ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/4/28
     4 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠶᠢᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠣᠨᠴᠠᠭᠠᠶᠢᠯᠠᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠲᠤᠬᠠᠢ ᠴᠢᠬᠤᠯᠠ ᠥᠭᠦᠯᠡᠯᠲᠡ᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠡᠷᠡᠭ ᠢᠶᠠᠷ ᠴᠡᠭᠴᠡᠯᠡᠯᠳᠡ ᠶᠢ ᠠᠬᠢᠭᠤᠯᠬᠤ ᠲᠤᠬᠠᠢ ᠬᠤᠯᠪᠤᠭᠳᠠᠯ ᠪᠦᠬᠦᠢ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠼᠦᠢ ᠵᠢᠩ ᠶᠢᠩ᠂ ᠳ᠋ᠧᠩ ᠺᠠᠢ᠂ ᠯᠢ ᠠᠩ᠂ ᠯᠢ ᠳ᠋ᠦᠩ᠂ ᠮᠧᠩ ᠫᠸᠢ ᠶᠦᠨ ᠲᠤᠰ ᠲᠤᠰ ᠤᠨ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠤᠯᠳᠠᠯᠭᠠᠲᠤ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ  ᠤᠨ ᠬᠡᠯᠪᠡᠷᠢ ᠪᠠᠷ ᠶᠠᠷᠢᠶ᠎ᠠ ᠲᠠᠯᠪᠢᠵᠠᠢ᠃      ᠲᠠᠩ ᠢ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠵᠠᠯᠭᠠᠪᠡᠷ 6 ᠤᠳᠠᠭ᠎ᠠ ︽ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ︾ ᠶᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠪᠡᠶ᠎ᠡ ᠪᠠᠷ ᠢᠶᠠᠨ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠵᠢᠭᠠᠪᠠ᠂ ᠶᠡᠷᠦᠩᠬᠡᠢ ᠱᠦᠵᠢ ᠶᠢᠨ ᠡᠨᠡ 6 ᠣᠳᠠᠭᠠᠨ ᠤ ᠴᠢᠬᠤᠯᠠ ᠶᠠᠷᠢᠶᠠᠨ ᠤ ᠭᠤᠣᠯ ᠰᠡᠳᠦᠪ ᠨᠢ ᠲᠤᠰ ᠲᠤᠰ ᠤᠨ ᠭᠤᠣᠯᠳᠠᠯᠭ᠎ᠠ ᠲᠠᠢ ᠪᠥᠭᠡᠳ ᠤᠳᠤᠮ ᠤᠯᠠᠮᠵᠢᠯᠠᠯ ᠨᠢᠭᠡᠲᠡᠢ ᠪᠠᠶᠢᠵᠤ᠂ ᠵᠠᠯᠠᠭᠤ ᠺᠠᠳ᠋ᠷᠴᠤᠳ ᠲᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠪᠠ ᠴᠢᠩ ᠰᠡᠳᠬᠢᠯ ᠤᠨ ᠰᠤᠷᠭᠠᠯ ᠢᠶᠠᠷ ᠪᠢᠯᠬᠠᠵᠤ᠂ ᠵᠠᠯᠠᠭᠤ ᠺᠠᠳ᠋ᠷᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠣᠳ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠡᠷᠢᠭᠦᠨ ᠱᠠᠭᠠᠷᠳᠠᠯᠭ᠎ᠠ ᠪᠣᠯᠭᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠪᠣᠯ ᠬᠠᠮᠤᠭ ᠤᠨ ᠶᠡᠭᠡ ᠠᠵᠢᠯ ᠤᠨ ᠠᠮᠵᠢᠯᠲᠠ ᠪᠣᠯᠬᠤ ᠶᠢ ᠪᠠᠲᠤ ᠴᠡᠭᠡᠵᠢᠯᠡᠵᠦ᠂ ᠰᠡᠳᠬᠢᠯ ᠰᠠᠨᠠᠭ᠎ᠠ ᠪᠠ ᠤᠶᠤᠨ ᠴᠢᠳᠠᠯ ᠢᠶᠠᠨ ᠢᠮᠠᠭᠲᠠ ᠨᠠᠮ ᠪᠠ ᠠᠷᠠᠳ ᠲᠦᠮᠡᠨ ᠤ ᠲᠥᠯᠥᠭᠡ ᠠᠵᠢᠯᠯᠠᠵᠤ ᠦᠢᠯᠡᠰ ᠪᠤᠰᠬᠠᠬᠤ ᠳᠡᠭᠡᠷ᠎ᠡ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠠᠷᠢᠭᠤᠨ ᠴᠢᠬᠡᠴᠢ ᠤᠭ ᠴᠢᠨᠠᠷ ᠢᠶᠠᠨ ᠡᠭᠦᠷᠢᠳᠡ ᠪᠠᠲᠤᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠯᠠᠯ ᠳᠤ ᠨᠡᠩ ᠶᠡᠭᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠲᠠᠩ ᠢ ᠵᠢᠭᠠᠵᠤ ᠭᠠᠷᠭᠠᠭᠰᠠᠠᠨ ᠨᠢ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠰᠠᠭᠤᠷᠢ ᠴᠢᠨᠠᠷᠲᠠᠢ ᠠᠵᠢᠯ ᠪᠣᠯᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ︽ᠡᠬᠢ ᠰᠤᠷᠪᠤᠯᠵᠢ ᠶᠢ ᠴᠡᠪᠡᠷᠯᠡᠬᠦ︾ ᠶᠢ ᠴᠢᠩᠳᠠᠯᠠᠬᠤ ᠪᠠᠷ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠡᠯ᠎ᠡ ᠵᠦᠢᠯ ᠤᠨ ᠤᠯᠤᠰ ᠲᠦᠷᠦ ᠶᠢᠨ ᠠᠵᠢᠯᠯᠠᠭ᠎ᠠ ᠶᠢ ᠴᠢᠩᠭ᠎ᠠ ᠱᠠᠭᠠᠷᠳᠠᠵᠤ᠂ ᠴᠢᠩᠭ᠎ᠠ ᠬᠠᠮᠢᠶᠠᠷᠴᠤ᠂ ᠴᠢᠩᠭ᠎ᠠ ᠬᠢᠨᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠶᠢᠴᠢᠨ ᠴᠢᠨᠠᠷ ᠢ ᠦᠨᠡᠨ ᠬᠦ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠡᠢ᠃      ᠲᠠᠩ ᠢ ᠴᠢᠬᠤᠯᠠᠴᠢᠯᠠᠭᠰᠠᠨ ᠨᠢ᠂ ᠲᠥᠪᠯᠡᠷᠡᠭᠦᠯᠦᠨ ᠵᠠᠰᠠᠭᠰᠠᠨ ᠦᠷ᠎ᠡ ᠪᠦᠲᠦᠮᠵᠢ ᠪᠠᠷ ︽ᠬᠡᠯᠪᠡᠷᠢᠯ ᠢᠶᠠᠨ ᠵᠠᠯᠠᠷᠠᠭᠤᠯᠬᠤ︾ ᠪᠠᠨ ᠬᠦᠨᠵᠡᠬᠡᠶᠢᠷᠡᠬᠦᠯᠵᠦ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠭᠦᠨᠵᠡᠭᠡᠢ ᠠᠬᠢᠭᠤᠯᠵᠤ᠂ ᠪᠦᠬᠦ ᠬᠤᠳᠠ ᠶᠢᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ︽ᠰᠠᠭᠤᠷᠢ ᠪᠠᠨ ᠪᠠᠬᠢᠵᠢᠭᠦᠯᠬᠦ︾ ᠶᠢ ᠠᠬᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ︽ᠳᠦᠷᠪᠡᠨ ᠰᠤᠷᠲᠠᠯ︾ ᠢᠶᠠᠨ ᠡᠷᠡᠰ ᠵᠠᠯᠠᠷᠠᠭᠤᠯᠤᠨ ᠵᠠᠰᠠᠵᠤ᠂ ᠢᠯᠵᠢᠷᠡᠯ ᠢ ᠵᠠᠯᠬᠠᠭᠠᠨ ᠰᠢᠳᠬᠡᠵᠦ᠂ ᠵᠥᠪ ᠣᠨᠣᠪᠴᠢᠲᠠᠢ ᠪᠠᠷ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢᠨ ︽ᠵᠥᠪ ᠴᠢᠭᠯᠡᠯ︾ ᠢ ᠪᠤᠢ ᠪᠣᠯᠭᠠᠬᠤ ᠪᠠᠷ ᠥᠷᠭᠡᠨ ᠤᠯᠠᠨ ᠺᠠᠳ᠋ᠷᠴᠤᠳ ᠢ ᠬᠦᠳᠦᠯᠦᠨ ᠳᠠᠭᠠᠭᠤᠯᠵᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠠᠶᠢᠲᠤᠷ ᠠᠳᠬᠤᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠤᠯᠬᠤ ᠳᠤ ᠲᠦᠰᠢᠭᠯᠡᠨ ᠦᠬᠠᠢ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号