠰᠢᠩ᠂ ᠰᠠᠩ ᠬᠦᠮᠦᠷᠭᠡ᠂ ᠰᠢᠨᠵᠢᠯᠡᠬᠦ ᠤᠬᠠᠭᠠᠨ ᠤ ᠰᠤᠳᠤᠯᠤᠯ ᠰᠤᠷᠭᠠᠨ | ᠬᠥᠮᠦᠵᠢᠯ ᠵᠡᠷᠭᠡ ᠣᠷᠣᠰᠢᠨ ᠰᠠᠭᠤᠬᠤ ᠪᠤᠰᠤ ᠦᠯᠡᠳᠡᠭᠡᠯ ᠭᠡᠷ ᠪᠠᠶᠢᠰᠢᠩ ᠢ ᠲᠥᠯᠥᠪᠵᠢᠭᠦᠯᠭᠡ ᠳᠤ ᠨᠡᠶᠢᠴᠡᠬᠦ᠂ | ᠡᠷᠬᠡ ᠶᠢᠨ ᠬᠠᠷᠢᠶ᠎ᠠ ᠶᠢ ᠨᠢ ᠦᠯᠦ ᠬᠤᠪᠢᠷᠠᠭᠤᠯᠬᠤ᠂ ᠠᠮᠣᠷ ᠲᠦᠪᠰᠢᠨ ᠤ ᠱᠠᠭᠠᠷᠳᠠᠯᠭ᠎ᠠ ᠶᠢ ᠬᠠᠩᠭᠠᠬᠤ᠂ ᠤᠯᠠᠨ | ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠬᠦ ᠤᠷᠢᠲᠠᠯ ᠤᠨ ᠳᠣᠣᠷ᠎ᠠ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠪᠣᠯᠭᠠᠨ ᠥᠭᠡᠷᠡᠴᠢᠯᠡᠨ ᠪᠠᠶᠢᠭᠤᠯᠬᠤ ᠶᠢ ᠵᠥᠪᠰᠢᠶᠡᠷᠡᠨ᠎ᠡ᠃ ᠥᠭᠡᠷᠡᠴᠢᠯᠡᠨ ᠪᠠᠶᠢᠭᠤᠯᠬᠤ ᠲᠥᠷᠥᠯ | ᠵᠦᠢᠯ ᠨᠢ ᠵᠥᠪᠬᠡᠨ ᠪᠠᠷᠢᠯᠭ᠎ᠠ ᠶᠢᠨ ᠬᠡᠷᠡᠭᠯᠡᠭᠡᠨ ᠤ ᠴᠢᠳᠠᠮᠵᠢ ᠶᠢ ᠲᠦᠷ ᠴᠠᠭ ᠬᠤᠪᠢᠷᠠᠭᠤᠯᠵᠤ᠂ ᠪᠠᠲᠤᠯᠠᠭ᠎ᠠ ᠶᠢᠨ | ᠴᠢᠨᠠᠷᠲᠠᠶ ᠲᠦᠷᠢᠶᠡᠰᠦᠨ ᠣᠷᠣᠨ ᠰᠠᠭᠤᠴᠠ ᠪᠣᠯᠭᠠᠨ ᠬᠡᠷᠡᠭᠯᠡᠬᠦ ᠬᠤᠭᠤᠴᠠᠭᠠᠨ ᠳᠤ᠂ ᠭᠠᠵᠠᠷ ᠰᠢᠷᠣᠶ ᠶᠢᠨ | ᠬᠡᠷᠡᠭᠯᠡᠭᠡᠨ ᠤ ᠰᠢᠨᠵᠢ ᠴᠢᠨᠠᠷ ᠢ ᠬᠤᠪᠢᠷᠠᠭᠤᠯᠬᠤ ᠥᠬᠡᠶ᠂ ᠭᠠᠵᠠᠷ ᠰᠢᠷᠣᠶ ᠶᠢᠨ ᠦᠨ᠎ᠡ ᠶᠢᠨ ᠵᠣᠭᠤᠰ ᠢ ᠨᠥᠬᠦᠵᠦ | ᠲᠤᠰᠢᠶᠠᠬᠤ ᠥᠬᠡᠶ᠃ | ︵ᠬᠤᠶᠠᠷ︶ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ | ᠂ ᠪᠥᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ | ᠲᠥᠯᠥᠪᠯᠡᠭᠡ ᠳᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠳᠤ ᠵᠣᠬᠢᠬᠤ ᠪᠠᠯᠠ ᠮᠥᠩᠭᠦ ᠶᠢᠨ ᠨᠥᠬᠦᠪᠥᠷᠢ | ᠣᠯᠭᠤᠨ᠎ᠠ᠃ | ︵ᠭᠤᠷᠪᠠ︶ ᠭᠠᠶᠢᠯᠢ ᠰᠦᠢᠳᠭᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ | ᠣᠷᠣᠨ ᠰᠠᠭᠤᠴᠠ ᠶᠢᠨ ᠪᠤᠰᠤ ᠦᠯᠡᠳᠡᠭᠡᠯ ᠭᠠᠵᠠᠷ ᠰᠢᠷᠣᠶ ᠪᠠ ᠣᠷᠣᠨ ᠰᠠᠭᠤᠴᠠ ᠶᠢᠨ ᠪᠤᠰᠤ ᠦᠯᠡᠳᠡᠭᠡᠯ | ᠬᠡᠷ ᠪᠠᠶᠢᠰᠢᠩ ᠢ ᠠᠰᠢᠭᠯᠠᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠥᠲᠥᠭᠡᠨ ᠪᠠᠶᠢᠭᠤᠯᠵᠤ | ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠦᠨᠡᠮᠰᠢᠬᠦ ᠪᠢᠴᠢᠭ ᠢ | ᠣᠯᠤᠭᠰᠠᠨ ᠤ ᠳᠠᠷᠠᠭ᠎ᠠ᠂ ᠤᠯᠤᠰ ᠤᠨ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠣᠷᠣᠨ | ᠰᠠᠭᠤᠴᠠ ᠶᠢᠨ ᠲᠦᠷᠢᠶᠡᠰᠦᠯᠡᠯ ᠤᠨ ᠬᠤᠯᠪᠣᠭᠳᠠᠯ ᠪᠥᠬᠦᠶ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠲᠤᠬᠠᠶ ᠠᠯᠪᠠᠨ ᠵᠠᠷ︾ ︵2021 ᠣᠨ ᠤ 24 ᠳ᠋ᠣᠭᠡᠷ ᠲᠣᠭᠠᠲᠤ︶ ᠲᠠᠬᠢ ᠣᠷᠣᠨ | ᠰᠠᠭᠤᠴᠠ ᠶᠢᠨ ᠲᠦᠷᠢᠶᠡᠰᠦᠯᠡᠯ ᠤᠨ ᠥᠷᠲᠡᠭ ᠨᠡᠮᠡᠭᠳᠡᠯ ᠤᠨ ᠭᠠᠶᠢᠯᠢ᠂ ᠬᠡᠷ ᠬᠥᠷᠥᠩᠭᠡ ᠶᠢᠨ ᠭᠠᠶᠢᠯᠢ ᠵᠡᠷᠭᠡ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠪᠠᠲᠤᠯᠠᠭ᠎ᠠ ᠶᠢᠨ | ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠵᠦᠢᠯᠡᠰ ᠠᠴᠠ ᠬᠤᠳᠠ ᠶᠢᠨ ᠰᠠᠭᠤᠷᠢ ᠲᠥᠬᠦᠭᠡᠷᠦᠮᠵᠢ ᠶᠢᠨ ᠢᠵᠢ | ᠪᠦᠷᠢᠳᠦᠭᠦᠯᠬᠦ ᠵᠠᠷᠤᠳᠠᠯ ᠬᠤᠷᠢᠶᠠᠬᠤ ᠦᠭᠡᠢ᠃ | ︵ᠲᠥᠷᠪᠡ︶ ᠠᠷᠠᠳ ᠤᠨ ᠬᠡᠷᠡᠭᠯᠡᠭᠡᠨ ᠤ ᠤᠰᠤ ᠴᠠᠬᠢᠯᠭᠠᠨ ᠬᠡᠢ ᠶᠢᠨ ᠦᠨ᠎ᠡ ᠬᠠᠩᠰᠢ ᠶᠢ ᠬᠡᠷᠡᠭᠵᠢᠭᠦᠯᠦᠨ᠎ᠡ | ᠣᠷᠣᠨ ᠰᠠᠭᠤᠴᠠ ᠶᠢᠨ ᠪᠤᠰᠤ ᠦᠯᠡᠳᠡᠭᠡᠯ ᠭᠠᠵᠠᠷ ᠰᠢᠷᠣᠶ ᠪᠠ ᠣᠷᠣᠨ ᠰᠠᠭᠤᠴᠠ ᠶᠢᠨ ᠪᠤᠰᠤ ᠦᠯᠡᠳᠡᠭᠡᠯ | ᠬᠡᠷ ᠪᠠᠶᠢᠰᠢᠩ ᠢ ᠠᠰᠢᠭᠯᠠᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠥᠲᠥᠭᠡᠨ ᠪᠠᠶᠢᠭᠤᠯᠵᠤ | ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠦᠨᠡᠮᠰᠢᠬᠦ ᠪᠢᠴᠢᠭ ᠢ | ᠣᠯᠤᠭᠰᠠᠨ ᠤ ᠳᠠᠷᠠᠭ᠎ᠠ᠂ ᠤᠰᠤ᠂ ᠴᠠᠬᠢᠯᠭᠠᠨ᠂ ᠬᠡᠶ ᠬᠡᠷᠡᠭᠯᠡᠬᠦ ᠦᠨ᠎ᠡ ᠬᠠᠩᠰᠢ ᠶᠢ ᠰᠠᠭᠤᠭᠠᠯᠢ ᠠᠷᠠᠳ ᠤᠨ | ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | ︵ᠲᠠᠪᠤ︶ ᠮᠥᠩᠭᠦᠨ ᠬᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ | ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ | ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃ | ︵ᠵᠢᠷᠭᠤᠭ᠎ᠠ︶ ᠬᠢᠨᠠᠨ ᠵᠥᠪᠰᠢᠶᠡᠷᠡᠬᠦ ᠴᠤᠪᠤᠷᠠᠯ ᠢᠶᠠᠨ ᠳᠥᠭᠦᠮᠴᠢᠯᠡᠨ᠎ᠡ | 1. ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠰᠢᠨ᠎ᠡ ᠪᠠᠷ | ᠪᠠᠶᠢᠭᠤᠯᠬᠤ ᠲᠥᠯᠥᠪᠯᠡᠭᠡ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠪᠢᠶᠠᠷᠢᠯᠠᠯ ᠢ ᠦᠨᠳᠦᠰᠦᠯᠡᠨ᠂ ᠪᠥᠲᠥᠭᠡᠨ | ᠪᠠᠶᠢᠭᠤᠯᠤᠯᠲᠠ ᠶᠢᠨ ᠭᠤᠤᠯ ᠴᠣᠭᠴᠠ ᠠᠴᠠ ᠲᠤᠭᠤᠷᠢᠭ ᠤᠨ ᠱᠠᠲᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠡᠯ᠎ᠡ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠤᠳ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ | ᠬᠠᠮᠲᠤᠷᠠᠨ ᠲᠥᠷᠥᠯ ᠵᠦᠢᠯ ᠲᠣᠭᠲᠠᠭᠠᠬᠤ᠂ ᠭᠠᠵᠠᠷ ᠰᠣᠩᠭᠤᠨ ᠴᠢᠭ ᠲᠣᠭᠲᠠᠭᠠᠬᠤ᠂ ᠪᠥᠲᠥᠭᠡᠨ | ᠪᠠᠶᠢᠭᠤᠯᠤᠯᠲᠠ ᠶᠢᠨ ᠬᠡᠪᠴᠢᠶ᠎ᠡ ᠵᠡᠷᠭᠡ ᠶᠢ ᠬᠢᠨᠠᠨ ᠬᠠᠷᠭᠤᠭᠤᠯᠵᠤ᠂ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠦᠨᠡᠮᠰᠢᠬᠦ ᠪᠢᠴᠢᠭ ᠢ ᠬᠠᠮᠲᠤᠷᠠᠨ ᠭᠠᠷᠭᠠᠵᠤ᠂ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ | ᠮᠡᠳᠡᠭᠦᠯᠵᠦ ᠳᠠᠩᠰᠠᠯᠠᠭᠤᠯᠤᠨ᠎ᠠ᠃ | 2. ᠣᠷᠣᠰᠢᠨ ᠰᠠᠭᠤᠵᠤ ᠪᠠᠶᠢᠭ᠎ᠠ ᠪᠤᠰᠤ ᠦᠯᠡᠳᠡᠭᠡᠯ ᠬᠡᠷ ᠪᠠᠶᠢᠰᠢᠩ ᠢ ᠠᠰᠢᠭᠯᠠᠨ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠪᠤᠯᠭᠠᠨ ᠪᠥᠲᠥᠭᠡᠨ ᠪᠠᠶᠢᠭᠤᠯᠬᠤ ᠳᠤ᠂ ᠲᠥᠷᠥᠯ ᠵᠦᠢᠯ ᠤᠨ ᠪᠠᠶᠢᠭ᠎ᠠ ᠭᠠᠵᠠᠷ ᠤᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠤᠷᠢᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ ᠪᠠᠶᠢᠭᠠᠳ ᠪᠥᠲᠥᠭᠡᠨ ᠪᠠᠶᠢᠭᠤᠯᠬᠤ ᠲᠥᠰᠦᠯ ᠢ ᠬᠠᠮᠲᠤᠷᠠᠨ ᠬᠢᠨᠠᠨ ᠪᠠᠶᠢᠴᠠᠭᠠᠵᠤ᠂ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠯᠡᠬᠦ ᠣᠷᠣᠨ ᠰᠠᠭᠤᠴᠠ ᠶᠢᠨ ᠲᠥᠷᠥᠯ ᠵᠦᠢᠯ ᠢ ᠦᠨᠡᠮᠰᠢᠬᠦ ᠪᠢᠴᠢᠭ ᠢ | ᠭᠠᠷᠳᠠᠭᠤᠯᠤᠭᠰᠠᠨ ᠤ ᠳᠠᠷᠠᠭ᠎ᠠ᠂ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠪᠠᠷᠢᠯᠭ᠎ᠠ | ᠪᠠᠷᠢᠬᠤ᠂ ᠭᠠᠯ ᠤᠨᠲᠠᠷᠠᠭᠠᠬᠤ ᠵᠡᠷᠭᠡ ᠭᠠᠷᠳᠠᠮ ᠢᠶᠠᠨ ᠭᠦᠢᠴᠡᠳᠭᠡᠨ᠎ᠡ᠃ ᠭᠠᠵᠠᠷ ᠰᠢᠷᠣᠶ ᠶᠢᠨ ᠡᠷᠬᠡ ᠶᠢᠨ | ᠬᠠᠷᠢᠶᠠᠯᠠᠯ ᠤᠨ ᠬᠤᠪᠢᠷᠠᠯᠲᠠ ᠳᠤ ᠬᠤᠯᠪᠣᠭᠳᠠᠬᠤ ᠥᠬᠡᠶ ᠲᠥᠷᠥᠯ ᠵᠦᠢᠯ ᠳᠤ᠂ ᠨᠢᠭᠡᠨᠲᠡ ᠪᠠᠶᠢᠭ᠎ᠠ ᠭᠠᠵᠠᠷ ᠬᠡᠷᠡᠭᠯᠡᠬᠦ | ᠭᠠᠷᠳᠠᠮ ᠵᠡᠷᠭᠡ ᠮᠠᠲ᠋ᠧᠷᠢᠶᠠᠯ ᠢᠶᠠᠷ ᠭᠠᠵᠠᠷ ᠰᠢᠷᠣᠶ ᠶᠢᠨ ᠭᠡᠷᠡᠴᠢᠯᠡᠬᠦ ᠪᠢᠴᠢᠭ ᠮᠠᠲ᠋ᠧᠷᠢᠶᠠᠯ ᠪᠣᠯᠭᠠᠵᠤ᠂ ᠭᠠᠵᠠᠷ ᠬᠡᠷᠡᠭᠯᠡᠬᠦ | ᠭᠠᠷᠳᠠᠮ ᠢ ᠳᠠᠭᠢᠵᠤ ᠬᠦᠢᠴᠡᠳᠬᠡᠬᠦ ᠥᠬᠡᠶ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ᠃ ᠦᠬᠠᠶ | ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ ᠤᠳᠤᠷᠢᠳᠬᠤ | ᠳᠤᠭᠤᠶᠢᠯᠠᠩ ︵ᠳᠠᠭᠠᠯᠳᠤᠭᠤᠯᠤᠯ ᠳᠤ ᠦᠵᠡ︶ ᠢ ᠪᠠᠶᠢᠭᠤᠯᠵᠤ᠂ ᠪᠥᠬᠦ ᠬᠤᠲᠠ ᠶᠢᠨ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢᠨ ᠬᠤᠯᠪᠤᠭᠳᠠᠯ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ | ᠠᠬᠢᠭᠤᠯᠤᠨ᠎ᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠤᠪᠴᠢᠶᠠᠨ ᠤ ᠦᠬᠠᠶ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ | ᠪᠠᠩᠬᠢ ᠶᠢᠨ ᠦᠬᠠᠶ ᠬᠤᠲᠠ ᠶᠢᠨ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠵᠢᠯᠴᠠᠨ ᠠᠬᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ | ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠳᠡᠢ᠃ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢ ᠬᠥᠭᠵᠢᠭᠦᠯᠬᠦ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ | ᠵᠣᠬᠢᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠬᠤ ᠪᠠᠷ ᠯᠠᠪᠯᠠᠯᠲᠠ ᠪᠣᠯᠭᠠᠵᠤ᠂ | ᠬᠡᠷ ᠪᠠᠶᠢᠰᠢᠩ ᠤᠨ ᠢᠷᠡᠯᠲᠡ ᠶᠢ ᠴᠤᠭᠯᠠᠭᠤᠯᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠶᠠᠰᠤ ᠴᠢᠨᠠᠷ ᠢ ᠬᠢᠨᠠᠨ | ᠬᠠᠮᠢᠶᠠᠷᠬᠤ ᠵᠡᠷᠭᠡ ᠠᠵᠢᠯ ᠢᠶᠠᠨ ᠨᠢᠭᠡᠳᠦᠯᠲᠡᠶ ᠲᠥᠯᠥᠪᠯᠡᠨ ᠬᠠᠷᠢᠭᠤᠴᠠᠬᠤ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠪᠠᠨ ᠰᠠᠶᠢᠲᠤᠷ ᠬᠢᠬᠦ ᠬᠡᠷᠡᠭᠳᠡᠢ᠃ ᠡᠯ᠎ᠡ | ᠲᠣᠭᠤᠷᠢᠭ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠣᠳᠣ ᠶᠢᠨ ᠪᠠᠶᠢᠭ᠎ᠠ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠡᠮᠬᠢᠯᠡᠨ ᠳᠢᠭᠯᠡᠭᠰᠡᠨ ᠰᠠᠭᠤᠷᠢᠨ ᠳᠡᠭᠡᠷ᠎ᠡ᠂ ᠤᠯᠤᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢᠨ ᠠᠵᠢᠯ ᠯᠤᠭ᠎ᠠ ᠰᠠᠶᠢᠲᠤᠷ ᠵᠣᠯᠭᠠᠭᠤᠯᠵᠤ᠂ ᠡᠯ᠎ᠡ ᠲᠥᠷᠥᠯ ᠤᠨ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠭᠠᠯ ᠳᠤ ᠨᠡᠶᠢᠴᠡᠭᠰᠡᠨ ᠢ ᠨᠢ ᠴᠥᠮ ᠪᠠᠲᠤᠯᠠᠭ᠎ᠠ ᠶᠢᠨ | ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠵᠢᠷᠤᠮᠵᠢᠭᠰᠠᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠷᠠᠭᠤᠯᠬᠤ ᠬᠡᠷᠡᠭᠳᠡᠢ᠃ ᠡᠯ᠎ᠡ ᠲᠣᠭᠤᠷᠢᠭ᠂ | ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ | ᠬᠥᠭᠵᠢᠭᠦᠯᠬᠦ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠡᠯ᠎ᠡ | ᠲᠠᠯ᠎ᠠ ᠶᠢᠨ ᠬᠢᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠠᠬᠢᠭᠤᠯᠬᠤ | ᠢᠳᠡᠪᠬᠢᠵᠢᠯ ᠪᠠ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ᠨᠡᠶᠢᠭᠡᠮ ᠢᠶᠠᠷ ᠢᠶᠠᠨ ᠥᠷᠭᠡᠨ ᠢᠶᠠᠷ ᠳᠡᠮᠵᠢᠵᠦ᠂ | ᠡᠯ᠎ᠡ ᠲᠥᠷᠥᠯ ᠤᠨ ᠭᠤᠤᠯ ᠴᠣᠭᠴᠠ ᠨᠤᠭᠤᠳ ᠢᠳᠡᠪᠬᠢᠲᠡᠶ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠬᠤ ᠬᠡᠷᠡᠭᠲᠡᠶ᠃ | | ᠳᠠᠭᠠᠯᠳᠤᠭᠤᠯᠤᠯ᠄ ᠦᠬᠠᠶ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ | ᠠᠵᠢᠯ ᠤᠨ ᠤᠳᠤᠷᠢᠳᠬᠤ ᠳᠤᠭᠤᠶᠢᠯᠠᠩ | | ᠳᠠᠭᠠᠯᠳᠤᠭᠤᠯᠤᠯ | | ᠦᠬᠠᠶ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ | ᠤᠳᠤᠷᠢᠳᠬᠤ ᠳᠤᠭᠤᠶᠢᠯᠠᠩ | | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠶᠢᠨ ᠲᠤᠰᠠᠳᠠ᠂ ᠪᠠᠲᠤᠯᠠᠭ᠎ᠠ ᠶᠢᠨ | ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ | ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠨᠢᠭᠡᠳᠦᠯᠲᠡᠶ ᠤᠳᠤᠷᠢᠳᠬᠤ | ᠂ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ | ᠨᠡᠷᠡᠰ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠶᠠᠩ ᠶᠢᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠢᠶᠠ ᠴᠢᠩ ᠳ᠋ᠦᠩ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ | ᠭᠦᠸᠧ ᠢ ᠵᠢᠶᠧ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠬᠦᠨ᠄ ᠱᠢ ᠯᠢ ᠵᠢᠶᠦ᠋ᠨ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ | ᠬᠤ᠋ ᠴᠠᠩ ᠸᠧᠶ ᠬᠤᠲᠠ ᠶᠢᠨ ᠵᠠᠰᠠᠭ ᠤᠨ ᠣᠷᠳᠣᠨ ᠤ ᠲᠡᠳ᠋ ᠨᠠᠷᠢᠨ ᠪᠢᠴᠢᠭ ᠤᠨ ᠳᠠᠷᠤᠭ᠎ᠠ | ᠼᠦᠢ ᠬᠤᠩ ᠪᠥᠸᠧ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ | ᠯᠢᠦ ᠬᠤ᠋ ᠤᠳᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ | ᠯᠢᠦ ᠪᠢᠩ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ | ᠭᠤᠤ ᠪᠦᠸᠧ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠴᠢᠶᠣᠤ ᠲᠢᠶᠠᠨ ᠹᠧᠩ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | ᠵᠤᠤ ᠺᠦᠩ ᠵᠠᠩ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠳ᠋ᠦᠩ ᠶᠤᠸᠠᠢ ᠹᠸᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ | ᠶᠠᠩ ᠰᠢᠤᠸᠠᠢ ᠹᠧᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠯᠢᠦ ᠴᠠᠩ ᠾᠦᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠯᠢ ᠾᠧ ᠫᠢᠩ ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ | ᠰᠢᠤᠢ ᠪᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠹᠠᠨ ᠯᠢ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶᠠᠨ ᠤ ᠲᠠᠷᠤᠭ᠎ᠠ | ᠯᠢ ᠶᠧ ᠰᠢᠶᠦ᠋ᠨ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ | ᠵᠣᠣ ᠹᠧᠩ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶᠠᠨ ᠤ ᠦᠬᠠᠶ ᠬᠤᠲᠠ ᠶᠢᠨ | ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠲᠠᠷᠤᠭ᠎ᠠ | ᠯᠢᠦᠶ ᠶᠦᠩ ᠰᠢᠶᠠᠩ ᠠᠷᠠᠳ ᠤᠨ ᠪᠠᠩᠬᠢ ᠶᠢᠨ ᠦᠬᠠᠶ ᠬᠤᠲᠠ ᠶᠢᠨ ᠲᠥᠪ ᠰᠠᠯᠪᠤᠷᠢ ᠪᠠᠩᠬᠢ ᠶᠢᠨ | ᠳᠠᠷᠤᠭ᠎ᠠ | ᠪᠥᠸᠧ ᠬᠤᠩ ᠪᠢᠨ ᠦᠬᠠᠶ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠯᠢᠦ ᠴᠠᠩ ᠾᠦᠢ | ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠳᠡᠳ᠋ ᠳᠠᠷᠤᠭ᠎ᠠ ᠵᠠᠩ ᠵᠧ | ᠾᠧᠩ ᠨᠥᠬᠦᠷ ᠬᠠᠪᠰᠤᠷᠭᠠᠨ ᠬᠠᠷᠢᠭᠤᠴᠠᠨ᠎ᠠ᠃ | ᠬᠤᠶᠢᠰᠢᠳᠠ᠂ ᠬᠤᠲᠠ ᠶᠢᠨ ᠤᠳᠤᠷᠢᠳᠤᠯᠭ᠎ᠠ ᠠᠴᠠ ᠪᠤᠰᠤᠳ ᠪᠦᠷᠢᠯᠳᠦᠬᠦᠨ ᠳᠤ ᠬᠤᠪᠢᠷᠠᠯᠲᠠ ᠭᠠᠷᠪᠠᠯ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠥᠪᠡᠰᠦᠪᠡᠨ ᠲᠣᠬᠢᠷᠠᠭᠤᠯᠤᠯᠲᠠ ᠬᠢᠵᠦ᠂ ᠬᠤᠲᠠ ᠶᠢᠨ | ᠵᠠᠰᠠᠭ ᠤᠨ ᠣᠷᠳᠣᠨ ᠤ ᠠᠯᠪᠠᠨ ᠬᠡᠷ ᠠᠴᠠ ᠳᠠᠭᠢᠵᠤ ᠠᠰ ᠲᠤᠨᠢ ᠪᠢᠴᠢᠭ ᠮᠠᠲ᠋ᠧᠷᠢᠶᠠᠯ ᠲᠠᠷᠬᠠᠭᠠᠬᠤ ᠥᠬᠡᠶ᠃ | | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 3 ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ | | | | | |