ᠮᠠᠨ ᠤ ᠬᠤᠲᠠ ᠠᠷᠠᠳ ᠤᠨ ᠡᠶᠡᠳᠡᠭᠦᠯᠭᠡ ᠶᠢᠨ ᠲᠣᠤᠷᠵᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/5/12
     ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠠᠷᠠᠳ ᠤᠨ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ  ᠪᠠᠨ ᠲᠠᠰᠤᠷᠠᠯᠲᠠ ᠥᠬᠡᠶ ᠴᠢᠩᠭᠠᠳᠬᠠᠵᠤ᠂ ᠠᠷᠠᠳ ᠤᠨ ᠡᠶᠡᠳᠡᠭᠦᠯᠭᠡ ᠶᠢᠨ ᠲᠣᠤᠷᠵᠢᠭᠤᠯᠤᠯᠲᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠂ ᠲᠣᠣᠷᠵᠢᠯ ᠤᠨ ᠠᠵᠢᠯᠲᠠᠨ ᠢ ᠲᠤᠰᠬᠠᠶ ᠲᠤᠰᠢᠶᠠᠯ ᠤᠨ ᠠᠷᠠᠳ ᠤᠨ ᠡᠶᠡᠳᠡᠭᠦᠯᠭᠡ ᠶᠢᠨ ᠡᠩᠨᠡᠭᠡ ᠳᠤ ᠣᠷᠣᠭᠤᠯᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠡᠶᠢᠭᠡᠮ ᠤᠨ ᠵᠠᠰᠠᠯᠲᠠ ᠶᠢᠨ ᠨᠠᠷᠢᠯᠢᠬᠵᠢᠭᠤᠯᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃      ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠩᠨᠡᠭᠡᠨ ᠤ ᠪᠦᠲᠦᠴᠡ ᠪᠠᠨ ᠰᠢᠯᠢᠳᠡᠭᠵᠢᠭᠦᠯᠪᠡ᠃ ᠮᠠᠨ ᠤ ᠬᠤᠲᠠ ᠡᠶᠡᠳᠡᠭᠦᠯᠭᠡ ᠶᠢᠨ ᠡᠩᠨᠡᠭᠡᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠠᠷᠠᠳ ᠤᠨ ᠡᠶᠡᠳᠡᠭᠦᠯᠭᠡ ᠪᠠ ᠨᠡᠶᠢᠭᠡᠮ ᠲᠣᠭᠤᠷᠢᠭ ᠤᠨ ᠲᠣᠤᠷᠵᠢᠭᠤᠯᠤᠯᠲᠠ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠠᠷᠠᠳ ᠤᠨ ᠡᠶᠡᠳᠡᠭᠦᠯᠭᠡ ᠪᠠ ᠦᠨᠳᠦᠰᠦᠨ ᠱᠠᠲᠤᠨ ᠤ ᠲᠣᠣᠷᠵᠢᠯ ᠤᠨ ᠡᠩᠨᠡᠭᠡ ᠶᠢᠨ ᠡᠬᠢ ᠪᠠᠶᠠᠯᠢᠭ ᠢ ᠨᠡᠶᠢᠳᠬᠡᠵᠦ᠂ ᠡᠶᠡᠳᠡᠭᠦᠯᠦᠭᠴᠢ ᠪᠠ ᠲᠣᠣᠷᠵᠢᠯ ᠤᠨ ᠠᠵᠢᠯᠲᠠᠨ ᠤ ᠠᠳᠠᠯᠢ ᠳᠠᠪᠲᠠᠮᠵᠢ ᠶᠢ ᠪᠡᠶᠡᠯᠡᠭᠦᠯᠵᠦ᠂ ︽ᠲᠣᠣᠷᠵᠢᠯ + ᠡᠶᠡᠳᠡᠭᠦᠯᠭᠡ︾ ᠶᠢᠨ ᠠᠵᠢᠯ ᠤᠨ ᠲᠣᠭᠲᠠᠴᠠ ᠶᠢ ᠪᠠᠶᠢᠭᠤᠯᠪᠠ︔ ᠨᠡᠶᠢᠭᠡᠮ ᠲᠣᠭᠤᠷᠢᠭ ︵ᠲᠣᠰᠬᠤᠨ︶ ᠨᠢᠭᠡᠪᠦᠷᠢ ᠳᠤ ᠨᠠᠭᠠᠳᠤ ᠵᠠᠬ᠎ᠠ ᠳᠠᠭᠠᠨ 1 ᠨᠡᠷᠡᠰ ᠲᠣᠣᠷᠵᠢᠯ ᠤᠨ ᠠᠵᠢᠯᠲᠠᠨ ᠲᠣᠬᠢᠷᠠᠭᠤᠯᠵᠤ ᠲᠤᠰᠬᠠᠶ ᠲᠤᠰᠢᠶᠠᠯᠲᠤ ᠠᠷᠠᠳ ᠤᠨ ᠡᠶᠡᠳᠡᠭᠦᠯᠦᠭᠴᠢ ᠪᠣᠯᠭᠠᠬᠤ ᠱᠠᠭᠠᠷᠳᠠᠯᠭ᠎ᠠ ᠶᠣᠰᠣᠭᠠᠷ᠂ ᠰᠣᠩᠭᠤᠨ ᠲᠣᠮᠢᠯᠠᠭᠰᠠᠨ ᠲᠣᠣᠷᠵᠢᠯ ᠤᠨ ᠠᠵᠢᠯᠲᠠᠨ ᠢ ᠪᠠᠯᠭᠠᠰᠤ᠂ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ᠤᠨ ᠡᠶᠡᠳᠡᠭᠦᠯᠬᠦ ᠡᠩᠨᠡᠭᠡ ᠳᠤ ᠣᠷᠣᠭᠤᠯᠤᠨ ᠬᠠᠮᠢᠶᠠᠷᠪᠡ᠃      ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠪᠡ᠃ ᠮᠠᠨ ᠤ ᠬᠤᠲᠠ ᠶᠢᠨ ᠬᠢᠨ ᠲᠣᠣᠷᠵᠢᠯ ᠤᠨ ᠠᠵᠢᠯᠲᠠᠨ ᠣᠯᠠᠨ ᠲᠦᠮᠡᠨ ᠲᠠᠢ ᠨᠡᠩ ᠠᠮᠠᠷᠬᠠᠨ ᠣᠶᠢᠷᠠᠳᠬᠤ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠬᠤᠷᠣᠰᠤᠯ ᠢ ᠰᠢᠢᠳᠪᠦᠷᠢᠯᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠵᠢᠭᠰᠠᠭᠠᠨ ᠪᠠᠶᠢᠴᠠᠭᠠᠵᠤ ᠠᠷᠢᠯᠭᠠᠬᠤ ᠡᠬᠡ ᠲᠠᠩᠰᠠ ᠶᠢ ᠪᠠᠶᠢᠭᠤᠯᠵᠤ᠂ ︽ᠬᠥᠨᠳᠡᠯᠡᠨ ᠠᠴᠠ ᠵᠠᠬ᠎ᠠ ᠬᠢᠵᠠᠭᠠᠷ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ ᠶᠠᠪᠤᠭᠤᠯᠬᠤ︾ ᠡᠶᠡᠳᠡᠭᠦᠯᠭᠡ ᠶᠢᠨ ᠲᠤᠤᠷᠵᠢᠯ ᠤᠨ ᠰᠢᠰᠲ᠋ᠧᠮᠵᠢ ᠶᠢ ᠪᠣᠶ ᠪᠣᠯᠭᠠᠵᠤ᠂ ᠲᠤᠤᠷᠵᠢᠯ ᠤᠨ ᠲᠤᠰᠬᠠᠶ ᠲᠤᠰᠢᠶᠠᠯᠲᠤ ᠠᠷᠠᠳ ᠤᠨ ᠡᠶᠡᠳᠡᠭᠦᠯᠦᠭᠴᠢ ᠶᠢᠨ ᠵᠥᠷᠢᠴᠡᠯ ᠵᠢᠭᠤᠷᠠᠯᠳᠤᠭᠠᠨ ᠢ ᠲᠡᠷᠡ ᠳᠠᠷᠤᠶ ᠳᠤᠨᠢ ᠡᠵᠡᠮᠰᠢᠬᠦ ᠶᠢᠨ ᠬᠠᠮᠲᠤ ᠡᠶᠡᠳᠡᠭᠦᠯᠦᠨ ᠰᠢᠢᠳᠪᠦᠷᠢᠯᠡᠬᠦ ᠳᠤ ᠣᠷᠣᠯᠴᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠪᠤᠳᠤᠯᠢᠶᠠᠨᠲᠠᠶ ᠪᠥᠭᠡᠳ ᠲᠦᠪᠡᠭᠲᠡᠶ ᠵᠢᠭᠤᠷᠠᠯᠳᠤᠭᠠᠨ ᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠶᠢ ᠨᠡᠶᠢᠳᠡᠮ ᠪᠦᠷᠬᠦᠭᠦᠯᠵᠦ᠂ ᠥᠨᠴᠥᠭ ᠪᠤᠯᠤᠩ ᠥᠬᠡᠶ ᠪᠠᠶᠢᠯᠭᠠᠬᠤ ᠶᠢ ᠪᠡᠶᠡᠯᠡᠭᠦᠯᠪᠡ᠃      ᠪᠠᠲᠤᠯᠠᠭ᠎ᠠ ᠪᠠᠨ ᠴᠢᠩᠭᠠᠳᠬᠠᠵᠤ᠂ ᠤᠷᠮᠠᠰᠢᠭᠤᠯᠬᠤ ᠲᠣᠭᠲᠠᠴᠠ ᠶᠢ ᠨᠠᠶᠢᠳᠠᠪᠤᠷᠢᠵᠢᠭᠤᠯᠪᠡ᠃ ᠮᠠᠨ ᠤ ᠬᠤᠲᠠ ᠶᠢᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠲᠤᠤᠷᠵᠢᠯ ᠤᠨ ᠲᠤᠰᠬᠠᠶ ᠲᠤᠰᠢᠶᠠᠯᠲᠤ ᠠᠷᠠᠳ ᠤᠨ ᠡᠶᠡᠳᠡᠭᠦᠯᠦᠭᠴᠢ ᠶᠢ ᠰᠣᠩᠭᠤᠨ ᠭᠠᠷᠭᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠯᠪᠤᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ︽ᠬᠡᠷᠡᠭ ᠢᠶᠠᠷ ᠨᠥᠬᠦᠪᠥᠷᠢ ᠲᠣᠭᠲᠠᠭᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠤᠤᠷᠵᠢᠯ ᠤᠨ ᠲᠤᠰᠬᠠᠶ ᠲᠤᠰᠢᠶᠠᠯᠲᠤ ᠠᠷᠠᠳ ᠤᠨ ᠡᠶᠡᠳᠡᠭᠦᠯᠦᠭᠴᠢ ᠶᠢᠨ ᠣᠯᠭᠤᠮᠵᠢ ᠶᠢ ᠦᠨᠡᠨᠬᠦ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠠᠷᠠᠳ ᠤᠨ ᠡᠶᠡᠳᠡᠭᠦᠯᠭᠡ ᠶᠢᠨ ᠡᠩᠨᠡᠭᠡ ᠶᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠮᠠᠨ ᠤ ᠬᠤᠲᠠ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠬᠠᠤᠯᠢ ᠪᠠᠷ ᠵᠠᠰᠠᠬᠤ ᠲᠤᠯᠭᠠᠭᠤᠷᠢᠯᠠᠯ ᠬᠠᠩᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号