ᠲᠠᠩ ᠢ ᠬᠤᠳᠠ ᠶᠢᠨ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠢ ᠡᠷᠭᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/4/28
     4 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2021 ᠣᠨ ᠤ ᠮᠠᠨ ᠤ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠢ ᠳ᠋ᠦᠩᠨᠡᠵᠦ᠂ 2022 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠯᠢ ᠠᠩ᠂ ᠯᠢ ᠴᠦᠨ ᠰᠢᠶᠤᠤ᠂ ᠯᠢ ᠳ᠋ᠦᠩ ᠂ ᠮᠧᠩ ᠫᠸᠢ ᠶᠦᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠤᠨ᠎ᠠ᠂ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠤᠮ᠃ ᠪᠦᠬᠦ ᠬᠤᠲᠠ ᠶᠢᠨ ᠡᠯ᠎ᠡ ᠱᠠᠲᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠮᠥᠨ ᠴᠢᠨᠠᠷ ᠤᠨ ᠱᠠᠭᠠᠷᠳᠠᠯᠭ᠎ᠠ᠂ ᠳᠣᠲᠣᠭᠠᠳᠤ ᠵᠢᠮ᠎ᠡ ᠶᠣᠰᠣ ᠪᠠ ᠤᠷᠤᠭᠰᠢᠯᠠᠯᠲᠠ ᠶᠢᠨ ᠴᠢᠭᠯᠡᠯ ᠢ ᠭᠦᠨᠵᠡᠭᠡᠶ ᠤᠶᠢᠯᠠᠭᠠᠨ ᠡᠵᠡᠮᠰᠢᠵᠦ᠂ ᠭᠠᠳᠠᠭᠠᠳᠤ ᠬᠠᠷᠢᠯᠴᠠᠭᠠᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠨᠠᠮ ᠤᠨ ᠲᠥᠪ ᠬᠤᠷᠢᠶᠠᠨ ᠤ ᠭᠠᠳᠠᠭᠠᠳᠤ ᠬᠠᠷᠢᠯᠴᠠᠭᠠᠨ ᠤ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠰᠢᠨ᠎ᠡ ᠴᠠᠭ ᠦᠶ᠎ᠡ ᠶᠢᠨ ᠭᠠᠳᠠᠭᠠᠳᠤ ᠶᠠᠪᠤᠳᠠᠯ ᠤᠨ ᠠᠵᠢᠯ ᠤᠨ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠬᠦᠴᠦᠲᠡᠢ ᠭᠠᠳᠠᠭᠠᠳᠤ ᠣᠷᠴᠢᠨ ᠲᠤᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠭᠦᠨᠵᠡᠭᠡᠶ ᠠᠭᠤᠰᠤᠯᠴᠠᠵᠤ᠂ ᠤᠯᠤᠰ ᠤᠨ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠪᠠ ᠴᠢᠬᠤᠯᠠ ᠭᠠᠳᠠᠭᠠᠳᠤ ᠶᠠᠪᠤᠳᠠᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠮᠠᠨ ᠤ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠰᠢᠨ᠎ᠡ ᠵᠠᠬ᠎ᠠ ᠳᠡᠯᠭᠡᠭᠦᠷ ᠢ ᠨᠡᠭᠡᠭᠡᠵᠦ᠂ ᠮᠠᠨ ᠤ ᠬᠤᠲᠠ ᠶᠢᠨ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠨᠠᠩ ᠶᠡᠭᠡ ᠦᠢᠯᠡᠳᠦᠯ ᠢᠶᠠᠨ ᠪᠠᠳᠠᠷᠠᠭᠤᠯᠬᠤ ᠶᠢ ᠳᠥᠯᠭᠢᠨ ᠠᠬᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠦᠬᠠᠶ  ᠶᠢᠨ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ᠃ ︽ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ︾ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠨᠥᠬᠦᠷᠰᠡᠭ ᠬᠤᠳᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠬᠠᠮᠲᠤᠷᠠᠯᠴᠠᠭᠠᠨ ᠤ ᠠᠷᠭ᠎ᠠ ᠵᠠᠮ ᠢᠶᠠᠨ ᠴᠢᠨᠠᠭᠰᠢᠳᠠ ᠥᠷᠭᠡᠳᠬᠡᠵᠦ᠂ ᠬᠠᠮᠲᠤᠷᠠᠯᠴᠠᠭᠠᠨ ᠤ ᠠᠭᠤᠯᠤᠭᠳᠠᠬᠤᠨ ᠢᠶᠠᠨ ᠪᠠᠶᠠᠯᠢᠭᠵᠢᠭᠤᠯᠵᠤ᠂ ᠤᠯᠠᠨ ᠤᠯᠤᠰ ᠤᠨ ︽ᠨᠠᠶᠢᠵᠢ ᠶᠢᠨ ᠬᠦᠷᠢᠶ᠎ᠡ︾ ᠪᠠᠨ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠠᠵᠢᠯ ᠤᠨ ᠬᠡᠯᠪᠡᠷᠢ ᠶᠢᠨ ᠰᠢᠨ᠎ᠡ ᠶᠢ ᠡᠭᠦᠳᠴᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠬᠦ︾ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠬᠤᠶ ᠪᠠᠶᠢᠳᠠᠯ ᠳᠣᠤᠷ᠎ᠠ᠂ ︽ᠡᠭᠦᠯᠡᠨ ᠭᠠᠳᠠᠭᠠᠳᠤ ᠶᠠᠪᠤᠳᠠᠯ︾ ᠢ ᠶᠡᠬᠡᠪᠡᠷ ᠥᠷᠨᠢᠭᠦᠯᠵᠦ᠂ ︽ᠡᠭᠦᠯᠡᠨ ᠠᠭᠤᠯᠵᠠᠯᠲᠠ︾ ︽ᠡᠭᠦᠯᠡᠨ ᠭᠡᠷ᠎ᠡ︾ ︽ᠡᠭᠦᠯᠡᠨ ᠤᠬᠠᠭᠤᠯᠭ᠎ᠠ ᠲᠠᠨᠢᠯᠴᠠᠭᠤᠯᠭ᠎ᠠ︾ ᠵᠡᠷᠭᠡ ᠠᠷᠭ᠎ᠠ ᠬᠡᠯᠪᠡᠷᠢ ᠶᠢ ᠰᠠᠶᠢᠲᠤᠷ ᠬᠡᠷᠡᠭᠯᠡᠵᠦ᠂ ᠭᠠᠳᠠᠭᠠᠳᠤ ᠯᠤᠭ᠎ᠠ ᠶᠢᠨ ᠰᠣᠯᠢᠯᠴᠠᠭᠠᠨ ᠤ ᠬᠠᠯᠠᠮᠰᠢᠯ ᠪᠠᠭᠤᠷᠠᠬᠤ ᠥᠬᠡᠶ᠂ ᠶᠠᠰᠤ ᠴᠢᠨᠠᠷ ᠪᠠᠭᠤᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠮ ᠤᠨ ᠭᠠᠳᠠᠭᠠᠳᠤ ᠶᠠᠪᠤᠳᠠᠯ ᠤᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ  ᠪᠠᠨ ᠪᠣᠳᠠᠲᠠᠶᠢᠵᠢᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠡᠩᠨᠡᠭᠡᠨ ᠤ ᠪᠠᠶᠢᠭᠤᠯᠤᠯᠲᠠ ᠪᠠᠨ ᠰᠠᠶᠢᠲᠤᠷ ᠠᠳᠬᠤᠵᠤ᠂ ᠭᠠᠳᠠᠭᠠᠳᠤ ᠶᠠᠪᠤᠳᠠᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号