ᠲᠠᠩ ᠢ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠬᠠᠤᠯᠢ ᠪᠠᠷ ᠬᠤᠳᠠ ᠶᠢ ᠵᠠᠰᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠬᠠᠤᠯᠢᠵᠢᠯ ᠤᠨ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2022/4/29
     4 ᠰᠠᠷ᠎ᠠ ᠶᠢᠨ 27 ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠵᠥᠪᠯᠡᠯ ᠤᠨ ᠡᠷᠬᠢᠯᠡᠭᠴᠢ ᠲᠠᠩ ᠢ ᠬᠤᠳᠠ ᠶᠢᠨ ᠨᠠᠮ ᠤᠨ ᠬᠤᠷᠢᠶᠠᠨ ᠤ  ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠵᠥᠪᠯᠡᠯ ᠤᠨ ᠲᠠᠪᠤᠳᠤᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠲᠠᠪᠤᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠵᠥᠪᠯᠡᠯ ᠤᠨ ᠳᠡᠳ᠋ ᠡᠷᠬᠢᠯᠡᠭᠴᠢ ᠼᠦᠢ ᠵᠢᠩ ᠶᠢᠩ᠂ ᠭᠡᠰᠢᠭᠦᠨ ᠯᠢ ᠠᠩ᠂ ᠯᠢ ᠴᠦᠨ ᠰᠢᠶᠣᠣ᠂ ᠯᠢ ᠳ᠋ᠦᠩ᠂ ᠮᠧᠩ ᠫᠧᠢ ᠶᠦᠨ᠂ ᠷᠣᠣ ᠴᠥᠩ ᠱᠦ᠂ ᠪᠠᠢ ᠬᠠᠢ ᠷᠦᠩ᠂ ᠦ᠋ ᠶᠧ ᠸᠧᠨ᠂ ᠸᠠᠩ ᠰᠢᠶᠣᠣ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠨ ᠭᠠᠷᠭᠠᠭᠰᠠᠨ ᠨᠢ᠂ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠠ ᠪᠣᠳᠠᠲᠠᠢ ᠦᠢᠯᠡᠳᠦᠯᠭᠡ ᠮᠥᠨ᠂ ᠪᠢᠳᠡᠨ ᠤ ᠡᠷᠬᠡᠪᠰᠢ ᠡᠭᠦᠷᠭᠡᠯᠡᠵᠦ᠂ ᠰᠠᠶᠢᠲᠤᠷ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ︽ᠨᠢᠭᠡ ᠲᠥᠯᠦᠪᠵᠢᠭᠦᠯᠭᠡ ᠬᠤᠶᠠᠷ ᠬᠥᠲᠥᠯᠪᠦᠷᠢ︾ ᠶᠢ ᠬᠡᠷᠡᠭᠵᠢᠭᠦᠯᠬᠦ ᠲᠠᠢ ᠨᠢᠭᠡᠳᠬᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠤᠬᠠᠮᠰᠠᠷ ᠠᠴᠠ ᠪᠠᠨ ᠨᠢᠭᠡᠳᠬᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠳᠦᠷᠢᠮ ᠤᠨ ᠳᠠᠪᠠᠭᠤᠯᠢᠭ ᠢ ᠨᠡᠩ ᠰᠠᠶᠢᠨ ᠢᠶᠠᠷ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠨᠡᠩ ᠶᠡᠭᠡ ᠦᠷ᠎ᠡ ᠪᠦᠲᠦᠮᠵᠢ  ᠣᠯᠵᠤ᠂ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ ᠲᠣᠭᠲᠠᠭᠠᠬᠤ ᠶᠠᠰᠤ ᠴᠢᠨᠠᠷ ᠪᠣᠯᠣᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠮᠠᠨ ᠤ ᠬᠤᠳᠠ ᠶᠢᠨ ᠬᠠᠤᠯᠢ ᠲᠣᠭᠲᠠᠭᠠᠬᠤ ᠭᠤᠣᠯᠳᠠᠯᠭ᠎ᠠ ᠪᠣᠯᠣᠨ ᠴᠢᠭᠯᠡᠯ ᠢ ᠴᠢᠨᠠᠭᠰᠢᠳᠠ ᠣᠨᠣᠪᠴᠢᠲᠠᠢ ᠡᠷᠢᠨ ᠣᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯᠲᠠ ᠶᠢᠨ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠲᠥᠪ ᠭᠤᠣᠯᠴᠢ ᠴᠢᠩᠭ᠎ᠠ ᠲᠣᠳᠣᠷᠬᠠᠢ ᠬᠠᠤᠯᠢ ᠪᠠᠷᠢᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠵᠶ᠋ᠡᠨ‌ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾  ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠲᠥᠯᠦᠪᠵᠢᠭᠦᠯᠭᠡ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠬᠤᠳᠠ ᠬᠥᠳᠡᠭᠡ ᠶᠢ ᠨᠡᠩ ᠠᠮᠤᠷ ᠲᠣᠭᠲᠠᠭᠤᠨ᠂ ᠤᠯᠠᠨ ᠲᠦᠮᠡᠨ ᠢ ᠨᠡᠩ ᠠᠮᠤᠷ ᠵᠢᠷᠭᠠᠯ ᠲᠠᠢ ᠪᠣᠯᠭᠠᠬᠤ ᠬᠡᠷᠡᠭᠲᠡᠢ᠃ ᠵᠥᠷᠢᠴᠡᠯ ᠢ ᠨᠠᠮᠳᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠤᠯᠠᠨ ᠬᠠᠤᠯᠢᠵᠢᠯ ᠤᠨ ᠬᠦᠴᠦᠨ ᠤ ᠬᠥᠲᠥᠯᠥᠨ ᠵᠢᠯᠤᠭᠤᠳᠬᠤ ᠪᠠ ᠵᠠᠯᠠᠵᠤ ᠵᠢᠯᠤᠭᠤᠳᠬᠤ ᠦᠵᠦᠭᠦᠷ ᠲᠡᠰᠢ ᠬᠦᠴᠦᠯᠡᠬᠦ ᠶᠢ ᠠᠬᠢᠭᠤᠯᠵᠤ᠂ ᠤᠳᠤᠷᠢᠳᠬᠤ ᠺᠠᠳ᠋ᠷ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ᠂ ᠪᠣᠯᠵᠣᠵᠤ ᠰᠤᠷᠪᠤᠯᠵᠢᠯᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠶᠢ ᠦᠨᠡᠨᠬᠦ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠤᠳᠤᠷᠢᠳᠤᠯᠭ᠎ᠠ ᠶᠢ ᠬᠠᠤᠯᠢ ᠪᠠᠷ ᠬᠤᠳᠠ ᠪᠠᠨ ᠵᠠᠰᠠᠬᠤ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠰᠢᠯᠭᠠᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号