︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/5/11
     5 ᠰᠠᠷ᠎ᠠ ᠶᠢᠨ 10 ᠤ ᠡᠳᠦᠷ᠂ ᠮᠠᠨ ᠤ ᠬᠤᠲᠠ ᠶᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠢ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦ᠋ ᠶᠧ ᠸᠧᠨ ᠠᠵᠢᠯᠯᠠᠭ᠎ᠠ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃      ᠮᠧᠩ ᠫᠸᠢ ᠶᠦᠨ ᠪᠠᠶᠠᠷ ᠤᠨ ᠦᠭᠡ ᠳᠡᠭᠡᠨ ᠬᠡᠯᠡᠭᠰᠡᠨ ᠨᠢ᠂ 2021 ᠣᠨ ᠳᠤ᠂ ᠬᠤᠲᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠠᠷᠠᠯᠲᠠ ᠶᠢ ᠲᠤᠷᠠᠳᠣᠨ ᠭᠠᠷᠭᠠᠪᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠳᠠᠭᠤᠨ ᠢ ᠢᠳᠡᠪᠬᠢᠲᠡᠢ ᠤᠯᠠᠮᠵᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃      ᠲᠤᠰ ᠤᠳᠠᠭᠠᠨ ᠤ ᠠᠵᠢᠯᠯᠠᠭ᠎ᠠ ᠨᠢ ᠰᠤᠷᠭᠠᠭᠤᠯᠢ᠂ ᠨᠡᠶᠢᠭᠡᠮ ᠲᠣᠭᠤᠷᠢᠭ᠂ ᠲᠠᠷᠢᠶᠠᠯᠠᠬᠤ ᠣᠷᠣᠨ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠵᠡᠷᠭᠡ ᠠᠷᠪᠠᠨ ᠨᠢᠭᠡᠨ ᠭᠤᠣᠯᠳᠠᠯᠭ᠎ᠠ ᠲᠠᠢ ᠬᠦᠷᠢᠶᠡᠨ ᠳᠤ ᠲᠥᠪᠯᠡᠷᠡᠵᠦ᠂ ᠡᠭᠦᠨ ᠤ ᠵᠣᠷᠢᠯᠭ᠎ᠠ ᠨᠢ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠪᠦᠬᠦ ᠨᠡᠶᠢᠭᠡᠮ ᠳᠤ ︽ᠭᠤᠷᠪᠠᠨ ᠰᠠᠯᠵᠤ ᠴᠢᠳᠠᠬᠤ ᠦᠭᠡᠢ︾ ︽ᠳᠦᠷᠪᠡ ᠶᠢ ᠬᠠᠮᠲᠤᠳᠬᠠᠬᠤ︾ ︽ᠲᠠᠪᠤᠨ ᠬᠠᠮᠲᠤ ᠶᠢᠨ ᠲᠠᠨᠢᠯᠳᠠ︾ ᠶᠢᠨ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠰᠡᠳᠬᠢᠯ ᠵᠢᠷᠦᠬᠡᠨ ᠳᠡᠭᠡᠨ ᠦᠨᠳᠦᠰᠦᠯᠡᠭᠦᠯᠵᠦ᠂ ᠦᠢᠯᠡ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠬᠤ ᠶᠢ ᠠᠬᠢᠭᠤᠯᠬᠤ ᠪᠤᠯᠤᠨ᠎ᠠ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠡᠯ᠎ᠡ ᠬᠤᠯᠪᠤᠭᠳᠠᠯ ᠪᠥᠬᠦᠶ ᠨᠢᠭᠡᠴᠡ ᠠᠰᠠᠭᠤᠨ ᠯᠠᠪᠯᠠᠬᠤ ᠲᠠᠪᠴᠠᠩ ᠭᠠᠷᠭᠠᠬᠤ ᠪᠠᠷ ᠳᠡᠮᠵᠢᠨ᠂ ᠬᠤᠯᠪᠤᠭᠳᠠᠯ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号