4 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ | ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ | ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ | ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠣᠯᠳᠠ | ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠲᠣᠭᠤᠷᠢᠭ ᠪᠣᠯᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠨᠠᠷᠢᠨ ᠪᠤᠳᠤᠯᠢᠶᠠᠨᠲᠠᠶ ᠬᠤᠪᠢᠷᠠᠯᠲᠠ | ᠶᠡᠬᠡᠲᠡᠶ ᠬᠤᠷᠸ᠎ᠠ ᠪᠠᠶᠢᠳᠠᠯ ᠤᠨ ᠡᠮᠦᠨ᠎ᠡ᠂ ᠦᠷᠭᠦᠯᠵᠢᠯᠡᠨ ᠨᠡᠮᠡᠭᠳᠡᠵᠦ ᠪᠠᠶᠢᠭ᠎ᠠ ᠪᠠᠭᠤᠷᠠᠬᠤ ᠳᠠᠷᠤᠯᠲᠠ ᠶᠢᠨ ᠡᠮᠦᠨ᠎ᠡ᠂ | ᠪᠦᠬᠦ ᠬᠤᠲᠠ ᠪᠠᠷ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠤ ᠬᠤᠯᠪᠤᠭᠳᠠᠯ ᠪᠦᠬᠦᠢ ᠠᠵᠢᠯ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠪᠥᠬᠦ | ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠬᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠰᠠᠶᠢᠨ ᠪᠠᠶᠢᠳᠠᠯ ᠢ ᠪᠠᠲᠤᠯᠠᠵᠤ᠂ ︽ᠲᠣᠭᠲᠠᠭᠤᠨ | ᠡᠭᠢᠯᠡᠯᠳᠡ︾ ︽ᠰᠠᠶᠢᠨ ᠡᠬᠢᠯᠡᠯᠲᠡ︾ ᠶᠢ ᠶᠡᠷᠦᠩᠬᠡᠶ ᠳᠡᠭᠡᠨ ᠪᠡᠶᠡᠯᠡᠭᠦᠯᠪᠡ᠃ ᠲᠠᠷᠠᠭᠠᠴᠢ ᠶᠢᠨ ᠠᠵᠢᠯ ᠤᠨ | ᠳᠤᠮᠳᠠ ᠪᠠᠨ ᠪᠢᠳᠡ ᠵᠠᠪᠠᠯ ᠬᠠᠷᠠᠯᠲᠠ ᠪᠠᠨ ᠲᠣᠭᠲᠠᠭᠠᠵᠤ᠂ ᠳᠠᠷᠤᠯᠲᠠ ᠦᠵᠡᠭᠦᠯᠦᠨ ᠡᠷᠡᠯᠬᠡᠭᠯᠡᠨ ᠤᠷᠤᠭᠰᠢᠯᠠᠵᠤ᠂ | ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠪᠦᠲᠦᠮᠵᠢ ᠪᠠᠷ ᠢᠶᠠᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ | ᠲᠦᠷᠦᠭᠦᠤ ᠬᠠᠭᠠᠰ ᠵᠢᠯ ᠤᠨ ᠠᠵᠢᠯ ᠢᠶᠠᠨ ᠰᠠᠶᠢᠲᠤᠷ ᠬᠢᠬᠦ ᠶᠢ ᠦᠨᠡᠨ ᠬᠦ ᠪᠠᠲᠤᠯᠠᠵᠤ᠂ ︽ᠪᠥᠬᠦ ᠵᠢᠯ ᠳᠤ ᠠᠮᠵᠢᠯᠳᠠ | ᠤᠯᠬᠤ︾ ᠶᠢ ᠪᠡᠶᠡᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠠᠵᠤ | ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠲᠤᠬᠢᠷᠠᠭᠤᠯᠬᠤ ᠪᠠᠨ ᠴᠢᠩᠭᠠᠳᠬᠠᠵᠤ᠂ ᠭᠠᠷᠴᠤ ᠮᠡᠳᠡᠬᠦ | ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ᠂ ᠭᠡᠨᠡᠳᠲᠡ ᠶᠢᠨ ᠴᠢᠨᠠᠷᠲᠠᠢ ᠠᠰᠠᠭᠤᠳᠠᠯ ᠢ ᠴᠠᠭ | ᠲᠤᠬᠠᠢ ᠳᠤᠨᠢ ᠵᠠᠳᠠᠯᠤᠨ ᠰᠤᠳᠤᠯᠵᠤ ᠮᠠᠭᠠᠳᠯᠠᠵᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠤᠨᠢᠨ | ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠤ ᠵᠣᠬᠢᠰᠲᠠᠢ ᠣᠷᠣᠨ ᠵᠠᠢ ᠳᠤ | ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠦᠢᠯᠡᠰ ᠤᠨ ᠠᠮᠢ ᠠᠬᠤᠢ ᠶᠢᠨ ᠬᠡᠯᠬᠢᠶᠡᠨ ᠤ ᠰᠦᠷᠦᠭᠵᠢᠯ ᠢ ᠡᠷᠡᠰ | ᠭᠤᠶᠢᠪᠢᠰᠢ ᠦᠬᠡᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠶᠢ | ᠲᠦᠷᠭᠡᠳᠬᠡᠵᠦ᠂ ᠬᠡᠦᠷᠰᠢᠭᠦᠯᠬᠦ ᠠᠵᠤ ᠦᠢᠯᠡᠰ ᠢ ᠨᠡᠶᠢᠳᠬᠡᠨ ᠲᠠᠬᠢᠨ ᠪᠠᠶᠢᠭᠤᠯᠵᠤ ᠲᠡᠰ ᠳᠡᠪᠰᠢᠭᠦᠯᠬᠦ ᠶᠢ ᠬᠦᠴᠦᠲᠡᠢ | ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠲᠦᠷᠭᠡᠳᠬᠡᠵᠦ᠂ | ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠢᠵᠢ | ᠪᠦᠷᠢᠳᠦᠭᠦᠯᠬᠦ᠂ ᠪᠦᠬᠦ ᠬᠡᠯᠬᠢᠶ᠎ᠡ ᠪᠠᠷ ᠬᠥᠭᠵᠢᠬᠦ ᠶᠢ ᠳᠠᠰᠤᠷᠠᠯᠳᠠ ᠦᠬᠡᠢ ᠭᠦᠨᠵᠡᠭᠡᠶᠢᠷᠡᠭᠦᠯᠬᠦ ᠬᠡᠷᠡᠭᠲᠡᠢ᠃ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠨ ᠠᠬᠢᠭᠤᠯᠵᠤ᠂ ᠡᠯ᠎ᠡ ᠲᠦᠷᠦᠯ ᠤᠨ ᠭᠡᠷ᠎ᠡ ᠲᠣᠭᠲᠠᠭᠰᠠᠨ | ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠬᠦ ᠲᠦᠷᠦᠯ ᠵᠦᠢᠯ ᠢ ᠡᠷᠲᠡᠬᠡᠨ ᠪᠠᠶᠢᠭᠤᠯᠵᠤ | ᠳᠠᠭᠤᠰᠬᠠᠬᠤ᠂ ᠠᠰᠢᠭᠯᠠᠯᠲᠠ ᠳᠤ ᠣᠷᠣᠭᠤᠯᠬᠤ ᠲᠦᠷᠦᠯ ᠵᠦᠢᠯ ᠢ ᠡᠷᠲᠡᠬᠡᠨ ᠦᠷ᠎ᠡ ᠪᠦᠲᠦᠮᠵᠢ ᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠦᠢᠯᠡᠴᠢᠯᠡᠭᠡᠨ ᠤ | ᠪᠠᠲᠤᠯᠠᠭ᠎ᠠ ᠪᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ ᠲᠦᠷᠦᠯ ᠤᠨ ᠡᠯᠧᠮᠧᠨ᠋ᠲ ᠤᠨ ᠲᠤᠬᠢᠷᠠᠭᠤᠯᠤᠯᠳᠠ ᠪᠠᠨ ᠲᠦᠷᠭᠡᠨ | ᠠᠬᠢᠭᠤᠯᠵᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠪᠣᠯᠤᠨ ᠪᠡᠯᠡ ᠣᠷᠣᠭᠤᠯᠤᠯᠲᠠ ᠶᠢᠨ ᠬᠠᠨᠳᠤᠰᠢ ᠶᠢ | ᠭᠦᠨᠵᠡᠭᠡᠢ ᠰᠤᠳᠤᠯᠵᠤ᠂ ᠪᠦᠬᠦ ᠬᠦᠴᠦᠨ ᠢᠶᠠᠷ ᠢᠶᠠᠨ ᠪᠡᠯᠡ ᠮᠥᠩᠭᠦ ᠪᠣᠯᠤᠨ ᠲᠦᠷᠦᠯ ᠵᠦᠢᠯ ᠢ ᠲᠡᠮᠡᠴᠡᠨ ᠤᠯᠬᠤ | ᠬᠡᠷᠡᠭᠲᠡᠢ᠃ ᠲᠡᠷᠢᠭᠦᠨ ᠤ ᠪᠠᠷᠢᠮᠵᠢᠶ᠎ᠠ ᠳᠤ ᠴᠢᠭᠯᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠤ ᠲᠥᠰᠦᠯ ᠤᠨ 3.0 ᠬᠡᠪ ᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ | ᠨᠠᠶᠢᠳᠠᠪᠤᠷᠢᠵᠢᠭᠤᠯᠤᠨ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠵᠤ | ᠠᠬᠤᠶᠢᠯᠠᠯ ᠪᠠ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ ᠬᠡᠷᠡᠭᠲᠡᠶ᠃ ᠬᠥᠭᠵᠢᠯᠲᠡ ᠪᠣᠯᠤᠨ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠬᠦᠴᠦᠯᠡᠨ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠡᠷᠡᠰ ᠰᠠᠬᠢᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠲᠣᠭᠲᠠᠭᠤᠨ ᠡᠷᠡᠭᠦᠯ ᠠᠵᠤ | ᠠᠬᠤᠢ ᠶᠢᠨ ᠣᠷᠴᠢᠨ ᠲᠣᠭᠤᠷᠢᠨ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠪᠣᠯᠤᠨ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ | ᠭᠡᠵᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠲᠤᠰᠢᠶᠠᠨ ᠰᠢᠢᠳᠪᠦᠷᠢᠯᠡᠭᠦᠯᠬᠦ ᠠᠰᠠᠭᠤᠳᠠᠯ ᠢ | ᠰᠢᠢᠳᠪᠦᠷᠢᠯᠡᠬᠦ ᠠᠵᠢᠯ ᠤᠨ ᠸᠢᠳᠢᠣ᠋ ᠲᠤᠬᠢᠷᠠᠭᠤᠯᠤᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠣᠷᠣᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ | ᠭᠦᠨᠵᠡᠭᠡᠢ ᠲᠤᠩᠭᠠᠨ ᠪᠣᠳᠣᠯᠬᠢᠯᠠᠵᠤ᠂ ᠵᠦᠷᠢᠶ᠎ᠡ ᠳᠤ ᠵᠥᠪ ᠢᠶᠠᠷ ᠬᠠᠨᠳᠤᠵᠤ᠂ ᠪᠠᠶᠢᠪᠠᠰᠤ ᠵᠣᠬᠢᠬᠤ ᠤᠯᠤᠰ | ᠲᠦᠷᠦ ᠶᠢᠨ ᠣᠪᠣᠷ ᠪᠣᠯᠤᠨ ᠤᠯᠤᠰ ᠲᠦᠷᠦ ᠶᠢᠨ ᠡᠭᠦᠷᠭᠡᠯᠡᠯ ᠢᠶᠠᠨ ᠭᠠᠷᠭᠠᠵᠤ᠂ ᠤᠯᠠᠨ ᠲᠦᠮᠡᠨ ᠤ ᠲᠤᠰᠬᠠᠭᠰᠠᠨ | ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ ᠴᠠᠭ ᠬᠤᠭᠤᠴᠠᠭ᠎ᠠ ᠪᠠᠨ ᠲᠣᠳᠣᠷᠬᠠᠶᠢᠯᠠᠵᠤ | ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ | ᠲᠠᠯ᠎ᠠ ᠪᠠ ᠦᠨᠳᠦᠰᠦ ᠠᠴᠠ ᠨᠢ ᠵᠠᠰᠠᠵᠤ᠂ ᠠᠵᠢᠯ ᠢᠶᠠᠨ ᠦᠨᠡᠨᠬᠦ ᠤᠯᠠᠨ ᠲᠦᠮᠡᠨ ᠤ ᠰᠡᠳᠬᠢᠯ ᠳᠤ ᠬᠦᠷᠭᠡᠵᠦ᠂ | ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ᠤᠯᠠᠨ ᠲᠦᠮᠡᠨ ᠤ ᠬᠠᠨᠤᠮᠵᠢ ᠶᠢ ᠤᠯᠬᠤ ᠬᠡᠷᠡᠭᠲᠡᠢ ᠭᠡᠵᠡᠢ᠃ | ᠬᠤᠷᠠᠯ ᠠᠴᠠ ᠲᠡᠷᠢᠭᠦᠯᠡᠭᠴᠢ ᠸᠠᠩ ᠯᠢ ᠰᠢᠶᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ | ᠴᠢᠬᠤᠯᠠᠴᠢᠯᠠᠭᠰᠠᠨ ᠨᠢ᠂ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭ᠎ᠠ ᠣᠶᠢᠷᠠᠳᠴᠤ᠂ ᠡᠯ᠎ᠡ | ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠴᠤᠭᠯᠠᠷᠠᠯ ᠤᠨ | ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠬᠠᠮᠤᠭ ᠤᠨ ᠶᠡᠭᠡ | ᠬᠡᠮᠵᠢᠶ᠎ᠡ ᠪᠠᠷ ᠰᠡᠷᠭᠡᠶᠢᠯᠡᠨ ᠠᠷᠢᠯᠭᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠡᠢ᠃ |