ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/5/16

     5 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋

ᠲᠡᠷᠢᠭᠦᠯᠡᠭᠴᠢ ᠮᠠ ᠰᠢᠤᠸᠠᠢ ᠵᠢᠶᠦ᠋ᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ

ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠰᠠᠨᠠᠯ ᠳᠤᠷᠠᠳᠤᠯᠭ᠎ᠠ ᠶᠢᠨ ᠵᠥᠪᠯᠡᠯ ᠤᠨ

ᠡᠷᠬᠢᠯᠡᠭᠴᠢ ᠶᠦᠨ ᠰᠢᠶᠤᠤ ᠹᠧᠩ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ

ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ

ᠳᠠᠷᠤᠭ᠎ᠠ ᠵᠢᠶᠠ ᠰᠢᠶᠤᠤ ᠮᠢᠩ ᠬᠠᠮᠲᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ

ᠱᠦᠵᠢ ᠲᠠᠩ ᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠵᠡᠷᠭᠡ

ᠬᠤᠲᠠ ᠶᠢᠨ ᠤᠳᠤᠷᠢᠳᠤᠯᠭ᠎ᠠ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ︵ᠱᠢ ᠯᠢ ᠽᠧᠩ

ᠰᠡᠭᠦᠳᠡᠷᠯᠡᠪᠡ︶

     5 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋

ᠲᠡᠷᠢᠭᠦᠯᠡᠭᠴᠢ ᠮᠠ ᠰᠢᠤᠸᠠᠢ ᠵᠢᠶᠦ᠋ᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ᠂ ᠥᠪᠡᠷᠲᠡᠭᠡᠨ ᠵᠠᠰᠠᠬᠤ

ᠣᠷᠣᠨ ᠤ ᠤᠯᠤᠰ ᠲᠦᠷᠦ ᠶᠢᠨ ᠵᠥᠪᠯᠡᠯᠭᠡᠨ ᠤ ᠣᠨ ᠤ ᠵᠥᠪᠯᠡᠬᠦ ᠲᠥᠯᠥᠪᠯᠡᠭᠡ ᠶᠢᠨ ᠵᠥᠪᠯᠡᠬᠦ ᠰᠡᠳᠦᠪ ︽

ᠬᠤᠳᠠ ᠶᠢᠨ ᠭᠠᠵᠠᠷ ᠳᠣᠣᠷᠠᠬᠢ ᠠᠮᠢ ᠨᠠᠰᠤᠨ ᠤ ᠱᠤᠭᠤᠮ ᠢ ᠪᠠᠶᠢᠭᠤᠯᠵᠤ᠂ ᠬᠤᠳᠠ ᠶᠢᠨ ᠭᠠᠵᠠᠷ ᠳᠣᠣᠷᠠᠬᠢ ᠠᠮᠤᠷ

ᠲᠦᠪᠰᠢᠨ ᠤ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠲᠤᠬᠠᠢ ᠰᠠᠨᠠᠯ ᠳᠤᠷᠠᠳᠤᠯᠭ᠎ᠠ︾ ᠶᠢᠨ

ᠲᠣᠭᠤᠷᠢᠨ ᠳᠤ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ

ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠰᠠᠨᠠᠯ ᠳᠤᠷᠠᠳᠤᠯᠭ᠎ᠠ ᠶᠢᠨ ᠵᠥᠪᠯᠡᠯ ᠤᠨ ᠡᠷᠬᠢᠯᠡᠭᠴᠢ ᠶᠦᠨ

ᠰᠢᠶᠤᠤ ᠹᠧᠩ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ

ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠵᠢᠶᠠ

ᠰᠢᠶᠤᠤ ᠮᠢᠩ ᠬᠠᠮᠲᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂

ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠳᠡᠳ᠋

ᠳᠠᠷᠤᠭ᠎ᠠ ᠭᠦᠸᠧ ᠢ ᠵᠢᠶᠧ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

     ᠮᠠ ᠰᠢᠤᠸᠠᠢ ᠵᠢᠶᠦ᠋ᠨ ᠤᠷᠢᠳ ᠬᠤᠵᠢᠳ ᠬᠠᠶᠢᠷᠤᠪ ᠤᠨ ᠳᠤᠬᠤᠢ ᠲᠣᠭᠤᠷᠢᠭ ᠤᠨ ᠬᠤᠶᠢᠲᠤ ᠬᠡᠰᠡᠭ ᠤᠨ

ᠤᠰᠤ ᠴᠡᠪᠡᠷᠰᠢᠭᠦᠯᠬᠦ ᠦᠢᠯᠡᠳᠪᠦᠷᠢ᠂ ᠰᠠᠨ ᠶᠢᠨ B ᠲᠣᠭᠤᠷᠢᠭ᠂ ᠵᠢᠶᠦ᠋ᠨ ᠵᠧᠩ ᠵᠢᠵᠢᠭ ᠲᠣᠭᠤᠷᠢᠭ ᠤᠨ ᠪᠠᠷᠠᠭᠤᠨ

ᠡᠭᠦᠳᠡ᠂ ᠬᠤᠳᠠ ᠶᠢᠨ ᠢᠯᠴᠢ ᠶᠢᠨ ᠬᠦᠴᠦᠨ ᠤ ᠺᠣᠮᠫᠠᠨᠢ ᠶᠢᠨ ᠳᠠᠷᠤᠯᠲᠠ ᠠᠯᠤᠰᠯᠠᠨ ᠢᠯᠴᠢ ᠰᠣᠯᠢᠯᠴᠠᠬᠤ

ᠦᠷᠳᠡᠭᠡ᠂ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ

ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠲᠥᠪ

ᠡᠵᠡᠮᠳᠡᠯ ᠤᠨ ᠲᠠᠰᠤᠭ᠂ ᠦᠢᠯᠡᠳᠪᠦᠷᠢ ᠶᠢᠨ ᠲᠠᠰᠤᠭ᠂ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠤᠷ ᠲᠤ

ᠭᠦᠨᠵᠡᠭᠡᠶᠢᠷᠡᠨ᠂ ᠤᠰᠤ ᠬᠠᠩᠭᠠᠬᠤ᠂ ᠢᠯᠴᠢ ᠬᠠᠩᠭᠠᠬᠤ᠂ ᠰᠢᠲᠠᠮᠠᠬᠠᠶ ᠬᠡᠶ᠂ ᠤᠰᠤ ᠵᠠᠯᠠᠬᠤ᠂ ᠴᠠᠬᠢᠯᠭᠠᠨ ᠬᠠᠩᠭᠠᠬᠤ

᠂ ᠤᠰᠤᠲᠤᠯ ᠢ ᠵᠠᠯᠠᠬᠤ ᠵᠡᠷᠭᠡ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ᠂

ᠲᠦᠭᠰᠢᠭᠦᠷᠢ ᠶᠢ ᠰᠡᠷᠭᠡᠶᠢᠯᠡᠬᠦ ᠪᠠ ᠬᠢᠨᠠᠨ ᠬᠡᠮᠵᠢᠵᠦ ᠰᠡᠷᠡᠮᠵᠢᠯᠡᠭᠦᠯᠬᠦ ᠪᠠᠶᠢᠳᠠᠯ ᠢ ᠨᠢ ᠨᠠᠷᠢᠨ ᠣᠶᠢᠯᠠᠭᠠᠵᠤ᠂

ᠬᠤᠯᠪᠤᠭᠳᠠᠯ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠡᠯ᠎ᠡ ᠲᠥᠷᠥᠯ ᠤᠨ ᠬᠤᠭᠤᠯᠠᠶ

ᠲᠣᠤᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ

 ᠨᠢ ᠨᠠᠷᠢᠨ ᠠᠰᠠᠭᠤᠨ ᠯᠠᠪᠯᠠᠪᠠ᠃ ᠲᠡᠷᠡ ᠵᠢᠭᠠᠵᠤ ᠭᠠᠷᠭᠠᠭᠰᠠᠨ ᠨᠢ᠂ ᠬᠤᠲᠠ ᠶᠢᠨ ᠭᠠᠵᠠᠷ ᠳᠣᠤᠷᠠᠬᠢ ᠬᠤᠭᠤᠯᠠᠶ

ᠱᠤᠭᠤᠮ ᠪᠣᠯ ᠬᠤᠲᠠ ᠶᠢᠨ ᠠᠵᠢᠯᠯᠠᠭᠠᠨ ᠤ ᠭᠠᠵᠠᠷ ᠳᠣᠤᠷᠠᠬᠢ ︽ᠠᠮᠢᠨ ᠰᠤᠳᠠᠰᠤ︾ ᠮᠥᠨ᠂ ᠬᠤᠲᠠ ᠶᠢᠨ ᠠᠮᠤᠷ

ᠲᠦᠪᠰᠢᠨ᠂ ᠡᠷᠡᠭᠦᠯ ᠠᠵᠢᠯᠯᠠᠭᠠᠨ ᠪᠠ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠵᠤ ᠪᠠᠶᠢᠳᠠᠭ᠃ ᠦᠬᠠᠶ

ᠬᠤᠲᠠ ᠶᠢᠨ ᠬᠢᠨ ᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠪᠠ ᠣᠯᠠᠨ ᠲᠦᠮᠡᠨ ᠤ ᠠᠮᠢ ᠨᠠᠰᠤ ᠡᠳ᠋

ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠦᠨᠳᠦᠷᠴᠡ ᠠᠴᠠ ᠡᠭᠦᠰᠴᠦ᠂ ᠰᠢ ᠶᠢᠨ ᠫᠢᠩ ᠶᠡᠷᠦᠩᠬᠡᠶ

ᠱᠦᠵᠢ ᠶᠢᠨ ᠬᠤᠲᠠ ᠶᠢᠨ ᠠᠮᠤᠷ ᠲᠦᠪᠰᠢᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ

ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂

ᠠᠰᠠᠭᠤᠳᠠᠯ ᠤᠨ ᠰᠡᠳᠬᠢᠬᠦᠢ ᠶᠢ ᠪᠠᠷᠢᠮᠲᠠᠯᠠᠵᠤ᠂ ᠬᠤᠳᠠ ᠶᠢᠨ ᠭᠠᠵᠠᠷ ᠳᠣᠣᠷᠠᠬᠢ ︽ᠠᠮᠢ ᠨᠠᠰᠤᠨ ᠤ ᠱᠤᠭᠤᠮ︾

 ᠤᠨ ᠳᠤᠲᠠᠭᠤᠳᠠᠯ ᠢᠶᠠᠨ ᠴᠢᠷᠮᠠᠶᠢᠨ ᠨᠥᠬᠦᠪᠥᠷᠢᠯᠡᠵᠦ᠂ ᠭᠠᠵᠠᠷ ᠳᠣᠣᠷᠠᠬᠢ ᠬᠤᠭᠤᠯᠠᠢ ᠱᠤᠭᠤᠮ ᠤᠨ ᠵᠠᠰᠠᠯᠲᠠ ᠶᠢᠨ

ᠰᠢᠰᠲ᠋ᠧᠮ ᠤᠨ ᠲᠡᠭᠦᠯᠳᠡᠷᠵᠢᠯᠲᠡ ᠪᠠ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠪᠠᠨ ᠠᠬᠢᠭᠤᠯᠵᠤ᠂

ᠬᠤᠳᠠ ᠶᠢᠨ ᠭᠠᠵᠠᠷ ᠳᠣᠣᠷᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢᠶᠠᠨ ᠦᠨᠡᠨᠬᠦ ᠪᠠᠬᠢᠵᠢᠭᠦᠯᠵᠦ᠂

ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠡᠶ᠎ᠡ ᠵᠣᠬᠢᠴᠠᠩᠭᠤᠢ ᠲᠣᠭᠲᠠᠭᠤᠨ

ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠭᠠᠵᠠᠷ ᠳᠣᠣᠷᠠᠬᠢ ᠬᠤᠭᠤᠯᠠᠶ ᠱᠣᠭᠤᠮ ᠤᠨ ᠠᠮᠣᠷ

ᠲᠦᠪᠰᠢᠨ ᠠᠵᠢᠯᠯᠠᠭᠠᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢᠶᠠᠨ ᠯᠠᠪᠳᠠᠭᠤᠨ ᠢᠶᠠᠷ

ᠠᠬᠢᠭᠤᠯᠵᠤ᠂ ᠠᠮᠣᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠶ᠃ ᠭᠠᠵᠠᠷ ᠳᠣᠣᠷᠠᠬᠢ

ᠬᠤᠭᠤᠯᠠᠶ ᠱᠤᠭᠤᠮ ᠤᠨ ︽ᠲᠣᠭᠠᠴᠢᠯᠠᠬᠤ︾ ᠬᠠᠮᠢᠶᠠᠷᠤᠯᠲᠠ ᠶᠢᠨ ᠠᠬᠢᠴᠠ ᠪᠠᠨ ᠲᠦᠷᠭᠡᠪᠴᠢᠯᠡᠨ ᠠᠬᠢᠭᠤᠯᠵᠤ᠂

ᠬᠤᠭᠤᠯᠠᠶ ᠱᠤᠭᠤᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠪᠠᠨ

ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠶᠢᠨ ᠠᠮᠤᠷ ᠲᠦᠪᠰᠢᠨ ᠠᠵᠢᠯᠯᠠᠭᠠᠨ ᠢ ᠪᠠᠲᠤᠯᠠᠵᠤ᠂ ᠬᠤᠳᠠ ᠶᠢᠨ

ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠬᠤᠲᠠ ᠶᠢᠨ ᠭᠠᠵᠠᠷ ᠳᠣᠤᠷᠠᠬᠢ

ᠬᠤᠭᠤᠯᠠᠶ ᠱᠤᠭᠤᠮ ᠤᠨ ᠲᠥᠯᠥᠪᠵᠢᠭᠦᠯᠭᠡ ᠪᠠᠨ ᠨᠢᠭᠡᠳᠦᠯᠲᠡᠶ ᠲᠥᠯᠥᠪᠯᠡᠬᠦ ᠪᠠᠨ ᠴᠢᠩᠭᠠᠳᠬᠠᠵᠤ᠂ ᠭᠠᠵᠠᠷ ᠳᠣᠤᠷᠠᠬᠢ

ᠬᠤᠭᠤᠯᠠᠶ ᠲᠣᠤᠷ ᠤᠨ ᠥᠭᠡᠷᠡᠴᠢᠯᠡᠯᠲᠡ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠲᠥᠯᠥᠪᠵᠢᠭᠦᠯᠭᠡ

ᠬᠢᠭᠡᠳ ᠪᠥᠲᠥᠭᠡᠨ ᠪᠠᠶᠢᠭᠤᠯᠤᠯᠲᠠ ᠶᠢ ᠬᠠᠷᠢᠯᠴᠠᠨ ᠨᠢᠭᠡᠳᠬᠡᠬᠦ — ᠥᠭᠡᠷᠡᠴᠢᠯᠡᠬᠦ ᠬᠢᠭᠡᠳ ᠬᠠᠮᠢᠶᠠᠷᠤᠯᠲᠠ ᠶᠢ

ᠬᠠᠷᠢᠯᠴᠠᠨ ᠨᠢᠭᠡᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ᠬᠠᠶᠢᠨ ᠰᠦᠪᠡᠭᠴᠢᠯᠡᠵᠦ

ᠰᠤᠳᠤᠯᠬᠤ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠤᠭᠤᠯᠠᠢ

ᠱᠤᠭᠤᠮ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂

ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠦᠷᠢᠯᠳᠦᠭᠦᠯᠵᠦ᠂ ᠭᠠᠵᠠᠷ ᠳᠣᠣᠷᠠᠬᠢ ᠬᠤᠭᠤᠯᠠᠢ

ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠬᠡᠵᠡᠢ᠃

     ᠮᠠ ᠰᠢᠤᠸᠠᠢ ᠵᠢᠶᠦ᠋ᠨ ᠪᠠᠰᠠ ᠤᠷᠢᠳ ᠬᠤᠵᠢᠳ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ

ᠬᠦᠷᠢᠶᠡᠯᠡᠩ ᠤᠨ ᠭᠤᠸᠠᠩ ᠵᠢᠤᠢ ᠺᠣᠮᠫᠠᠨᠢ᠂ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

ᠺᠣᠮᠫᠠᠨᠢ᠂ ᠭᠦᠸᠧ ᠰᠢᠤᠸᠠᠨ ᠨᠡᠭᠦᠷᠡᠰᠦᠲᠥ᠋ᠷᠥᠭᠴᠢᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠶᠦᠩ ᠲᠠᠢ

ᠬᠢᠮᠢ ᠶᠢᠨ ᠺᠣᠮᠫᠠᠨᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠪᠣᠯᠤᠨ ᠲᠥᠪ

ᠡᠵᠡᠮᠳᠡᠯ ᠤᠨ ᠲᠠᠰᠤᠭ ᠲᠤ ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂

ᠪᠦᠳᠦᠭᠡᠨ ᠪᠠᠶᠢᠭᠤᠯᠤᠯᠲᠠ ᠶᠢᠨ ᠠᠬᠢᠴᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠳᠡ᠂ ᠣᠷᠠᠨ

ᠲᠠᠷᠬᠠᠯᠠᠯ ᠤᠨ ᠶᠠᠪᠤᠴᠠ᠂ ᠠᠵᠤ ᠦᠢᠯᠡᠰ ᠤᠨ ᠬᠡᠯᠬᠢᠶᠡᠨ ᠤ ᠦᠷᠭᠦᠯᠵᠢᠯᠡᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ

᠃ ᠮᠠ ᠰᠢᠤᠸᠠᠢ ᠵᠢᠶᠦ᠋ᠨ ᠮᠠᠨ ᠤ ᠬᠤᠲᠠ ᠶᠢᠨ ᠨᠡᠭᠦᠷᠡᠰᠦ ᠪᠠᠷ ᠰᠠᠭᠤᠷᠢ ᠪᠣᠯᠭᠠᠭᠰᠠᠨ ᠠᠵᠤ ᠦᠢᠯᠡᠰ ᠤᠨ ᠪᠦᠬᠦ

ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠠᠷᠭ᠎ᠠ ᠬᠢᠳᠡᠯ ᠢ ᠮᠠᠭᠲᠠᠨ ᠰᠠᠶᠢᠰᠢᠶᠠᠵᠤ᠂ ᠪᠦᠬᠦ

ᠬᠡᠯᠬᠢᠶ᠎ᠡ ᠪᠠᠷ ᠴᠤᠭᠯᠠᠷᠠᠬᠤ᠂ ᠤᠯᠠᠨ ᠬᠡᠯᠬᠢᠶ᠎ᠡ ᠪᠠᠷ ᠠᠭᠤᠰᠤᠯᠴᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ

 ᠪᠠᠨ ᠳᠤᠤᠷᠠᠳᠤ ᠤᠷᠤᠰᠬᠠᠯ ᠲᠡᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠪᠠᠨ ᠳᠤᠮᠳᠠ ᠳᠡᠭᠡᠳᠦ ᠲᠦᠪᠰᠢᠨ

ᠲᠡᠰᠢ ᠳᠡᠭᠡᠭᠰᠢᠯᠡᠭᠦᠯᠬᠦ ᠶᠢ ᠠᠬᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ

ᠪᠦᠯᠦᠭᠵᠢᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号