ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠰᠡᠷᠡᠮᠵᠢᠯᠡᠭᠦᠯᠬᠦ ᠬᠥᠮᠦᠵᠢᠯ ᠵᠢᠴᠢ ᠨᠢᠭᠡᠳᠦᠮᠡᠯ ᠹᠷᠣᠨᠲ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/16
     5 ᠰᠠᠷ᠎ᠠ ᠶᠢᠨ 13 ᠤ ᠡᠳᠦᠷ᠂ ᠪᠥᠬᠦ ᠬᠤᠲᠠ ᠶᠢᠨ ᠨᠢᠭᠡᠳᠦᠮᠡᠯ ᠹᠷᠣᠨᠲ ᠤᠨ ᠰᠡᠷᠡᠮᠵᠢᠯᠡᠭᠦᠯᠬᠦ ᠬᠥᠮᠦᠵᠢᠯ ᠵᠢᠴᠢ ᠨᠢᠭᠡᠳᠦᠮᠡᠯ ᠹᠷᠣᠨᠲ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠤᠲᠠ ᠶᠢᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠵᠠᠬᠢᠷᠤᠯ ᠳ᠋ᠧᠩ ᠺᠠᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ︽9 · 3︾ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠦᠬᠠᠢ ᠬᠤᠳᠠ ᠶᠢᠨ ᠬᠤᠷᠢᠶᠠᠨ ᠤ ᠡᠷᠬᠢᠯᠡᠭᠴᠢ ᠭᠡᠰᠢᠭᠦᠨ ᠸᠠᠩ ᠶᠢᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠭᠤᠮᠢᠨᠳᠠᠩ ᠨᠠᠮ ᠤᠨ ᠬᠤᠪᠢᠰᠬᠠᠯᠲᠤ ᠬᠤᠷᠢᠶᠠᠨ ᠤ ᠦᠬᠠᠢ ᠬᠤᠳᠠ ᠶᠢᠨ ᠬᠤᠷᠢᠶᠠᠨ ᠤ ᠡᠷᠬᠢᠯᠡᠭᠴᠢ ᠭᠡᠰᠢᠭᠦᠨ ᠦ᠋ ᠶᠧ ᠸᠧᠨ ᠬᠤᠷᠠᠯ ᠳᠤ ᠣᠷᠣᠯᠴᠠᠪᠠ᠃      ᠳ᠋ᠧᠩ ᠺᠠᠶ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠷᠡᠰ ᠭᠤᠶᠢᠪᠢᠰᠢ ᠥᠬᠡᠶ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠡᠷᠡᠰ ᠰᠥᠰᠥ ᠵᠣᠷᠢᠭ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠤᠯᠠᠮ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠨᠢᠭᠡᠳᠦᠮᠡᠯ ᠹᠷᠣᠨᠲ ᠤᠨ ᠲᠡᠦᠬᠡ ᠪᠣᠯᠤᠨ ᠰᠢᠯᠢᠳᠡᠭ ᠤᠯᠠᠮᠵᠢᠯᠠᠯ ᠤᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢᠶᠠᠨ ᠭᠦᠨᠵᠡᠭᠡᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠠᠷᠢᠭᠤᠨ ᠴᠢᠬᠡᠴᠢ ᠰᠣᠶᠣᠯ ᠢ ᠢᠳᠡᠪᠬᠢᠲᠡᠶ ᠪᠠᠷ ᠪᠤᠶᠢᠵᠢᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠶ ᠰᠤᠳᠤᠯᠵᠤ᠂ ᠤᠯᠤᠰ ᠲᠦᠷᠦ ᠨᠢ ᠲᠣᠳᠣᠷᠬᠠᠶ᠂ ᠪᠠᠶᠢᠭᠤᠯᠭ᠎ᠠ ᠨᠢ ᠠᠷᠢᠭᠤᠨ ᠴᠢᠬᠡᠴᠢ᠂ ᠺᠠᠳ᠋ᠷ ᠨᠢ ᠲᠥᠪ ᠴᠢᠬᠡᠴᠢ᠂ ᠨᠡᠶᠢᠭᠡᠮ ᠨᠢ ᠰᠠᠷᠠᠭᠤᠯ ᠰᠠᠶᠢᠬᠠᠨ ᠪᠠᠶᠢᠬᠤ ᠰᠠᠶᠢᠨ ᠰᠠᠶᠢᠬᠠᠨ ᠣᠷᠴᠢᠨ ᠲᠤᠭᠤᠷᠢᠨ ᠢ ᠢᠳᠡᠪᠬᠢᠲᠡᠶ ᠪᠠᠷ ᠪᠤᠢ ᠪᠣᠯᠭᠠᠬᠤ ᠬᠡᠷᠡᠭᠲᠡᠶ᠃ ᠨᠢᠭᠡᠳᠦᠮᠡᠯ ᠹᠷᠣᠨᠲ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢᠶᠠᠨ ᠰᠠᠶᠢᠲᠤᠷ ᠠᠳᠬᠤᠵᠤ᠂ ᠲᠡᠭᠦᠨ ᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠤᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ᠂ ᠨᠢᠭᠡᠳᠦᠮᠡᠯ ᠹᠷᠣᠨᠲ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠠᠵᠢᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠰᠢᠷᠢᠰ ᠠᠵᠢᠯᠯᠠᠭ᠎ᠠ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ︽ᠦᠨᠳᠦᠰᠦᠨ ᠱᠠᠲᠤᠨ ᠤ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠵᠡᠷᠭᠡ ᠲᠠᠢ ᠤᠶᠠᠯᠳᠤᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠠᠰᠠ ᠬᠠᠮᠲᠤᠪᠠᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号