4 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠶᠠᠩ ᠶᠢᠨ ᠤ ᠨᠠᠶᠢᠳᠠᠯᠭ᠎ᠠ ᠪᠠᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠲᠠ ᠶᠢᠨ ᠵᠠᠰᠠᠭ ᠤᠨ ᠣᠷᠳᠣᠨ ᠤ 2022 | ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠷᠪᠠᠨ ᠨᠢᠭᠡᠳᠦᠭᠡᠷ ᠤᠳᠠᠭᠠᠨ ᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ︽ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ ᠬᠡᠷᠡᠭᠯᠡᠭᠡ ᠶᠢᠨ ᠦᠷᠭᠦᠯᠵᠢᠯᠡᠨ | ᠰᠡᠷᠭᠦᠬᠦ ᠶᠢ ᠠᠬᠢᠭᠤᠯᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠵᠤ᠂ ᠬᠤᠶᠠᠳᠤᠭᠠᠷ ᠡᠭᠡᠯᠵᠢ ᠶᠢᠨ ᠲᠥᠪ ᠤᠨ | ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠤᠭᠤᠴᠠᠭᠠᠨ ᠳᠠᠬᠢ ᠠᠵᠢᠯ ᠢᠶᠠᠨ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠨ ᠭᠠᠷᠭᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ | ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠤᠯᠤᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ | ᠬᠢᠬᠦ ᠴᠢᠬᠤᠯᠠ ᠶᠡᠭᠡ ᠠᠵᠠ ᠲᠣᠬᠢᠶᠠᠯ ᠢ ᠪᠠᠲᠤ ᠡᠵᠡᠮᠳᠡᠵᠦ᠂ ᠡᠯ᠎ᠡ ᠲᠥᠷᠥᠯ ᠤᠨ ᠰᠠᠭᠤᠷᠢ ᠲᠥᠬᠦᠭᠡᠷᠦᠮᠵᠢ ᠶᠢᠨ | ᠪᠠᠶᠢᠷᠢᠰᠢᠯ ᠢ ᠨᠢᠭᠡᠳᠦᠯᠲᠡᠢ ᠲᠥᠯᠥᠪᠯᠡᠵᠦ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠲᠠᠢ | ᠤᠶᠠᠯᠳᠤᠭᠤᠯᠤᠨ᠂ ᠪᠢᠨ ᠾᠧ ᠬᠤᠶᠠᠳᠤᠭᠠᠷ ᠬᠤᠭᠤᠴᠠᠭᠠᠨ ᠤ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ | ᠪᠠᠶᠢᠭᠤᠯᠤᠯᠲᠠ᠂ ᠵᠠᠮ ᠬᠠᠷᠢᠯᠴᠠᠭ᠎ᠠ᠂ ᠭᠠᠵᠠᠷ ᠳᠣᠣᠷᠠᠬᠢ ᠬᠤᠭᠤᠯᠠᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠦᠶᠡᠷ ᠢ ᠰᠡᠷᠭᠡᠶᠢᠯᠡᠨ ᠤᠰᠤᠲᠤᠯ ᠢ ᠵᠠᠯᠠᠬᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠭᠤᠴᠢᠨ ᠵᠢᠵᠢᠭ ᠲᠣᠭᠤᠷᠢᠭ ᠢ | ᠥᠭᠡᠷᠡᠴᠢᠯᠡᠬᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠵᠡᠷᠭᠡ ᠠᠷᠠᠳ ᠤᠨ | ᠠᠮᠢᠳᠤᠷᠠᠯ ᠤᠨ ᠢᠨᠵᠧᠨᠧᠷᠢᠩ ᠢ ᠰᠠᠶᠢᠲᠤᠷ ᠠᠳᠬᠤᠵᠤ᠂ 5G᠂ ᠣᠶᠤᠨᠲᠤ ᠴᠠᠬᠢᠯᠭᠠᠨ ᠲᠣᠣᠷ ᠵᠡᠷᠭᠡ ᠮᠡᠳᠡᠭᠡ | ᠵᠠᠩᠭᠢ ᠶᠢᠨ ᠮᠡᠷᠭᠡᠵᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ | ᠲᠦᠮᠡᠨ ᠤ ᠴᠢᠨᠠᠷ ᠰᠠᠶᠢᠲᠠᠢ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠦᠨᠡᠨᠬᠦ ᠬᠠᠩᠭᠠᠨ᠎ᠠ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠡᠷᠡᠭᠯᠡᠭᠡᠨ ᠤ ᠳᠠᠯᠳᠠ ᠬᠦᠴᠦᠨ ᠢ | ᠤᠯᠠᠮ ᠨᠢᠭᠡ ᠠᠯᠬᠤᠮ ᠪᠠᠳᠠᠷᠠᠭᠤᠯᠵᠤ ᠬᠡᠷᠡᠭᠯᠡᠭᠡᠨ ᠤ ᠦᠷᠭᠦᠯᠵᠢᠯᠡᠨ ᠰᠡᠷᠭᠦᠬᠦ ᠶᠢ ᠠᠬᠢᠭᠤᠯᠬᠤ ᠲᠤᠬᠠᠢ ᠰᠠᠨᠠᠯ︾ ᠢ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠮᠥᠴᠡ ᠨᠡᠶᠢᠭᠡᠮ ᠲᠣᠭᠤᠷᠢᠭ ᠤᠨ ᠠᠮᠢᠳᠤᠷᠠᠯ ᠤᠨ | ᠬᠦᠷᠢᠶ᠎ᠡ︾ ᠶᠢ ᠪᠠᠶᠢᠭᠤᠯᠬᠤ ᠲᠠᠢ ᠤᠶᠠᠯᠳᠤᠭᠤᠯᠤᠨ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠶᠢ ᠱᠠᠯᠠᠪᠳᠠᠨ ᠲᠣᠭᠲᠠᠭᠠᠵᠤ᠂ ᠮᠠᠰᠢᠨ ᠲᠡᠷᠭᠡᠨ ᠤ ᠬᠡᠷᠡᠭᠯᠡᠭᠡ ᠶᠢ ᠥᠷᠭᠡᠳᠬᠡᠬᠦ᠂ ᠭᠡᠷ ᠤᠨ ᠴᠠᠬᠢᠯᠭᠠᠨ | ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ᠂ ᠰᠦᠯᠵᠢᠶᠡᠨ ᠳᠡᠭᠡᠷᠡᠬᠢ ᠬᠡᠷᠡᠭᠯᠡᠭᠡ ᠶᠢ ᠳᠡᠭᠡᠭᠰᠢᠯᠡᠭᠦᠯᠬᠦ᠂ ᠢᠳᠡᠭᠡᠨ | ᠤᠮᠳᠠᠭᠠᠨ ᠤ ᠬᠡᠷᠡᠭᠯᠡᠭᠡ ᠶᠢ ᠴᠢᠯᠦᠭᠡᠲᠡᠢ ᠪᠣᠯᠭᠠᠬᠤ᠂ ᠬᠥᠳᠡᠭᠡ ᠲᠣᠰᠬᠤᠨ ᠤ ᠬᠡᠷᠡᠭᠯᠡᠭᠡ ᠶᠢ ᠬᠥᠭᠵᠢᠭᠡᠬᠦ ᠪᠦᠲᠦᠮᠵᠢᠲᠡᠶ | ᠠᠷᠭ᠎ᠠ ᠶᠢ ᠳᠤᠷᠠᠳᠤᠨ ᠭᠠᠷᠭᠠᠵᠤ᠂ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ᠲᠠᠪᠴᠠᠩ ᠤᠨ ᠠᠵᠤ ᠠᠬᠤᠢ᠂ ᠰᠦᠯᠵᠢᠶᠡᠨ ᠤ ᠤᠯᠠᠭᠠᠨ ᠠᠵᠤ ᠠᠬᠤᠢ᠂ ᠲᠡᠷᠢᠭᠦᠨ | ᠳᠡᠯᠭᠡᠭᠦᠷ ᠤᠨ ᠠᠵᠤ ᠠᠬᠤᠢ᠂ ᠰᠥᠨᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠭᠤᠣᠯ ᠬᠤᠳᠠ ᠶᠢᠨ | ᠲᠣᠭᠤᠷᠢᠭ ᠤᠨ ᠬᠤᠳᠠᠯᠳᠤᠭᠠᠨ ᠤ ᠲᠣᠭᠤᠷᠢᠭ ᠤᠨ ᠳᠠᠪᠬᠤᠴᠠᠨ ᠲᠡᠰ ᠳᠡᠪᠰᠢᠬᠦ ᠶᠢ ᠠᠬᠢᠭᠤᠯᠵᠤ᠂ ᠮᠣᠯ ᠬᠤᠳᠠ᠂ | ᠬᠤᠳᠠᠯᠳᠤᠭ᠎ᠠ ᠰᠣᠶᠣᠯ ᠵᠤᠭᠠᠴᠠᠯ ᠤᠨ ᠶᠡᠷᠦᠩᠬᠡᠶᠢᠯᠡᠭᠰᠡᠨ ᠴᠣᠭᠴᠠ ᠵᠡᠷᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠪᠠᠷᠠᠭ᠎ᠠ ᠬᠤᠳᠠᠯᠳᠤᠨ ᠠᠪᠬᠤ + ᠠᠮᠲᠠᠲᠤ ᠢᠳᠡᠭᠡᠨ + ᠰᠡᠯᠡᠭᠦᠴᠡᠯ | ︾ ᠢ ᠨᠢᠭᠡ ᠴᠣᠭᠴᠠᠵᠢᠭᠤᠯᠤᠭᠰᠠᠨ ᠬᠠᠮ ᠬᠡᠯᠪᠡᠷᠢ ᠶᠢᠨ ᠬᠡᠷᠡᠭᠯᠡᠭᠡᠨ ᠤ ᠬᠡᠯᠬᠢᠶ᠎ᠡ ᠶᠢ ᠪᠠᠶᠢᠭᠤᠯᠵᠤ ︽ᠦᠬᠠᠢ ᠳᠤ | ᠪᠣᠯᠵᠤᠭ᠎ᠠ ᠲᠠᠢ︾ ︽ᠦᠬᠠᠢ ᠶᠢᠨ ᠪᠡᠯᠡᠭ︾ ᠤᠯᠠᠨ ᠨᠡᠶᠢᠲᠡ ᠶᠢᠨ ᠲᠦᠷᠦᠯ ᠲᠡᠮᠳᠡᠭ ᠢ ᠡᠭᠦᠳᠴᠦ᠂ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠬᠡᠰᠡᠭ ᠤᠨ ᠣᠷᠣᠨ ᠪᠦᠰᠡ ᠶᠢᠨ ᠬᠡᠷᠡᠭᠯᠡᠭᠡᠨ ᠤ ᠲᠥᠪᠯᠡᠷᠡᠭᠰᠡᠨ ᠭᠠᠵᠠᠷ ᠢ ᠬᠦᠴᠦᠯᠡᠨ | ᠴᠣᠭᠴᠠᠯᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ | ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ | ᠬᠢᠵᠠᠭᠠᠷ ᠢᠶᠠᠨ ᠲᠣᠳᠣᠷᠬᠠᠶᠢᠯᠠᠵᠤ᠂ ᠰᠢᠢᠳᠪᠦᠷᠢᠯᠡᠵᠦ ᠳᠠᠭᠤᠰᠬᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠳᠤ ᠲᠤᠰᠬᠠᠭᠰᠠᠨ ᠠᠰᠠᠭᠤᠳᠠᠯ ᠢ ᠡᠬᠢ ᠡᠭᠦᠰᠦᠯ ᠠᠴᠠ ᠨᠢ | ᠰᠢᠢᠳᠪᠦᠷᠢᠯᠡᠬᠦ ᠬᠡᠷᠡᠭᠲᠡᠢ᠃ ᠨᠢᠭᠡ ᠠᠴᠠ ᠨᠥᠭᠦᠭᠡ ᠶᠢ ᠵᠦᠢᠴᠢᠯᠡᠨ ᠠᠮᠢ ᠠᠬᠤᠢ ᠶᠢᠨ ᠣᠷᠴᠢᠨ ᠲᠣᠭᠤᠷᠢᠨ ᠤ ︽ | ᠳᠤᠯᠤᠭ᠎ᠠ ᠶᠢ ᠵᠠᠰᠠᠬᠤ︾ ᠶᠢ ᠰᠠᠶᠢᠲᠤᠷ ᠠᠳᠬᠤᠵᠤ᠂ ᠲᠤᠰᠬᠠᠢ ᠴᠡᠭᠴᠡᠯᠡᠨ ᠵᠠᠰᠠᠬᠤ ᠲᠥᠰᠥᠯ ᠢ ᠲᠦᠷᠭᠡᠨ | ᠲᠣᠭᠲᠠᠭᠠᠵᠤ᠂ ︽ᠪᠠᠭ᠎ᠠ ᠬᠡᠮᠵᠢᠶᠡᠨ ᠤ ᠨᠡᠭᠦᠷᠡᠰᠦ ᠲᠣᠬᠢᠷᠠᠭᠤᠯᠬᠤ︾ ︽ᠪᠠᠭ᠎ᠠ ᠬᠡᠮᠵᠢᠶᠡᠨ ᠤ ᠨᠡᠭᠦᠷᠡᠰᠦ ᠤᠬᠢᠶᠠᠬᠤ︾ | ᠠᠵᠤ ᠠᠬᠤᠶᠢᠯᠠᠯ ᠢ ᠱᠠᠯᠠᠪᠳᠠᠨ ᠵᠠᠰᠠᠵᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ | ᠨᠦᠬᠡ᠂ ᠬᠡᠦᠷᠰᠢᠭᠦᠯᠬᠦ ᠶᠢ ᠨᠢᠭᠡᠳᠭᠡᠨ ᠳᠠᠬᠢᠨ ᠵᠣᠬᠢᠶᠠᠨ ᠪᠠᠶᠢᠭᠤᠯᠬᠤ᠂ ᠠᠵᠤ ᠠᠬᠤᠶᠢᠯᠠᠯ ᠤᠨ ᠤᠰᠤ ᠬᠡᠷᠡᠭᠯᠡᠬᠦ ᠶᠢ | ᠵᠢᠷᠤᠮᠵᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠭᠠᠵᠠᠷ ᠣᠷᠣᠨ ᠤ ᠣᠷᠴᠢᠨ | ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ︽ᠦᠬᠠᠢ ᠬᠤᠲᠠ ᠶᠢᠨ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠵᠢᠴᠢ | ᠦᠬᠠᠢ ᠣᠷᠣᠨ ᠤ ᠴᠠᠬᠢᠯᠭᠠᠨ ᠤ ᠲᠣᠣᠷ ᠤᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠠᠰ ᠳᠠᠷᠠᠭᠠᠯᠠᠯ ᠤᠨ | ᠬᠦᠰᠦᠨᠦᠭᠲᠦ ᠪᠣᠯᠣᠨ ᠪᠠᠴᠢᠮ ᠲᠦᠷᠭᠡᠨ ᠢᠶᠠᠷ ᠴᠠᠬᠢᠯᠭᠠᠨ ᠲᠠᠲᠠᠵᠤ ᠴᠠᠬᠢᠯᠭᠠᠨ ᠬᠢᠵᠠᠭᠠᠷᠯᠠᠬᠤ ᠲᠠᠰ ᠳᠠᠷᠠᠭᠠᠯᠠᠯ ᠤᠨ | ᠬᠦᠰᠦᠨᠦᠭᠲᠦ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃ |