ᠬᠤᠲᠠ ᠶᠢᠨ ᠱᠠᠩᠬᠠᠶ ᠶᠢ ᠲᠤᠰᠠᠯᠠᠬᠤ ᠡᠮᠴᠢᠯᠡᠭᠡᠨ ᠤ ᠠᠩᠭᠢ ᠠᠶᠠᠨ ᠳᠤ ᠮᠣᠷᠳᠠᠪᠠ
ᠨᠡᠶᠢᠲᠡᠯᠡᠭᠰᠡᠨ ᠴᠠᠭ᠄
2022/4/27
     4 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠱᠠᠩᠬᠠᠶ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠠᠶᠠᠨ ᠳᠤ ᠮᠣᠷᠳᠠᠬᠤ ᠶᠣᠰᠣᠯᠠᠯ ᠬᠤᠲᠠ ᠶᠢᠨ ᠵᠠᠰᠠᠭ ᠵᠠᠬᠢᠷᠭᠠᠨ ᠤ ᠲᠥᠪ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠠᠶᠠᠨ ᠳᠤ ᠮᠤᠷᠳᠠᠬᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠼᠦᠢ ᠵᠢᠩ ᠶᠢᠩ ᠡᠩ ᠲᠡᠷᠢᠭᠦᠨ ᠳᠤ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠡᠮᠴᠢᠯᠡᠭᠡᠨ ᠤ ᠠᠩᠬᠢ ᠶᠢᠨ ᠭᠡᠰᠢᠭᠦᠳ ᠤᠨ ᠬᠠᠷᠠᠮ ᠦᠭᠡᠢ ᠵᠣᠷᠢᠭᠤᠯᠬᠤ ᠰᠡᠳᠬᠢᠯᠭᠡ ᠪᠣᠯᠤᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠵᠣᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠲᠡᠷᠡ ᠬᠡᠯᠡᠭᠰᠡᠨ ᠨᠢ᠂ ᠣᠳᠣᠬᠠᠨ ᠳᠤ ᠱᠠᠩᠬᠠᠶ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠬᠦᠨᠲᠤ ᠬᠡᠯᠪᠡᠯᠵᠡᠯ ᠤᠨ ᠱᠠᠲᠤᠨ ᠳᠤ ᠣᠷᠣᠰᠢᠵᠤ ᠪᠠᠶᠢᠨ᠎ᠠ᠂ ᠱᠠᠩᠬᠠᠶ ᠶᠢᠨ ᠠᠷᠠᠳ ᠲᠦᠮᠡᠨ ᠤ ᠠᠮᠤᠷ ᠠᠮᠤᠭᠤᠯᠠᠩ ᠨᠢ ᠪᠦᠬᠦ ᠤᠯᠤᠰ ᠤᠨ ᠠᠷᠠᠳ ᠲᠦᠮᠡᠨ ᠤ ᠰᠡᠳᠬᠢᠯ ᠢ ᠲᠠᠲᠠᠵᠤ ᠪᠠᠶᠢᠨ᠎ᠠ᠃ ᠡᠨᠡᠬᠦ ᠵᠠᠩᠭᠢᠯᠠᠭ᠎ᠠ ᠶᠢᠨ ᠴᠠᠭ ᠦᠶ᠎ᠡ ᠳᠤ᠂ ᠮᠠᠨ ᠤ ᠬᠤᠲᠠ ᠶᠢᠨ ᠥᠷᠭᠡᠨ ᠣᠯᠠᠨ ᠡᠮᠴᠢ ᠰᠤᠪᠢᠯᠠᠭᠴᠢᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠶ ᠴᠣᠣᠷᠢᠶᠠᠳᠣᠨ ᠳᠠᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ᠂ ᠵᠠᠷᠯᠢᠭ ᠶᠣᠰᠣᠭᠠᠷ ᠬᠥᠳᠡᠯᠵᠦ᠂ ᠰᠥᠷᠭᠡᠦ ᠠᠶᠠᠯᠠᠨ᠂ ᠣᠬᠤᠷᠬᠠᠨ ᠬᠤᠭᠤᠴᠠᠭᠠᠨ ᠳᠤ 99 ᠬᠥᠮᠦᠨ ᠢᠶᠠᠷ ᠪᠦᠷᠢᠯᠳᠦᠭᠰᠡᠨ ᠬᠢᠵᠢᠭ ᠢ ᠡᠰᠡᠷᠭᠦᠴᠡᠬᠦ ᠡᠩᠨᠡᠭᠡ ᠶᠢ ᠪᠠᠶᠢᠭᠤᠯᠵᠤ᠂ ᠮᠠᠨ ᠤ ᠬᠤᠲᠠ ᠶᠢᠨ ᠡᠮᠴᠢ ᠰᠤᠪᠢᠯᠠᠭᠴᠢᠳ ᠤᠨ ᠡᠷᠬᠢᠮ ᠳᠡᠭᠡᠳᠦ ᠠᠵᠢᠯ ᠤᠨ ᠶᠣᠰᠣ ᠮᠣᠷᠠᠯ ᠪᠠ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠨᠢᠭᠡ ᠲᠠᠯ᠎ᠠ ᠨᠢ ᠬᠦᠴᠢᠷᠳᠡᠪᠡᠯ ᠲᠠᠯ᠎ᠠ ᠪᠦᠬᠦᠨ ᠢᠶᠠᠷ ᠢᠶᠠᠨ ᠳᠡᠮᠵᠢᠬᠦ ᠬᠠᠷᠢᠯᠴᠠᠨ ᠲᠤᠰᠠᠯᠠᠯᠴᠠᠬᠤ ᠵᠣᠷᠢᠭ ᠰᠠᠨᠠᠭ᠎ᠠ ᠶᠢ ᠬᠠᠷᠠᠭᠤᠯᠪᠠ ᠭᠡᠵᠡᠢ᠃      ᠼᠦᠢ ᠵᠢᠩ ᠶᠢᠩ ᠡᠮᠴᠢᠯᠡᠭᠡᠨ ᠤ ᠭᠡᠰᠢᠭᠦᠳ ᠲᠤ ᠵᠠᠭᠢᠭᠰᠠᠨ ᠨᠢ᠂ ᠵᠢᠯᠤᠭᠤᠳᠤᠯᠭ᠎ᠠ ᠶᠢ ᠳᠠᠭᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠤᠬᠢᠷᠠᠭᠤᠯᠤᠯᠳᠠ ᠶᠢ ᠡᠷᠡᠰ ᠳᠠᠭᠠᠵᠤ᠂ ᠲᠤᠰᠢᠶᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠰᠡᠳᠬᠢᠯ ᠨᠢᠭᠡᠳᠦᠨ ᠪᠦᠯᠬᠦᠮᠳᠡᠵᠦ ᠂ ᠬᠢᠵᠢᠭ ᠤᠨ ᠪᠠᠶᠢᠳᠠᠯ ᠢ ᠰᠢᠢᠳᠪᠦᠷᠢᠯᠡᠵᠦ᠂ ᠨᠠᠷᠢᠨ ᠨᠢᠮᠪᠠᠢ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ ᠪᠠᠷᠢᠮᠲᠠᠯᠠᠵᠤ᠂ ᠦᠬᠠᠢ ᠶᠢᠨ ᠡᠮᠴᠢ ᠰᠤᠪᠢᠯᠠᠭᠴᠢᠳ ᠤᠨ ᠰᠠᠶᠢᠨ ᠰᠠᠶᠢᠬᠠᠨ ᠦᠢᠯᠡᠴᠢᠯᠡᠬᠦ ᠣᠪᠣᠷ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠣᠯᠤᠨ ᠲᠤᠬᠠᠶᠢᠯᠠᠭᠰᠠᠨ ᠠᠵᠢᠯ ᠤᠨ ᠲᠦᠷᠢ ᠲᠥᠷᠬᠦ ᠶᠢ ᠬᠠᠮᠲᠤᠪᠠᠷ ᠢᠯᠡᠷᠡᠭᠦᠯᠬᠦ ᠬᠡᠷᠡᠭᠲᠡᠢ᠃ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠴᠢᠬᠤᠯᠠᠴᠢᠯᠠᠵᠤ᠂ ᠲᠤᠰ ᠪᠡᠶ᠎ᠡ ᠶᠢᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠭᠰᠠᠨ ᠤᠷᠢᠲᠠᠯ ᠳᠣᠣᠷ᠎ᠠ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ᠂ ᠡᠷᠲᠡᠬᠡᠨ ᠠᠮᠤᠷ ᠲᠦᠪᠰᠢᠨ ᠪᠤᠴᠠᠵᠤ ᠢᠷᠡᠬᠦ ᠶᠢ ᠪᠠᠲᠤᠯᠠᠬᠤ ᠬᠡᠷᠡᠭᠲᠡᠢ ᠭᠡᠵᠡᠢ᠃      ᠡᠮᠴᠢᠯᠡᠭᠡᠨ ᠤ ᠠᠩᠬᠢ ᠶᠢᠨ ᠭᠡᠰᠢᠭᠦᠳ ᠢᠯᠡᠷᠭᠡᠶᠢᠯᠡᠵᠡᠭᠡᠭᠰᠡᠨ ᠨᠢ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ ᠂ ᠪᠤᠰᠤᠳ ᠭᠠᠵᠠᠷ ᠣᠷᠣᠨ ᠤ ᠡᠮᠴᠢ ᠰᠤᠪᠢᠯᠠᠭᠴᠢᠳ ᠲᠠᠢ ᠮᠥᠷᠥ ᠵᠡᠷᠭᠡᠴᠡᠨ ᠪᠠᠶᠢᠯᠳᠤᠵᠤ᠂ ᠡᠨᠡ ᠣᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠦᠬᠠᠢ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠣᠶᠢᠯᠠᠭᠠᠭᠰᠠᠨ ᠢᠶᠠᠷ᠂ ᠬᠤᠲᠠ ᠶᠢᠨ ᠱᠠᠩᠬᠠᠶ ᠶᠢ ᠲᠤᠰᠠᠯᠠᠬᠤ ᠡᠮᠴᠢᠯᠡᠭᠡᠨ ᠤ ᠠᠩᠭᠢ ᠨᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ᠂ ᠤᠳᠠ ᠲᠣᠭᠤᠷᠢᠭ ᠤᠨ ᠲᠥᠪ ᠡᠮᠨᠡᠯᠭᠡ ᠶᠢᠨ ᠬᠤᠷᠢᠶ᠎ᠠ᠂ ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠠᠯᠪᠠᠨ ᠠᠴᠠ ᠡᠷᠭᠢᠯᠡᠭᠰᠡᠨ 9 ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠪᠠᠷ ᠪᠦᠷᠢᠯᠳᠦᠵᠦ᠂ ᠡᠮᠴᠢᠯᠡᠭᠡᠨ ᠤ ᠳᠤᠭᠤᠶᠢᠯᠠᠩ᠂ ᠰᠤᠪᠢᠯᠠᠯᠲᠠ ᠶᠢᠨ ᠳᠤᠭᠤᠶᠢᠯᠠᠩ᠂ ᠡᠮᠴᠢᠯᠡᠭᠡᠨ ᠤ ᠮᠡᠷᠭᠡᠵᠢᠯ ᠤᠨ ᠳᠤᠭᠤᠶᠢᠯᠠᠩ᠂ ᠡᠮᠨᠡᠯᠭᠡ ᠶᠢᠨ ᠬᠤᠷᠢᠶᠠᠨ ᠤ ᠲᠤᠲᠤᠷ᠎ᠠ ᠪᠠᠨ ᠬᠠᠯᠳᠠᠪᠤᠷᠢᠯᠠᠬᠤ ᠶᠢ ᠰᠡᠷᠭᠡᠶᠢᠯᠡᠬᠦ ᠳᠤᠭᠤᠶᠢᠯᠠᠩ᠂ ᠠᠷᠢᠭᠤᠳᠬᠠᠨ ᠤᠰᠠᠳᠬᠠᠬᠤ ᠳᠤᠭᠤᠶᠢᠯᠠᠩ ᠢᠶᠠᠷ ᠪᠦᠷᠢᠯᠳᠦᠵᠦ᠂ ᠱᠠᠩᠬᠠᠶ ᠬᠤᠲᠠ ᠶᠢᠨ ᠰᠢᠩᠬᠡᠯᠢᠭ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠪᠤᠷᠠᠨ ᠵᠠᠰᠠᠬᠤ ᠠᠵᠢᠯ ᠳᠤ ᠣᠷᠣᠯᠴᠠᠬᠤ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号