ᠬᠤᠲᠠ ᠶᠢᠨ ᠤᠳᠤᠷᠢᠳᠤᠯᠭ᠎ᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/5/12
     5 ᠰᠠᠷ᠎ᠠ ᠶᠢᠨ 11 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠯᠪᠤᠭᠠᠯᠠᠨ ᠲᠠᠭᠠᠭᠠᠴᠢᠯᠠᠭᠰᠠᠨ ᠭᠤᠤᠯᠳᠠᠯᠭ᠎ᠠ ᠲᠠᠢ ᠲᠥᠷᠥᠯ ᠵᠦᠢᠯ ᠳᠤ ᠪᠠᠶᠢᠴᠠᠭᠠᠨ ᠰᠣᠳᠣᠯᠣᠯᠳᠠ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠢ ᠤᠶᠢᠯᠠᠭᠠᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠢ ᠨᠠᠷᠢᠯᠢᠭ ᠣᠨᠣᠴᠠᠲᠠᠶ ᠪᠠᠷ ᠵᠣᠯᠭᠠᠭᠤᠯᠪᠠ᠃      ᠸᠠᠩ ᠸᠧᠨ ᠵᠢᠶᠧ ᠨᠠᠷ ᠡᠩ ᠲᠡᠷᠢᠭᠦᠨ ᠳᠤ ᠭᠤᠸᠠᠩ ᠨᠠ ᠶᠢᠨ ᠽᠢ ᠴᠧᠨ ᠹᠦ᠋ ᠰᠠᠭᠤᠭᠠᠯᠢ ᠲᠤᠭᠤᠷᠢᠭ᠂ ᠭᠤᠸᠠᠩ ᠨᠠ ᠶᠢᠨ ᠲᠤᠮᠤ ᠠᠰᠠᠷ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠭᠤᠸᠠᠩ ᠨᠠ ᠶᠢᠨ ᠽᠢ ᠴᠧᠨ ᠹᠦ᠋ ᠰᠠᠭᠤᠭᠠᠯᠢ ᠲᠤᠭᠤᠷᠢᠭ ᠤᠨ ᠲᠦᠷᠦᠯ ᠵᠦᠢᠯ ᠤᠨ ᠠᠰᠠᠷ ᠬᠤᠳᠠᠯᠳᠤᠬᠤ ᠭᠠᠵᠠᠷ ᠲᠤ᠂ ᠸᠠᠩ ᠸᠧᠨ ᠵᠢᠶᠧ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠪᠦᠳᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠵᠡᠷᠭᠡ ᠪᠠᠶᠢᠳᠠᠯ ᠢ ᠨᠢ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠰᠣᠳᠣᠨ ᠪᠦᠲᠦᠭᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠵᠣᠬᠢᠰᠲᠠᠢ ᠲᠥᠯᠥᠪᠵᠢᠭᠦᠯᠵᠦ᠂ ᠰᠢᠯᠢᠳᠡᠭ ᠰᠣᠳᠣᠨ ᠪᠦᠲᠦᠭᠡᠯ ᠤᠨ ᠢᠨᠵᠧᠨᠧᠷᠢᠩ ᠢ ᠪᠠᠶᠢᠭᠤᠯᠬᠤ ᠬᠡᠷᠡᠭᠲᠡᠢ ᠭᠡᠵᠦ ᠵᠠᠬᠢᠪᠠ᠃      ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠸᠠᠩ ᠸᠧᠨ ᠵᠢᠶᠧ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠢ ᠰᠠᠨᠠᠯ ᠱᠠᠭᠠᠷᠳᠠᠯᠭ᠎ᠠ ᠳᠤᠷᠠᠳᠴᠠᠢ᠃      ᠸᠠᠩ ᠸᠧᠨ ᠵᠢᠶᠧ ᠵᠢᠭᠠᠵᠤ ᠭᠠᠷᠭᠠᠭᠰᠠᠨ ᠨᠢ᠂ ᠪᠢᠨ ᠾᠧ ᠶᠢᠨ ᠬᠤᠶᠠᠳᠤᠭᠠᠷ ᠬᠤᠭᠤᠴᠠᠭ᠎ᠠ ᠪᠣᠯ ᠮᠠᠨ ᠤ ᠬᠤᠳᠠ ᠶᠢᠨ ᠭᠤᠣᠯᠳᠠᠯᠭ᠎ᠠ ᠲᠠᠢ ᠠᠬᠢᠭᠤᠯᠬᠤ ᠪᠦᠳᠦᠬᠡᠨ ᠪᠠᠶᠢᠭᠤᠯᠤᠯᠲᠠ ᠶᠢᠨ ᠣᠷᠣᠨ ᠪᠦᠰᠡ ᠪᠣᠯᠤᠨ᠎ᠠ᠂ ᠮᠥᠨᠴᠦ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠢᠷᠡᠭᠡᠳᠦᠢ ᠶᠢᠨ ᠬᠤᠳᠠ ᠶᠢᠨ ᠬᠥᠭᠵᠢᠯᠲᠡ ᠶᠢᠨ ᠪᠠᠶᠢᠷᠢᠰᠢᠯ ᠪᠣᠯᠤᠨ ᠬᠤᠳᠠ ᠶᠢᠨ ᠴᠢᠳᠠᠪᠬᠢ ᠳᠤ ᠠᠯᠤᠰ ᠬᠡᠳᠤ ᠶᠢᠨ ᠨᠥᠯᠥᠭᠡ ᠲᠠᠢ ᠶᠤᠮ ᠭᠡᠵᠡᠢ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠪᠠᠷᠠᠭᠠᠯᠬᠢᠯᠠᠯ ᠤᠨ ᠴᠢᠨᠠᠷᠲᠠᠢ ᠲᠥᠯᠥᠪᠵᠢᠭᠦᠯᠭᠡ ᠪᠠᠨ ᠴᠢᠩᠭᠠᠳᠬᠠᠵᠤ᠂ ᠲᠥᠯᠥᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠴᠢᠳᠠᠪᠬᠢ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠵᠠᠢ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠥᠨᠳᠥᠷ ᠪᠠᠷᠢᠮᠵᠢᠶ᠎ᠠ ᠥᠨᠳᠥᠷ ᠭᠠᠷᠤᠭ᠎ᠠ ᠥᠨᠳᠥᠷ ᠲᠦᠪᠰᠢᠨ ᠢᠶᠠᠷ ᠲᠦᠷᠦᠯ ᠵᠦᠢᠯ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠰᠢᠯᠢᠳᠡᠭ ᠰᠠᠶᠢᠨ ᠰᠣᠳᠣᠨ ᠢᠨᠵᠧᠨᠧᠷᠢᠩ ᠢ ᠴᠣᠭᠴᠠᠯᠠᠬᠤ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ᠂ ᠬᠦᠴᠦᠨ ᠵᠦᠢᠯ ᠤᠨ ᠪᠠᠲᠤᠯᠠᠭ᠎ᠠ ᠪᠠᠨ ᠪᠥᠬᠦ ᠲᠠᠯ᠎ᠠ ᠪᠠᠷ ᠰᠠᠶᠢᠲᠤᠷ ᠬᠢᠵᠦ᠂ ᠲᠥᠷᠥᠯ ᠵᠦᠢᠯ ᠢ ᠳᠥᠯᠭᠢᠨ ᠠᠬᠢᠭᠤᠯᠬᠤ ᠶᠠᠪᠤᠴᠠ ᠳᠠᠬᠢ ᠠᠰᠠᠭᠤᠳᠠᠯ ᠪᠠ ᠬᠦᠴᠢᠷᠳᠡᠯ ᠢᠶᠠᠨ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ᠂ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠰᠠᠭᠤᠷᠢ ᠲᠥᠬᠦᠭᠡᠷᠦᠮᠵᠢ ᠶᠢ ᠤᠷᠢᠳᠠᠪᠠᠷ ᠬᠡᠷᠡᠭᠵᠢᠭᠦᠯᠬᠦ᠂ ᠬᠤᠲᠠ ᠶᠢᠨ ᠦᠨᠳᠦᠰᠦᠨ ᠴᠢᠳᠠᠮᠵᠢ ᠶᠢ ᠤᠷᠢᠳᠠᠪᠠᠷ ᠪᠠᠶᠢᠭᠤᠯᠬᠤ ᠶᠢ ᠳᠣᠪᠤᠶᠢᠯᠭᠠᠵᠤ᠂ ᠴᠠᠬᠢᠯᠭᠠᠨ ᠬᠦᠴᠦᠨ ᠤ ᠱᠤᠭᠤᠮ᠂ ᠭᠠᠵᠠᠷ ᠳᠣᠤᠷᠠᠬᠢ ᠬᠤᠭᠤᠯᠠᠶ ᠲᠣᠤᠷ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠠᠵᠢᠯ ᠢ ᠴᠢᠨᠠᠷ ᠰᠠᠶᠢᠲᠠᠢ ᠠᠮᠢᠳᠤᠷᠠᠯ ᠤᠨ ᠦᠬᠠᠶ ᠶᠢᠨ ᠥᠯᠢᠭᠡᠷ ᠬᠡᠪ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号