ᠤᠳᠠ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠢᠴᠢ ︽ᠳᠣᠯᠤᠭ᠎ᠠ ᠶᠢ ᠵᠠᠰᠠᠬᠤ︾ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/17
     5 ᠰᠠᠷ᠎ᠠ ᠶᠢᠨ 16 ᠤ ᠡᠳᠦᠷ᠂ ᠤᠳᠠ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠢᠴᠢ ︽ᠳᠣᠯᠤᠭ᠎ᠠ ᠶᠢ ᠵᠠᠰᠠᠬᠤ︾ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠤᠳᠠ ᠲᠤᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠵᠣᠣ ᠬᠠᠢ ᠪᠥᠸᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠶᠠᠨ ᠸᠧᠨ ᠯᠦᠩ ᠴᠢᠬᠤᠯᠠᠴᠢᠯᠠᠭᠰᠠᠨ ᠨᠢ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠬᠢᠨ ᠠᠴᠠ ᠳᠠᠭᠤᠰᠲᠠᠯ᠎ᠠ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠴᠢᠩᠭ᠎ᠠ ᠡᠵᠡᠮᠳᠡᠵᠦ᠂ ᠢᠮᠠᠭᠲᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠬᠦ ᠠᠵᠢᠯ ᠢ ᠮᠥᠷᠥᠨ ᠳᠡᠭᠡᠷ᠎ᠡ ᠪᠠᠨ ᠠᠳᠬᠤᠵᠤ᠂ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠲᠤᠯᠤᠭ᠎ᠠ ᠶᠢ ᠵᠠᠰᠠᠬᠤ︾ ᠠᠵᠢᠯ ᠢᠶᠠᠷ ᠴᠢᠬᠤᠯᠠ ᠭᠠᠷᠳᠠᠴᠠ ᠪᠣᠯᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠱᠠᠲᠤ ᠱᠠᠲᠤ ᠪᠠᠷ ᠳᠠᠷᠤᠯᠲᠠ ᠥᠭᠴᠦ᠂ ᠡᠯ᠎ᠡ ᠵᠦᠢᠯ ᠤᠨ ᠵᠠᠰᠠᠵᠤ ᠰᠡᠷᠭᠦᠭᠡᠬᠦ ᠠᠵᠢᠯ ᠢ ᠴᠢᠩᠭ᠎ᠠ ᠪᠣᠳᠠᠲᠠᠢ ᠲᠦᠷᠭᠡᠨ ᠠᠳᠬᠤᠵᠤ᠂ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠦᠩᠭᠡᠨ ᠲᠠᠯ᠎ᠠ ᠪᠠ ᠦᠨᠳᠦᠰᠦᠨ ᠠᠴᠠ ᠨᠢ ᠵᠡᠷᠭᠡᠪᠡᠷ ᠵᠠᠰᠠᠬᠤ ᠶᠢ ᠲᠤᠪᠤᠶᠢᠯᠭᠠᠵᠦ᠂ ᠨᠢᠭᠡᠳᠦᠯᠲᠡᠢ ᠲᠥᠯᠥᠪᠵᠢᠭᠦᠯᠦᠨ ᠬᠤᠯᠪᠤᠭᠠᠯᠠᠨ ᠬᠥᠳᠡᠯᠦᠯᠴᠡᠵᠦ ᠰᠢᠰᠲ᠋ᠧᠮᠵᠢᠲᠦ ᠵᠠᠰᠠᠯᠲᠠ ᠶᠢ ᠠᠬᠢᠭᠤᠯᠵᠤ᠂ ᠦᠩᠭᠡᠨ ᠲᠠᠯ᠎ᠠ ᠶᠢ ᠵᠠᠰᠠᠬᠤ ᠪᠠ  ᠦᠨᠳᠦᠰᠦᠨ ᠠᠴᠠ ᠨᠢ ᠵᠠᠰᠠᠬᠤ ᠶᠢ ᠤᠶᠠᠯᠳᠤᠭᠤᠯᠬᠤ᠂ ᠣᠳᠣᠬᠠᠨ ᠤ ᠪᠠ ᠠᠯᠤᠰ ᠢ ᠤᠶᠠᠯᠳᠤᠭᠤᠯᠬᠤ᠂ ᠬᠡᠰᠡᠭ ᠲᠠᠯ᠎ᠠ ᠪᠠ ᠪᠦᠬᠦᠯᠢ ᠴᠣᠭᠴᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号