ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠠᠷᠪᠠᠨ ᠬᠤᠶᠠᠳᠤᠭᠠᠷ ᠳᠤᠭᠤᠶᠢᠯᠠᠩ ᠮᠠᠨ ᠤ ᠬᠤᠲᠠ ᠳᠤ ᠬᠢᠨᠠᠨ ᠵᠢᠯᠣᠭᠤᠳᠴᠤ ᠪᠠᠶᠢᠴᠠᠭᠠᠬᠤ ᠪᠠ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠶᠢᠨ ᠬᠠᠮᠲᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/4/28
     4 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠠᠷᠪᠠᠨ ᠬᠤᠶᠠᠳᠤᠭᠠᠷ ᠳᠤᠭᠤᠶᠢᠯᠠᠩ ᠮᠠᠨ ᠤ ᠬᠤᠲᠠ ᠶᠢᠨ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠬᠤ ᠪᠠ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠶᠢᠨ ᠬᠠᠮᠲᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠠᠷᠪᠠᠨ ᠬᠤᠶᠠᠳᠤᠭᠠᠷ ᠳᠤᠭᠤᠶᠢᠯᠠᠩ ᠤᠨ ᠲᠤᠬᠠᠢ ᠶᠢᠨ ᠲᠠᠯᠠᠪᠠᠢ ᠶᠢᠨ ᠬᠢᠨᠠᠨ ᠰᠢᠯᠭᠠᠬᠤ ᠳᠤᠭᠤᠶᠢᠯᠠᠩ ᠤᠨ ᠳᠠᠷᠤᠭ᠎ᠠ ᠦ᠋ ᠶᠠᠨ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠤᠨ ᠳᠠᠷᠤᠭ᠎ᠠ ᠵᠢᠤᠢ ᠱᠣ᠋ ᠸᠧᠨ᠂ ᠥᠪᠥᠷ ᠮᠣᠩᠭᠤᠯ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠶᠢᠨ ᠳᠠᠷᠤᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠹᠧᠩ ᠬᠤᠷᠠᠯ ᠳᠤ ᠣᠷᠣᠯᠴᠠᠪᠠ᠃      ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ ᠂ ᠬᠤᠤ ᠰᠢ ᠬᠤᠩ᠂ ᠴᠢᠶᠣᠤ ᠢᠦᠶ᠂ ᠭᠦᠸᠧ ᠢ ᠵᠢᠶᠧ ᠬᠤᠷᠠᠯ ᠳᠤ ᠣᠷᠣᠯᠴᠠᠪᠠ᠃      ᠦ᠋ ᠶᠠᠨ ᠶᠦᠨ ᠵᠢᠭᠠᠵᠤ ᠭᠠᠷᠭᠠᠭᠰᠠᠨ ᠨᠢ᠂ ᠠᠶᠤᠯᠭᠦᠶ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠬᠤ ᠪᠠ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠬᠦ ᠪᠤᠯ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠤᠯᠤᠰ ᠲᠦᠷᠦ ᠶᠢᠨ ᠱᠠᠭᠠᠷᠳᠠᠯᠭ᠎ᠠ ᠮᠥᠨ᠂ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠰᠡᠷᠭᠡᠶᠢᠯᠡᠨ ᠠᠷᠢᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠤᠭᠤᠷᠢᠨ ᠢ ᠪᠤᠢ ᠪᠣᠯᠭᠠᠬᠤ ᠬᠦᠴᠦᠲᠡᠶ ᠠᠷᠭ᠎ᠠ ᠬᠡᠮᠵᠢᠶ᠎ᠡ ᠮᠥᠨ᠂ ᠤᠷᠳᠤ ᠬᠤᠭᠤᠴᠠᠭᠠᠨ ᠤ ᠲᠤᠷᠰᠢ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ ᠠᠰᠠᠭᠤᠳᠠᠯ ᠢ ᠰᠢᠢᠳᠪᠦᠷᠢᠯᠡᠬᠦ᠂ ᠠᠶᠤᠯᠭᠦᠶ ᠦᠢᠯᠡᠳᠪᠦᠷᠢᠯᠡᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠮᠥᠨ᠃ ᠪᠦᠬᠦ ᠤᠯᠤᠰ ᠤᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠡᠷᠡᠰ ᠪᠠᠲᠤᠳᠬᠠᠵᠤ᠂ 15 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠭᠤᠷᠠᠢ ᠭᠤᠭᠴᠤᠭ᠎ᠠ ᠪᠣᠯᠤᠨ ᠳᠤᠪᠤᠶᠢᠮ᠎ᠠ ᠠᠰᠠᠭᠤᠳᠠᠯ ᠢ ᠭᠦᠨᠵᠡᠭᠡᠢ ᠡᠷᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢᠶᠠᠨ ᠪᠦᠬᠦ ᠲᠠᠯ᠎ᠠ ᠪᠠᠷ ᠰᠠᠶᠢᠵᠢᠷᠠᠭᠤᠯᠤᠨ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠴᠢᠩᠭ᠎ᠠ ᠪᠣᠳᠠᠲᠠᠢ ᠰᠤᠷᠲᠠᠯ ᠢᠶᠠᠷ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠠᠵᠢᠯ ᠢ ᠬᠠᠮᠲᠤᠪᠠᠷ ᠴᠢᠨᠠᠷ ᠰᠠᠶᠢᠲᠠᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠲᠠᠩ ᠢ ᠢᠯᠡᠷᠭᠡᠶᠢᠯᠡᠭᠰᠡᠨ ᠨᠢ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠦᠬᠠᠢ ᠬᠤᠲᠠ ᠳᠤ ᠬᠢᠨᠠᠨ ᠵᠢᠯᠣᠭᠤᠳᠴᠤ ᠪᠠᠶᠢᠴᠠᠭᠠᠬᠤ ᠪᠠ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠵᠢᠯ ᠥᠷᠨᠢᠭᠦᠯᠦᠭᠰᠡᠨ ᠨᠢ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠨᠢᠭᠡ ᠤᠳᠠᠭᠠᠨ ᠤ ᠲᠥᠪᠯᠡᠷᠡᠩᠭᠦᠢ ᠰᠢᠯᠭᠠᠨ ᠪᠠᠶᠢᠴᠠᠭᠠᠯᠲᠠ ᠪᠣᠯᠬᠤ ᠪᠥᠭᠡᠳ ᠪᠠᠰᠠ ᠴᠤ ᠪᠢᠳᠡᠨ ᠤ ᠠᠮᠤᠷ ᠲᠤᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢᠶᠠᠨ ᠰᠠᠶᠢᠲᠤᠷ ᠠᠳᠬᠤᠬᠤ ᠶᠢᠨ ᠲᠤᠬᠠᠢ ᠱᠠᠭᠠᠷᠳᠠᠯᠭ᠎ᠠ ᠪᠠ ᠵᠣᠷᠢᠭᠵᠢᠭᠤᠯᠤᠯ ᠪᠣᠯᠤᠨ᠎ᠠ᠃ ᠪᠦᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠶᠢ ᠬᠦᠯᠢᠶᠡᠭᠰᠡᠨ ᠶᠠᠪᠤᠴᠠ ᠶᠢ ᠬᠦᠷᠦᠯᠴᠡᠬᠦ ᠦᠭᠡᠶ ᠲᠠᠯ᠎ᠠ ᠪᠠᠨ ᠡᠷᠢᠬᠦ᠂ ᠠᠵᠢᠯ ᠢᠶᠠᠨ ᠰᠠᠶᠢᠵᠢᠷᠠᠭᠤᠯᠬᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠴᠢᠬᠤᠯᠠ ᠠᠵᠠ ᠲᠣᠬᠢᠶᠠᠯ ᠪᠣᠯᠭᠠᠵᠤ᠂ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠠ ᠵᠢᠭᠠᠵᠤ ᠭᠠᠷᠭᠠᠭᠰᠠᠨ ᠠᠰᠠᠭᠤᠳᠠᠯ ᠢ ᠦᠨᠡᠨᠴᠢ ᠪᠠᠷ ᠬᠦᠯᠢᠶᠡᠨ ᠠᠪᠴᠤ᠂ ᠬᠠᠭᠤᠳᠠᠰᠤ ᠶᠣᠰᠣᠭᠠᠷ ᠪᠦᠬᠦᠨ ᠢ ᠬᠤᠷᠢᠶᠠᠨ ᠠᠪᠴᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠵᠤᠷᠪᠤᠰ ᠳᠠᠷᠠᠭᠠᠯᠠᠨ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠲᠤᠰᠬᠠᠢ ᠬᠥᠮᠦᠨ ᠵᠢᠭᠠᠨ ᠲᠣᠭᠲᠠᠭᠠᠵᠤ ᠨᠢᠭᠡ ᠨᠢᠭᠡ ᠪᠠᠷ ᠨᠠᠶᠢᠳᠠᠪᠤᠷᠢᠵᠢᠭᠤᠯᠬᠤ ᠶᠢ ᠠᠩᠬᠠᠷᠤᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠦᠪᠰᠢᠨ ᠤ ᠪᠦᠲᠦᠮᠵᠢᠲᠡᠢ ᠳᠡᠭᠡᠭᠰᠢᠯᠡᠯᠲᠡ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠠᠷ ᠬᠦᠴᠦᠯᠡᠨ ᠴᠢᠷᠮᠠᠶᠢᠨ᠎ᠠ᠃ ᠤᠯᠠᠭᠠᠨ ᠱᠤᠭᠤᠮ ᠤᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠲᠣᠭᠲᠠᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠨ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠡᠭᠦᠳᠴᠦ ᠦᠭᠬᠦᠨ᠎ᠡ ᠬᠡᠵᠡᠢ᠃      ᠬᠢᠨᠠᠨ ᠵᠢᠯᠣᠭᠤᠳᠴᠤ ᠪᠠᠶᠢᠴᠠᠭᠠᠬᠤ ᠬᠤᠭᠤᠴᠠᠭᠠᠨ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠦᠬᠠᠢ ᠶᠢᠨ ᠳ᠋ᠧ ᠱᠧᠩ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ᠂ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ᠂ ᠸᠠᠨ ᠳ᠋ᠠ ᠠᠭᠤᠳᠠᠮ ᠲᠠᠯᠠᠪᠠᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠲ᠋ᠧᠷᠢᠶᠠᠯ ᠤᠨ ᠡᠭᠡ ᠲᠠᠩᠰᠠ ᠶᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠠᠢ ᠳᠤ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠬᠤᠯᠪᠤᠭᠳᠠᠯ ᠪᠦᠬᠦᠢ ᠠᠵᠢᠯᠲᠠᠳ ᠲᠠᠢ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ ᠨᠢ ᠭᠦᠨᠵᠡᠭᠡᠢ ᠣᠶᠢᠯᠠᠭᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号