ᠵᠢᠯ ᠤᠨ ᠡᠴᠦᠰ ᠠᠴᠠ ᠡᠮᠦᠨ᠎ᠡ ᠮᠠᠨ ᠤ ᠬᠤᠲᠠ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠲᠥᠪᠬᠢᠨᠡᠭᠦᠯᠬᠦ 3939 ᠢᠵᠢ ᠣᠷᠣᠨ ᠰᠠᠭᠤᠴᠠ ᠶᠢ ᠪᠤᠴᠠᠭᠠᠨ ᠨᠡᠭᠦᠯᠭᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2022/5/16
     ᠲᠦᠷᠦᠭᠦᠬᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠡᠴᠦᠰ ᠠᠴᠠ ᠡᠮᠦᠨ᠎ᠡ ᠮᠠᠨ ᠤ ᠬᠤᠲᠠ ᠳᠥᠭᠦᠮ‌‍ᠪᠦ᠋ᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠲᠥᠪᠬᠢᠨᠡᠭᠦᠯᠬᠦ 3939 ᠢᠵᠢ ᠣᠷᠣᠨ ᠰᠠᠭᠤᠴᠠ ᠶᠢ ᠪᠤᠴᠠᠭᠠᠨ ᠨᠡᠭᠦᠯᠭᠡᠬᠦ ᠪᠠᠷ ᠪᠠᠶᠢᠨ᠎ᠠ᠃      ᠡᠨᠡ ᠵᠢᠯ᠂ ᠪᠥᠬᠦ ᠬᠤᠲᠠ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ ᠪᠤᠴᠠᠭᠠᠨ ᠨᠡᠭᠦᠯᠭᠡᠬᠦ ᠳᠤ ᠨᠡᠶᠢᠲᠡ 6 ᠦᠷᠭᠦᠯᠵᠢᠯᠡᠨ ᠪᠠᠶᠢᠭᠤᠯᠬᠤ ᠲᠥᠷᠥᠯ ᠵᠦᠢᠯ ᠪᠣᠶ᠃ ᠣᠳᠣᠬᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠵᠢᠶᠠᠨ ᠱᠧ ᠡᠮᠦᠨ᠎ᠡ ᠵᠠᠮ ᠤᠨ ᠪᠠᠷᠠᠭᠤᠨ ᠬᠡᠰᠡᠭ ᠤᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ᠂ ᠮᠧᠩ ᠰᠢ ᠶᠢᠨ ᠶᠠᠩ ᠭᠤᠸᠠᠩ ᠯᠢ ᠱᠧ B ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠲᠤᠤᠷ᠎ᠠ ᠬᠠᠶᠢᠷᠤᠪ ᠤᠨ ᠲᠤᠬᠤᠢ ᠶᠢᠨ ᠪᠤᠴᠠᠵᠤ ᠨᠡᠭᠦᠬᠦ ᠲᠣᠭᠤᠷᠢᠭ ᠤᠨ ᠲᠦᠷᠦᠯ ᠵᠦᠢᠯ ᠢ ᠨᠢᠭᠡᠨᠲᠡ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠡᠨᠡ ᠵᠢᠯ ᠤᠨ 9 ᠰᠠᠷ᠎ᠠ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ᠃ ᠬᠠᠶᠢᠨᠠᠨ ᠲᠣᠭᠤᠷᠢᠭ ᠤᠨ ᠾᠧ ᠰᠢᠶᠧ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠶᠢᠨ ᠬᠠᠢ ᠶᠤᠸᠠᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠪᠣᠯᠤᠨ ᠤᠳᠠ ᠲᠣᠭᠤᠷᠢᠭ ᠤᠨ ᠶᠢᠨ ᠿᠦᠢ ᠵᠢᠶᠠ ᠶᠤᠸᠠᠨ ᠤ ᠲᠦᠷᠦᠯ ᠵᠦᠢᠯ ᠶᠠᠭ ᠭᠡᠷ ᠤᠨ ᠳᠣᠲᠣᠨ᠎ᠠ ᠭᠠᠳᠠᠨᠠᠬᠢ ᠵᠠᠰᠠᠯ ᠴᠢᠮᠡᠭᠯᠡᠯ ᠤᠨ ᠠᠵᠢᠯ ᠢᠶᠠᠨ ᠬᠢᠵᠦ ᠪᠤᠢ᠃ ᠳᠡᠭᠡᠷ᠎ᠡ ᠳᠤᠷᠠᠳᠤᠭᠰᠠᠨ ᠡᠨᠡ ᠵᠢᠯ ᠤᠨ ᠲᠤᠰᠢᠶᠠᠨ ᠥᠭᠴᠦ ᠪᠣᠯᠬᠤ 5 ᠵᠦᠢᠯ ᠳᠤ ᠨᠡᠶᠢᠲᠡ 3939 ᠢᠵᠢ ᠲᠥᠪᠬᠢᠨᠡᠭᠦᠯᠬᠦ ᠣᠷᠣᠨ ᠰᠠᠭᠤᠴᠠ ᠬᠤᠯᠪᠣᠭᠳᠠᠨ᠎ᠠ᠃ ᠤᠳᠠ ᠲᠣᠭᠤᠷᠢᠭ ᠲᠤ ᠪᠠᠶᠢᠭ᠎ᠠ ᠯᠠᠩ ᠹᠧᠩ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠣᠳᠣᠬᠠᠨ ᠳᠤ ᠭᠤᠣᠯ ᠴᠣᠭᠴᠠ ᠶᠢᠨ ᠪᠦᠳᠦᠭᠡᠨ ᠪᠠᠶᠢᠭᠤᠯᠤᠯᠲᠠ ᠶᠢᠨ ᠱᠠᠲᠤᠨ ᠳᠤ ᠪᠠᠶᠢᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠲᠤᠰᠢᠶᠠᠨ ᠥᠭᠴᠦ ᠬᠡᠷᠡᠭᠯᠡᠭᠦᠯᠬᠦ ᠪᠠᠷ ᠲᠥᠯᠥᠪᠯᠡᠵᠦ ᠪᠤᠢ᠃      ᠮᠠᠨ ᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠣᠨ ᠤ ᠬᠠᠷᠠᠯᠲᠠ ᠡᠭᠦᠷᠭᠡ ᠶᠢ ᠴᠢᠩᠭ᠎ᠠ ᠵᠢᠷᠤᠮᠯᠠᠨ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠵᠢᠭᠰᠠᠭᠠᠵᠤ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠠᠷᠠᠯᠲᠠ ᠠᠵᠢᠯ ᠤᠨ ᠬᠤᠭᠤᠴᠠᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠥᠷᠥᠯ ᠵᠦᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠪᠥᠬᠦ ᠬᠤᠷᠳᠤᠴᠠ ᠪᠠᠷ ᠳᠥᠯᠭᠢᠨ ᠠᠬᠢᠭᠤᠯᠵᠤ᠂ ᠠᠷᠠᠳ ᠣᠯᠠᠨ ᠤ ︽ᠣᠷᠣᠨ ᠰᠠᠭᠤᠴᠠ ᠶᠢ ᠰᠠᠨᠠᠭᠠᠰᠢᠷᠠᠵᠤ︾ ᠪᠠᠶᠢᠭᠰᠠᠨ ᠠᠴᠠ ᠪᠠᠨ ︽ᠣᠷᠣᠨ ᠰᠠᠭᠤᠴᠠ ᠲᠠᠢ︾ ᠪᠤᠯᠵᠤ᠂ ᠳᠠᠬᠢᠨ ︽ᠰᠢᠯᠢᠳᠡᠭ ᠣᠷᠣᠨ ᠰᠠᠭᠤᠴᠠ ᠲᠠᠢ ᠪᠣᠯᠬᠤ ︾ ᠬᠦᠰᠡᠯ ᠢ ᠡᠷᠲᠡᠬᠡᠨ ᠪᠡᠶᠡᠯᠡᠭᠦᠯᠬᠦ ᠶᠢ ᠪᠠᠲᠤᠯᠠᠬᠤ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号