ᠲᠠᠩ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠰᠡᠷᠡᠮᠵᠢ ᠪᠠ ᠠᠵᠢᠯᠯᠠᠭ᠎ᠠ ᠶᠢ ᠢᠮᠠᠭᠲᠠ ᠪᠠᠷᠢᠮᠲᠠᠯᠠᠵᠤ᠂ ᠤᠬᠠᠮᠰᠠᠷ ᠠᠴᠠ ᠪᠠᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠠ ᠠᠷᠠᠳ ᠲᠦᠮᠡᠨ ᠳᠤ ᠲᠤᠶᠢᠯ ᠢᠶᠠᠷ ᠬᠠᠷᠢᠭᠤᠴᠠᠬᠤ ᠣᠪᠣᠷ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2022/4/29

    4 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠨᠠᠨ

ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ ᠠᠬᠤᠢ ᠣᠷᠴᠢᠨ ᠠᠬᠤᠢ ᠶᠢᠨ

ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ ᠱᠢ ᠯᠢ ᠽᠧᠩ ᠰᠡᠭᠦᠳᠡᠷᠯᠡᠪᠡ︶

     4 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠨᠠᠨ

ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ ᠠᠬᠤᠢ ᠣᠷᠴᠢᠨ ᠠᠬᠤᠢ ᠶᠢᠨ

ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ᠂ ᠬᠤᠸ

ᠰᠢ ᠬᠤᠩ᠂ ᠸᠠᠩ ᠵᠢᠢ ᠫᠢᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃

     ᠲᠠᠩ ᠢ ᠨᠠᠷ ᠡᠩ ᠲᠡᠷᠢᠭᠦᠨ ᠳᠤ ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ

ᠳᠣᠪᠴᠢᠶᠠᠨ ᠤ ᠴᠢᠮᠡᠭᠡ ᠮᠡᠳᠡᠭᠡᠨ ᠤ ᠵᠢᠯᠤᠭᠤᠳᠬᠤ ᠲᠥᠪ ᠪᠠ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ ᠳᠤ

ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠲᠥᠪᠯᠡᠷᠡᠭᠦᠯᠦᠨ ᠠᠵᠢᠯᠯᠠᠬᠤ᠂

ᠣᠶᠤᠨᠴᠢᠯᠠᠭᠰᠠᠨ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠬᠦ ᠵᠢᠴᠢ ᠲᠤᠰᠠᠭᠠᠷᠯᠠᠬᠤ ᠲᠠᠯᠠᠪᠤᠷ ᠤᠨ ᠪᠡᠯᠡᠳᠬᠡᠯ ᠵᠡᠷᠭᠡ

ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠣᠳᠣᠬᠠᠨ ᠳᠤ ᠪᠦᠬᠦ

ᠤᠯᠤᠰ ᠲᠤ ᠬᠢᠵᠢᠭ ᠤᠨ ᠪᠠᠶᠢᠳᠠᠯ ᠲᠠᠷᠬᠠᠵᠤ᠂ ᠤᠯᠠᠨ ᠡᠭᠦᠰᠴᠦ᠂ ᠲᠥᠪᠯᠡᠷᠡᠨ ᠡᠭᠦᠰᠴᠦ᠂ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠪᠠᠶᠢᠳᠠᠯ ᠮᠥᠨᠴᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠂ ᠡᠷᠬᠡᠪᠰᠢ

ᠪᠣᠭᠤᠮᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ

 ᠨᠢ ᠨᠠᠷᠢᠯᠢᠭ ᠨᠠᠶᠢᠳᠠᠪᠤᠷᠢᠵᠢᠭᠤᠯᠵᠤ᠂ ᠥᠴᠥᠬᠡᠨ ᠴᠦ ᠮᠢᠨᠴᠦᠭᠦᠷᠡᠨ ᠰᠤᠯᠠᠷᠠᠭᠤᠯᠵᠤ ᠪᠣᠯᠬᠤ ᠦᠭᠡᠢ᠃ ᠬᠤᠲᠠ

ᠲᠣᠭᠤᠷᠢᠭ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠢᠨ

ᠪᠠᠴᠢᠮ ᠪᠠᠶᠢᠳᠠᠯ ᠢ ᠠᠷᠭᠠᠴᠠᠬᠤ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ

ᠴᠤᠪᠤᠷᠠᠯ ᠢᠶᠠᠨ ᠨᠠᠷᠢᠯᠢᠭᠵᠢᠭᠤᠯᠤᠨ᠂ ᠲᠤᠰᠠᠭᠠᠷᠯᠠᠬᠤ ᠲᠠᠯᠠᠪᠤᠷ ᠭᠠᠵᠠᠷ᠂ ᠠᠷᠤ ᠲᠠᠯ᠎ᠠ ᠶᠢᠨ ᠦᠢᠯᠡᠴᠢᠯᠡᠭᠡᠨ ᠤ

ᠪᠠᠲᠤᠯᠠᠭ᠎ᠠ᠂ ᠠᠵᠢᠯᠲᠠᠨ ᠤ ᠬᠦᠴᠦᠨ ᠢ ᠲᠣᠬᠢᠷᠠᠭᠤᠯᠬᠤ ᠵᠡᠷᠭᠡ ᠡᠯ᠎ᠡ ᠲᠠᠯ᠎ᠠ ᠶᠢᠨ ᠭᠦᠢᠴᠡᠳ ᠪᠡᠯᠡᠳᠬᠡᠯ ᠢ ᠦᠨᠡᠨᠬᠦ

ᠰᠠᠶᠢᠲᠤᠷ ᠬᠢᠵᠦ᠂ ᠵᠠᠮ ᠬᠠᠷᠢᠯᠴᠠᠭᠠᠨ ᠤ ᠪᠣᠭᠤᠮᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂

ᠦᠬᠠᠢ ᠶᠢᠨ ᠬᠥᠮᠥᠰ ᠤᠨ ᠪᠥᠭᠡᠮ ᠬᠦᠴᠢᠯ ᠤᠨ ᠭᠡᠷᠡᠴᠢ ᠶᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ

ᠪᠠᠶᠢᠴᠠᠭᠠᠨ ᠬᠡᠮᠵᠢᠬᠦ᠂ ᠡᠷᠡᠭᠦᠯ ᠮᠡᠨᠳᠦ ᠶᠢᠨ ᠮᠡᠷᠭᠡᠨ ᠴᠤᠬᠤᠷ ᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ

ᠴᠢᠩᠭ᠎ᠠ ᠨᠠᠶᠢᠳᠠᠪᠤᠷᠢᠵᠢᠭᠤᠯᠵᠤ᠂ ᠪᠠᠷᠠᠭᠠᠨ ᠤ ᠲᠡᠷᠭᠡᠨ ᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠳᠠᠯᠠᠵᠤ᠂

ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ

ᠪᠠᠲᠤᠯᠠᠵᠤ᠂ ᠵᠠᠬ᠎ᠠ ᠳᠡᠯᠭᠡᠭᠦᠷ ᠲᠤ ᠣᠷᠣᠬᠤ ᠪᠣᠭᠤᠮᠲᠠ ᠶᠢ ᠡᠷᠡᠰ ᠰᠠᠶᠢᠲᠤᠷ ᠰᠠᠬᠢᠵᠤ᠂ ᠭᠠᠳᠠᠭᠠᠳᠤ

ᠰᠡᠷᠭᠡᠶᠢᠯᠡᠯᠲᠡ ᠶᠢᠨ ᠣᠷᠣᠭᠤᠯᠤᠯᠲᠠ ᠶᠢᠨ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ

ᠬᠡᠷᠡᠭᠲᠡᠢ ᠭᠡᠵᠡᠢ᠃

     ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ

ᠺᠣᠮᠫᠠᠨᠢ ᠳᠤ᠂ ᠲᠠᠩ ᠢ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠲᠥᠯᠦᠪᠵᠢᠭᠦᠯᠭᠡ᠂ ᠬᠤᠴᠤᠷᠤᠩᠭᠤᠢ

ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠦᠭᠰᠡᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ

ᠰᠣᠨᠣᠰᠴᠠᠢ᠃ ᠲᠡᠷᠡ ᠵᠢᠭᠠᠨ ᠭᠠᠷᠭᠠᠭᠰᠠᠨ ᠨᠢ᠂ ᠠᠵᠤ ᠠᠬᠤᠶᠢᠯᠠᠯ ᠤᠳ ᠰᠢ ᠶᠢᠨ ᠫᠢᠩ ᠤᠨ ᠠᠮᠢ ᠠᠬᠤᠢ ᠶᠢᠨ

ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂

ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ᠂ ᠬᠤᠴᠤᠷᠤᠩᠭᠤᠢ ᠦᠢᠯᠡᠳᠪᠦᠷᠢᠯᠡᠯ ᠤᠨ

ᠰᠢᠭᠰᠢᠯᠲᠡ ᠶᠢ ᠲᠦᠷᠭᠡᠳᠬᠡᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠭᠤᠯᠤᠯᠲᠠ ᠶᠢ ᠴᠢᠩᠭᠠᠳᠬᠠᠵᠤ᠂

ᠲᠡᠷᠢᠭᠦᠨ ᠤ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ

ᠱᠠᠭᠠᠷᠳᠠᠯᠭ᠎ᠠ ᠪᠠᠷ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠦᠢᠯᠡᠳᠪᠦᠷᠢᠯᠡᠬᠦ᠂ ᠬᠠᠮᠢᠶᠠᠷᠬᠤ᠂ ᠴᠡᠭᠴᠡᠯᠡᠨ

ᠰᠠᠶᠢᠵᠢᠷᠠᠭᠤᠯᠬᠤ ᠵᠡᠷᠭᠡ ᠡᠯ᠎ᠡ ᠭᠤᠭᠴᠤᠭᠠᠨ ᠳᠤ ᠦᠨᠡᠨᠬᠦ ᠲᠤᠤᠱᠯᠠᠭᠤᠯᠬᠤ ᠬᠡᠷᠡᠭᠲᠡᠢ᠃ ᠡᠯ᠎ᠡ ᠲᠣᠭᠤᠷᠢᠭ ᠡᠯ᠎ᠡ

ᠰᠠᠯᠠᠭ᠎ᠠ ᠮᠥᠴᠢᠷ ᠤᠨ ᠬᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ

ᠬᠠᠷᠢᠭᠤ ᠲᠤᠰᠬᠠᠭᠰᠠᠨ ᠠᠰᠠᠭᠤᠳᠠᠯ ᠪᠣᠯᠣᠨ ᠥᠪᠡᠷ ᠤᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠲᠠᠢ

ᠤᠶᠠᠯᠳᠤᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠦᠩᠭᠡᠨ ᠲᠠᠯ᠎ᠠ ᠪᠠ ᠦᠨᠳᠦᠰᠦ ᠠᠴᠠ ᠨᠢ

ᠵᠠᠰᠠᠬᠤ ᠶᠢ ᠪᠠᠷᠢᠮᠲᠠᠯᠠᠵᠤ᠂ ᠪᠦᠬᠦ ᠬᠤᠳᠠ ᠶᠢᠨ ᠡᠯ᠎ᠡ ᠬᠠᠮᠢᠶ᠎ᠠ ᠪᠦᠬᠦᠢ ᠬᠦᠷᠢᠶ᠎ᠡ ᠶᠢ ᠨᠠᠷᠢᠨ ᠬᠢᠨᠠᠮᠠᠭᠠᠢ

ᠰᠢᠰᠲ᠋ᠧᠮ ᠲᠠᠢ ᠪᠠᠷ ᠪᠠᠶᠢᠴᠠᠭᠠᠨ ᠡᠮᠬᠢᠯᠡᠵᠦ᠂ ᠠᠳᠠᠯᠢ ᠲᠦᠷᠦᠯ ᠤᠨ ᠠᠰᠠᠭᠤᠳᠠᠯ ᠳᠠᠬᠢᠨ ᠡᠭᠦᠰᠬᠦ ᠶᠢ ᠡᠷᠡᠰ

ᠬᠤᠷᠢᠭᠯᠠᠬᠤ ᠬᠡᠷᠡᠭᠲᠡᠢ ᠭᠡᠵᠡᠢ᠃

     ᠰᠧ ᠾᠧ ᠮᠦ ᠶᠢᠨ ᠬᠠᠮᠠᠭᠠᠯᠠᠯᠲᠠ ᠶᠢᠨ ᠣᠷᠣᠨ ᠳᠤ᠂ ᠲᠠᠩ ᠢ ᠵᠢᠶᠦ᠋ᠨ ᠵᠧᠩ ᠠᠭᠤᠷᠬᠠᠢ ᠶᠢᠨ

ᠦᠢᠯᠡᠰ ᠤᠨ ᠤᠬᠤᠷᠢᠵᠤ ᠭᠠᠷᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ

ᠪᠦᠬᠦᠢ ᠪᠠᠶᠢᠳᠠᠯ ᠢ ᠨᠠᠷᠢᠨ ᠠᠰᠠᠭᠤᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠦᠨᠡᠮᠯᠡᠯ ᠪᠦᠷᠢᠨ ᠪᠠᠶᠢᠬᠤ ᠨᠢ

ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠬᠠᠯᠬᠠᠪᠴᠢ ᠪᠢᠰᠢ᠂ ᠠᠵᠤ ᠠᠬᠤᠶᠢᠯᠠᠯ ᠤᠨ ᠬᠢᠨ ᠭᠤᠣᠯ

ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠠᠵᠢᠯᠯᠠᠭ᠎ᠠ ᠪᠠᠨ ᠵᠢᠷᠤᠮᠵᠢᠭᠤᠯᠵᠤ᠂

ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠴᠠ ᠤᠬᠤᠷᠢᠨ

ᠭᠠᠷᠴᠤ᠂ ᠠᠵᠤ ᠠᠬᠤᠶᠢᠯᠠᠯ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ

ᠬᠡᠷᠡᠭᠲᠡᠢ᠃ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠨᠡᠭᠦᠷᠡᠰᠦᠨ ᠠᠭᠤᠷᠬᠠᠢ ᠶᠢᠨ

ᠪᠤᠰᠤ ᠠᠭᠤᠷᠬᠠᠢ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠤᠯᠢ ᠬᠡᠷᠡᠭᠵᠢᠭᠦᠯᠦᠯᠲᠡ ᠶᠢ ᠴᠢᠩᠭ᠎ᠠ ᠪᠠᠶᠢᠴᠠᠭᠠᠵᠤ᠂

ᠬᠠᠮᠢᠶ᠎ᠠ ᠪᠦᠬᠦᠢ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠪᠦᠬᠦ ᠲᠠᠯ᠎ᠠ ᠪᠠᠷ ᠰᠢᠰᠲ᠋ᠧᠮ ᠲᠠᠢ ᠪᠠᠷ

ᠵᠢᠭᠰᠠᠭᠠᠨ ᠪᠠᠶᠢᠴᠠᠭᠠᠵᠤ᠂ ᠪᠦᠳᠦᠭᠦᠯᠢᠭ ᠮᠠᠶ᠋ᠢᠭ ᠤᠨ᠂ ᠵᠡᠷᠯᠢᠭ ᠮᠠᠶ᠋ᠢᠭ ᠤᠨ᠂ ᠳᠡᠭᠡᠷᠡᠮᠳᠡᠯᠭᠡ ᠶᠢᠨ ᠮᠠᠶ᠋ᠢᠭ ᠤᠨ

ᠨᠡᠭᠡᠭᠡᠨ ᠮᠠᠯᠲᠠᠬᠤ ᠠᠵᠢᠯᠯᠠᠭ᠎ᠠ ᠭᠠᠷᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号