ᠬᠤᠲᠠ ᠶᠢᠨ ᠤᠳᠤᠷᠢᠳᠤᠯᠭ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/5/18
     5 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠲᠠ ᠶᠢᠨ ᠠᠷᠠᠳ ᠤᠨ ᠲᠥᠪ᠂ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠠᠯᠪᠠᠨ ᠬᠡᠷ ᠤᠨ ᠲᠤᠰᠬᠠᠶ ᠪᠠᠭ ᠤᠨ ᠲᠥᠪᠯᠡᠷᠡᠨ ᠠᠵᠢᠯᠯᠠᠬᠤ ᠴᠢᠭ ᠲᠤ ᠭᠦᠨᠵᠡᠭᠡᠶᠢᠷᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠢᠶᠠ ᠴᠢᠩ ᠳ᠋ᠦᠩ ᠠᠵᠢᠯᠲᠠᠳ ᠲᠠᠢ ᠶᠠᠷᠢᠯᠴᠠᠬᠤ᠂ ᠡᠬᠡ ᠲᠠᠩᠰᠠ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠡᠮᠵᠢᠨ᠂ ᠬᠢᠨᠠᠨ ᠵᠥᠪᠰᠢᠶᠡᠷᠡᠬᠦ ᠶᠠᠪᠤᠴᠠ᠂ ᠬᠦᠢᠴᠡᠳᠬᠡᠬᠦ ᠬᠤᠭᠤᠴᠠᠭ᠎ᠠ᠂ ᠵᠠᠭᠤᠴᠢᠯᠠᠬᠤ ᠬᠡᠲᠦ ᠳᠡᠯᠭᠡᠭᠦᠷ᠂ ᠬᠠᠮᠲᠤᠷᠠᠨ ᠠᠵᠢᠯᠯᠠᠬᠤ ᠡᠭᠦᠯᠡᠨ ᠲᠠᠪᠴᠠᠩ ᠤᠨ ᠪᠠᠶᠢᠭᠤᠯᠤᠯᠲᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠥᠷᠨᠢᠭᠦᠯᠦᠭᠰᠡᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠣᠯᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠳᠤᠲᠠᠭᠤ ᠶᠢ ᠪᠠᠭᠲᠠᠭᠠᠬᠤ ᠶᠢ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠪᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠤᠶᠤᠨᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ᠂ ᠬᠤᠳᠠ ᠶᠢᠨ ᠬᠡᠪᠴᠢᠶᠡᠨ ᠳᠤ ᠪᠦᠬᠦᠨ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠵᠠᠭᠤᠴᠢᠯᠠᠬᠤ ᠬᠡᠲᠦ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠵᠠᠭᠤᠴᠢᠯᠠᠬᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠪᠠ ᠪᠠᠷᠢᠮᠵᠢᠶ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠪᠣᠯᠪᠠᠰᠤᠷᠠᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠣᠩᠬᠤᠪᠴᠢ ᠶᠢᠨ ᠠᠵᠢᠯᠲᠠᠨ ᠤ ᠦᠢᠯᠡᠴᠢᠯᠡᠭᠡᠨ ᠤ ᠬᠢᠷᠢ ᠲᠦᠪᠰᠢᠨ ᠪᠠ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ  ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠳᠥᠯᠭᠢᠨ ᠠᠬᠢᠭᠤᠯᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠪᠣᠯᠪᠠᠰᠤᠷᠠᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ 3.0 ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠥᠰᠦᠯ ᠤᠨ 181 ᠵᠦᠢᠯ ᠤᠨ ᠡᠭᠦᠷᠭᠡ ᠬᠠᠷᠠᠯᠲᠠ ᠶᠢ ᠨᠠᠶᠢᠳᠠᠪᠤᠷᠢᠵᠢᠭᠤᠯᠵᠤ ᠪᠣᠳᠠᠲᠠᠢ ᠦᠷ᠎ᠡ ᠪᠦᠲᠦᠮᠵᠢ ᠭᠠᠷᠭᠠᠵᠤ᠂ ᠮᠠᠨ ᠤ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号