2022 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/5/18
        ᠦᠬᠠᠶ ᠶᠢᠨ ᠵᠠᠰᠠᠭ ᠲᠠᠷᠬᠠᠭᠠᠭᠰᠠᠨ〔2022〕2 ᠳ᠋ᠤᠭᠠᠷ ᠲᠣᠭᠠᠲᠤ     2022 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠦᠬᠠᠶ ᠬᠤᠲᠠ ᠶᠢᠨ 2022 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠭᠤᠤᠯᠳᠠᠯᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                                2022 ᠣᠨ ᠤ 2 ᠰᠠᠷ᠎ᠠ ᠶᠢᠨ 14 ᠤ ᠡᠳᠦᠷ                                                ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠦᠬᠠᠶ ᠬᠤᠲᠠ ᠶᠢᠨ 2022 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠤᠨ ᠭᠤᠤᠯᠳᠠᠯᠭ᠎ᠠ      ᠰᠢ ᠶᠢᠨ ᠫᠢᠩ ᠶᠡᠷᠦᠩᠬᠡᠶ ᠱᠦᠵᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠣᠨ ᠤ ᠳᠣᠲᠣᠷ᠎ᠠ ᠭᠠᠳᠠᠨᠠᠬᠢ ᠲᠡᠷᠢᠭᠦᠨ ᠤ ᠭᠠᠵᠠᠷ ᠣᠷᠣᠨ ᠪᠠ ᠲᠤᠷᠰᠢᠯᠲᠠ ᠶᠢᠨ ᠴᠢᠬ ᠤᠨ ᠬᠤᠲᠠ ᠶᠢᠨ ᠲᠤᠷᠰᠢᠯᠭ᠎ᠠ ᠪᠠ ᠠᠷᠭ᠎ᠠ ᠬᠢᠳᠡᠯ ᠯᠦᠭᠡ ᠪᠥᠬᠦ ᠲᠠᠯ᠎ᠠ ᠪᠠᠷ ᠪᠠᠷᠢᠮᠵᠢᠶᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠠᠵᠢᠯᠯᠠᠭᠠᠨ ᠤ ᠲᠥᠰᠦᠯ︾ ︵ᠥᠪᠥᠷ ᠵᠠᠰᠠᠭ ᠲᠠᠷᠬᠠᠭᠠᠭᠰᠠᠨ〔2022〕4 ᠳ᠋ᠣᠭᠡᠷ ᠲᠣᠭᠠᠲᠤ︶ ᠢ ᠦᠨᠳᠦᠰᠦᠯᠡᠨ᠂ ᠲᠣᠰ ᠠᠵᠢᠯ ᠤᠨ ᠭᠤᠤᠯᠳᠠᠯᠭ᠎ᠠ ᠶᠢ ᠲᠣᠭᠲᠠᠭᠠᠪᠠ᠃     ᠨᠢᠭᠡ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ      ︵ᠨᠢᠭᠡ︶ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ     1. ᠠᠵᠤ ᠠᠬᠤᠶᠢᠯᠠᠯ ᠳᠤ ᠬᠤᠯᠪᠣᠭᠳᠠᠬᠤ ᠠᠷᠠᠳ ᠲᠤ ᠲᠥᠬᠦᠮ ᠦᠵᠡᠭᠦᠯᠬᠦ ᠵᠦᠢᠯᠡᠰ ᠢ ᠪᠥᠬᠦ ᠬᠤᠲᠠ ᠶᠢᠨ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠡᠭᠡᠷ᠎ᠡ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠬᠡᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠮᠦᠩᠭᠡ ᠰᠣᠪᠠᠭ︾ ᠤᠨ ᠰᠢᠯᠵᠢᠮᠡᠯ ᠦᠵᠦᠭᠦᠷᠯᠢᠭ ᠳᠠᠰᠢ ᠤᠯᠠᠮ ᠨᠢᠭᠡ ᠠᠯᠬᠤᠮ ᠤᠷᠲᠤᠳᠬᠠᠬᠤ ᠶᠢ ᠠᠬᠢᠭᠤᠯᠵᠤ᠂ ᠰᠦᠯᠵᠢᠶᠡᠨ ᠳᠡᠭᠡᠷ᠎ᠡ ᠨᠢᠭᠡ ᠯᠡ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠨᠢᠭᠡ ᠯᠡ ᠤᠳᠠᠭ᠎ᠠ ᠳᠤ ᠬᠦᠢᠴᠡᠳᠬᠡᠬᠦ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠨᠠᠩ ᠲᠥᠬᠦᠮ ᠪᠣᠯᠭᠠᠵᠤ᠂ ᠬᠥᠮᠦᠨ ᠢ ᠱᠠᠭᠠᠷᠳᠠᠬᠤ ᠥᠬᠡᠶ ᠪᠣᠯᠭᠠᠨ᠎ᠠ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      2. ︽ᠪᠥᠬᠦ ᠬᠤᠲᠠ ᠪᠠᠷ ᠪᠠᠨ ᠨᠡᠶᠢᠳᠡᠮ ᠬᠦᠢᠴᠡᠳᠭᠡᠬᠦ︾ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ︽ᠰᠦᠯᠵᠢᠶᠡᠨ ᠳᠡᠭᠡᠷᠡᠬᠢ︾ ᠦᠢᠯᠡᠴᠢᠯᠡᠭᠡᠨ ᠤ ᠲᠠᠪᠴᠠᠩ ᠪᠠ ︽ᠰᠦᠯᠵᠢᠶᠡᠨ ᠭᠠᠳᠠᠨᠠᠬᠢ︾ ᠦᠢᠯᠡᠴᠢᠯᠡᠭᠡᠨ ᠤ ᠴᠤᠯᠬᠤᠪᠴᠢ ᠳᠤ ᠲᠦᠰᠢᠭᠯᠡᠨ᠂ ᠨᠢᠭᠡ ᠪᠦᠯᠦᠭ ᠥᠨᠳᠥᠷ ᠲᠠᠪᠳᠠᠮᠵᠢᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠪᠥᠬᠦ ᠬᠤᠲᠠ ᠪᠠᠷ ᠢᠶᠠᠨ ᠨᠡᠶᠢᠳᠡᠮ ᠬᠦᠢᠴᠡᠳᠭᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      3. ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤᠪᠠᠷ ᠭᠥᠷᠳᠡᠵᠦ ᠬᠡᠷᠡᠭᠯᠡᠬᠦ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠲᠤᠰᠬᠠᠶ ᠰᠦᠯᠵᠢᠶ᠎ᠡ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ ᠵᠣᠯᠭᠠᠭᠤᠯᠤᠨ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠮᠡᠳᠡᠭᠡ ᠵᠠᠩᠭᠢ ᠶᠢᠨ ᠥᠨᠥᠴᠢᠨ ᠠᠷᠠᠯ ᠢ ᠡᠪᠳᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃ ︵ᠬᠤᠲᠠ ᠶᠢᠨ ᠶᠡᠭᠡ ᠳ᠋ᠠᠶᠢᠲ᠋ᠠ ᠶᠢᠨ ᠲᠥᠪ︶      4. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ᠂ ᠦᠢᠯᠡᠴᠢᠯᠡᠭᠡᠨ ᠤ ᠲᠠᠪᠴᠠᠩ᠂ ᠬᠢᠨᠠᠯᠲᠠ ᠲᠠᠯᠪᠢᠵᠤ ᠦᠨᠡᠯᠡᠬᠦ ᠵᠡᠷᠭᠡ ᠪᠠᠷᠢᠮᠵᠢᠶ᠎ᠠ ᠪᠠᠨ ᠤᠯᠠᠮ ᠨᠢᠭᠡ ᠠᠯᠬᠤᠮ ᠡᠮᠬᠢᠯᠡᠨ ᠵᠢᠷᠤᠮᠵᠢᠭᠤᠯᠵᠤ᠂ ᠪᠥᠬᠦ ᠬᠤᠲᠠ ᠶᠢᠨ ᠬᠡᠪᠴᠢᠶᠡᠨ ᠳᠠᠬᠢ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠳᠠᠯᠢ ᠨᠥᠬᠦᠴᠡᠯ ᠤᠨ ᠳᠣᠤᠷ᠎ᠠ ᠢᠯᠭᠠᠭ᠎ᠠ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠬᠦᠢᠴᠡᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠦᠢᠯᠡᠴᠢᠯᠡᠭᠡᠨ ᠤ ᠪᠠᠷᠢᠮᠵᠢᠶ᠎ᠠ ᠨᠢ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      5. ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠭᠤᠴᠢᠯᠠᠬᠤ ᠦᠢᠯᠡᠴᠢᠯᠡᠭᠡᠨ ᠤ ᠴᠢᠯᠦᠭᠡᠲᠤ ᠳᠡᠯᠭᠡᠭᠦᠷ ᠤᠨ ᠲᠠᠪᠴᠠᠩ ᠢ ᠬᠡᠷᠡᠭᠯᠡᠬᠦ ᠳᠤ ᠲᠦᠰᠢᠭᠯᠡᠨ᠂ ᠪᠥᠬᠦ ᠬᠦᠷᠢᠶ᠎ᠡ ᠴᠠᠷᠠᠭ᠎ᠠ ᠶᠢᠨ ᠰᠦᠯᠵᠢᠶᠡᠨ ᠳᠡᠭᠡᠷᠡᠬᠢ ᠵᠠᠭᠤᠴᠢᠯᠠᠬᠤ ᠦᠢᠯᠡᠴᠢᠯᠡᠭᠡᠨ ᠢ ᠬᠡᠷᠡᠭᠵᠢᠭᠦᠯᠵᠦ᠂ ᠥᠪᠡᠰᠦᠪᠡᠨ ᠲᠣᠭᠲᠠᠭᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠬᠢᠵᠠᠭᠠᠷᠯᠠᠯ ᠢ ᠬᠦᠴᠦᠨ ᠥᠬᠡᠶ ᠪᠣᠯᠭᠠᠵᠤ᠂ ᠨᠡᠭᠡᠭᠡᠯᠲᠡᠲᠡᠶ᠂ ᠢᠯᠡ ᠲᠣᠳᠣ᠂ ᠵᠢᠷᠤᠮᠵᠢᠭᠰᠠᠨ ᠵᠠᠭᠤᠴᠢᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠤᠶᠢᠵᠢᠭᠤᠯᠤᠨ᠂ ︽ᠨᠢᠭᠡ ᠰᠦᠯᠵᠢᠶ᠎ᠡ ᠪᠠᠷ ᠵᠠᠭᠤᠴᠢᠯᠠᠬᠤ︾ ᠶᠢ ᠪᠡᠶᠡᠯᠡᠭᠦᠯᠦᠨ᠎ᠡ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      6. ᠡᠯ᠎ᠡ ᠠᠵᠢᠯ ᠲᠥᠷᠥᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢ ︽ᠮᠦᠩᠭᠡ ᠰᠣᠪᠠᠭ︾ APP ᠳᠤ ᠵᠠᠯᠭᠠᠨ ᠣᠷᠣᠭᠤᠯᠬᠤ ᠶᠢ ᠠᠬᠢᠭᠤᠯᠵᠤ᠂ ︽ᠠᠯᠠᠭᠠᠨ ᠲᠡᠭᠡᠷ᠎ᠡ︾ ᠬᠦᠢᠴᠡᠳᠬᠡᠵᠦ ᠪᠣᠯᠬᠤ ᠵᠦᠢᠯᠡᠰ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠬᠡᠷᠡᠭᠯᠡᠭᠡᠨ ᠤ ᠴᠢᠳᠠᠮᠵᠢ᠂ ᠠᠵᠢᠯᠯᠠᠭ᠎ᠠ᠂ ᠬᠠᠷᠠᠭᠠᠨ ᠰᠡᠷᠡᠯ ᠵᠡᠷᠭᠡ ᠬᠦᠴᠦᠨ ᠵᠦᠢᠯ ᠢᠶᠠᠨ ᠰᠠᠶᠢᠵᠢᠷᠠᠭᠤᠯᠵᠤ᠂ ᠠᠵᠢᠯ ᠶᠠᠪᠤᠳᠠᠯ ᠬᠦᠢᠴᠡᠳᠬᠡᠬᠦ ᠶᠢᠨ ᠥᠩᠭᠡᠷᠡᠭᠡᠯᠲᠡ ᠪᠠᠨ ᠰᠢᠯᠢᠳᠡᠭᠵᠢᠭᠦᠯᠤ᠋᠂ ᠨᠠᠩ ᠣᠯᠠᠨ ᠬᠡᠷᠡᠭᠯᠡᠭᠡ ᠶᠢ ︽ᠬᠦᠢᠴᠡᠳᠬᠡᠵᠦ ᠪᠣᠯᠬᠤ︾ ᠠᠴᠠ ︽ᠬᠦᠢᠴᠡᠳᠭᠡᠬᠦ ᠳᠤ ᠲᠦᠬᠦᠮ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      7. ᠰᠠᠯᠠᠭ᠎ᠠ ᠮᠥᠴᠢᠷ ᠠᠯᠤᠰᠯᠠᠭᠰᠠᠨ ᠵᠦᠢᠯᠡᠰ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠵᠦ᠂ ᠨᠠᠩ ᠣᠯᠠᠨ ᠵᠦᠢᠯᠡᠰ ᠲᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠵᠤ᠂ ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠦᠢᠯᠡᠴᠢᠯᠡᠭᠡ ᠵᠡᠷᠭᠡ ᠥᠨᠳᠥᠷ ᠲᠠᠪᠳᠠᠮᠵᠢᠳᠤ ᠵᠦᠢᠯᠡᠰ ᠤᠨ ᠲᠠᠯ᠎ᠠ ᠪᠠᠷ ︽ᠨᠢᠭᠡ ᠯᠡ ᠤᠳᠠᠭ᠎ᠠ ᠳᠤ ᠬᠦᠢᠴᠡᠳᠬᠡᠬᠦ︾ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠢᠵᠢ ᠦᠢᠯᠡᠴᠢᠯᠡᠭᠡᠨ ᠤ ᠮᠠᠶ᠋ᠢᠭ ᠤᠨ᠂ ᠭᠤᠤᠯ ᠰᠡᠳᠦᠪᠲᠦ ᠮᠠᠶ᠋ᠢᠭ ᠤᠨ ᠬᠤᠷᠠᠮᠠᠯ ᠦᠢᠯᠡᠴᠢᠯᠡᠭᠡ ᠬᠠᠩᠭᠠᠨ᠎ᠠ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      ︵ᠬᠤᠶᠠᠷ︶ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ      8. ᠵᠠᠰᠠᠭ‌‍ᠤᠨ ᠶᠠᠪᠤᠳᠠᠯ‌‍ᠤᠨ ᠦᠢᠯᠡᠴᠢᠯᠡᠭᠡᠨ‌‍ᠤ ᠶᠡᠭᠡ ᠲᠢᠩᠬᠢᠮ‌‍ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠬᠠᠮᠢᠶᠠᠷᠤᠯᠲᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ ᠱᠠᠲᠤᠨ‌‍ᠤ ᠵᠠᠰᠠᠭ‌‍ᠤᠨ ᠶᠠᠪᠤᠳᠠᠯ ᠤᠨ ᠦᠢᠯᠡᠴᠢᠯᠡᠭᠡᠨ‌‍ᠤ ᠶᠡᠭᠡ ᠲᠢᠩᠬᠢᠮ ᠤᠨ 70% ᠠᠴᠠ ᠳᠡᠭᠡᠭᠰᠢᠬᠢ ᠵᠠᠰᠠᠭ‌‍ᠤᠨ ᠶᠠᠪᠤᠳᠠᠯ‌‍ᠤᠨ ᠦᠢᠯᠡᠴᠢᠯᠡᠭᠡᠨ ᠤ ᠵᠦᠢᠯᠡᠰ ᠢ ᠲᠥᠷᠥᠯ ᠬᠤᠪᠢᠶᠠᠨ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ ᠰᠦᠯᠵᠢᠶᠡᠨ ᠭᠠᠳᠠᠨᠠᠬᠢ ᠵᠠᠰᠠᠭ‌‍ᠤᠨ ᠶᠠᠪᠤᠳᠠᠯ ᠤᠨ ᠦᠢᠯᠡᠴᠢᠯᠡᠭᠡᠨ‌‍ᠤ ᠤᠷᠢᠳᠴᠢᠯᠠᠨ ᠪᠣᠯᠵᠣᠵᠤ ᠬᠦᠢᠴᠡᠳᠬᠡᠬᠦ ᠶᠢ ᠶᠡᠬᠡᠪᠡᠷ ᠬᠡᠷᠡᠭᠵᠢᠭᠦᠯᠦᠨ᠎ᠡ᠃ ︵ᠬᠤᠲᠠ ᠶᠢᠨ ᠵᠠᠰᠠᠭ ᠵᠠᠬᠢᠷᠭᠠᠨ‌‍ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ‌‍ᠤᠨ ᠦᠢᠯᠡᠴᠢᠯᠡᠭᠡᠨ ᠤ ᠲᠣᠪᠴᠢᠶ᠎ᠠ︶      9. ᠳᠤᠲᠠᠭᠳᠠᠵᠤ ᠪᠠᠶᠢᠬᠤ ᠶᠢ ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ ᠳᠤ ᠳᠣᠭᠢᠷᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠵᠢᠴᠢ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠲᠣᠳᠣᠷᠬᠠᠶᠢᠯᠠᠵᠤ᠂ ᠳᠤᠲᠠᠭᠳᠠᠵᠤ ᠪᠠᠶᠢᠬᠤ ᠶᠢ ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠨᠠᠷᠢᠨ ᠬᠠᠭᠤᠳᠠᠰᠤ ᠪᠠ ᠳᠤᠲᠠᠭᠳᠠᠵᠤ ᠪᠠᠶᠢᠬᠤ ᠶᠢ ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ ᠠᠮᠠᠯᠠᠯᠲᠠ ᠶᠢᠨ ᠪᠢᠴᠢᠭ ᠢ ᠲᠣᠭᠲᠠᠭᠠᠨ᠂ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠢ ᠳᠣᠭᠢᠷᠠᠭᠤᠯᠤᠨ ᠲᠣᠳᠣᠷᠬᠠᠶᠢᠯᠠᠵᠤ᠂ ᠠᠵᠢᠯ ᠶᠠᠪᠤᠳᠠᠯ ᠬᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      10. ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠣᠯᠭᠤᠬᠤ ᠵᠡᠷᠭᠡ ᠭᠤᠶᠤᠴᠢᠯᠠᠯ ᠢ ᠦᠨᠳᠦᠰᠦᠯᠡᠭᠰᠡᠨ ᠵᠠᠰᠠᠭ ᠵᠠᠬᠢᠷᠭᠠᠨ ᠤ ᠵᠦᠢᠯᠡᠰ ᠢ ᠬᠦᠢᠴᠡᠳᠬᠡᠬᠦ ᠳᠡᠭᠡᠨ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠭᠡᠷᠡᠴᠢᠯᠡᠯ ᠥᠬᠡᠶ ᠪᠣᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ︵ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ︶      11. ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠬᠦᠢᠴᠡᠳᠬᠡᠬᠦ ᠶᠠᠪᠤᠴᠠ ᠳᠤ ᠣᠷᠣᠰᠢᠵᠤ ᠪᠠᠶᠢᠭ᠎ᠠ ︽ᠪᠡᠶ᠎ᠡ ᠶᠢᠨ ᠭᠠᠳᠠᠨ᠎ᠠ ᠡᠷᠭᠢᠯᠳᠦᠭᠦᠯᠬᠦ︾ ᠪᠠ ︽ᠳᠠᠯᠳᠠ ᠬᠢᠨᠠᠨ ᠵᠥᠪᠰᠢᠶᠡᠷᠡᠬᠦ︾ ᠠᠰᠠᠭᠤᠳᠠᠯ ᠢ ᠭᠦᠨᠵᠡᠭᠡᠶ ᠡᠷᠢᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ︽ᠨᠢᠭᠡ ᠯᠡ ᠡᠭᠦᠳᠡ ᠪᠠᠷ ᠣᠷᠣᠬᠤ︾ ᠶᠢ ᠦᠨᠡᠨᠬᠦ ᠪᠠᠲᠤᠯᠠᠨ᠎ᠠ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶     ᠬᠤᠶᠠᠷ᠂ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠬᠦᠯᠦᠨ᠎ᠡ      ︵ᠨᠢᠭᠡ︶ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠪᠠᠨ ᠳᠡᠭᠡᠭᠰᠢᠯᠡᠭᠦᠯᠦᠨ᠎ᠡ      12. ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ᠂ ᠴᠢᠬᠤᠯᠠ ᠶᠡᠭᠡ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ᠂ ᠤᠯᠤᠰ ᠠᠴᠠ ᠵᠣᠷᠢᠭᠵᠢᠭᠤᠯᠬᠤ ᠲᠥᠷᠥᠯ ᠵᠦᠢᠯ ᠵᠡᠷᠭᠡ ᠲᠥᠷᠥᠯ ᠵᠦᠢᠯ ᠳᠤ ᠣᠷᠣᠯᠠᠨ ᠬᠦᠢᠴᠡᠳᠬᠡᠬᠦ ᠬᠠᠪᠰᠤᠷᠤᠨ ᠬᠦᠢᠴᠡᠳᠬᠡᠬᠦ ᠦᠢᠯᠡᠴᠢᠯᠡᠭᠡ ᠬᠠᠩᠭᠠᠵᠤ᠂ ︽ᠵᠥᠪᠳᠡᠯᠴᠡᠨ ᠬᠠᠮᠲᠤᠷᠠᠨ ᠬᠢᠨᠠᠬᠤ︾ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠲᠥᠷᠥᠯ ᠵᠦᠢᠯ ᠤᠨ ᠦᠨ᠎ᠡ ᠲᠥᠯᠥᠪᠦᠷᠢ ᠥᠬᠡᠶ ᠪᠠᠷ ᠣᠷᠣᠯᠠᠨ ᠬᠦᠢᠴᠡᠳᠬᠡᠬᠦ ᠬᠠᠪᠰᠤᠷᠤᠨ ᠬᠦᠢᠴᠡᠳᠬᠡᠬᠦ ᠦᠢᠯᠡᠴᠢᠯᠡᠭᠡᠨ ᠤ ᠲᠤᠰᠬᠠᠶ ᠲᠤᠰᠢᠶᠠᠯᠲᠠᠨ ᠤ ᠲᠣᠭᠲᠠᠴᠠ ᠶᠢ ᠪᠠᠶᠢᠭᠤᠯᠵᠤ᠂ ︽ᠠᠵᠤ ᠠᠬᠤᠶᠢᠯᠠᠯ ᠭᠦᠶᠦᠵᠦ︾ ᠪᠠᠶᠢᠭᠰᠠᠨ ᠠᠴᠠ ᠪᠠᠨ ︽ᠵᠠᠰᠠᠭ ᠤᠨ ᠣᠷᠳᠣᠨ ᠬᠦᠶᠦᠭᠦ︾ ᠪᠤᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      13. ᠲᠥᠷᠥᠯ ᠵᠦᠢᠯ ᠢᠶᠠᠷ ᠬᠤᠯᠪᠤᠭᠠᠯᠠᠨ ᠲᠠᠭᠠᠭᠠᠴᠢᠯᠠᠬᠤ ᠪᠠ ᠠᠵᠢᠯ ᠤᠨ ᠲᠤᠰᠬᠠᠶ ᠪᠠᠭ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠣᠳ ᠤᠨ ᠬᠤᠯᠪᠤᠭᠠᠯᠠᠨ ᠲᠠᠭᠠᠭᠠᠴᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ᠶᠢᠨ ᠲᠤᠰᠬᠠᠶ ᠪᠠᠭ ᠤᠨ ᠮᠠᠶ᠋ᠢᠭ ᠤᠨ ᠬᠤᠯᠪᠤᠭᠠᠯᠠᠨ ᠲᠠᠭᠠᠭᠠᠴᠢᠯᠠᠬᠤ ᠦᠢᠯᠡᠴᠢᠯᠡᠭᠡ ᠶᠢ ᠬᠡᠷᠡᠭᠵᠢᠭᠦᠯᠵᠦ᠂ ᠲᠥᠷᠥᠯ ᠵᠦᠢᠯ  ᠤᠨ ᠭᠠᠷᠳᠠᠮ ᠢ ᠬᠦᠢᠴᠡᠳᠬᠡᠬᠦ᠂ ᠬᠦᠴᠦᠨ ᠵᠦᠢᠯ ᠢ ᠪᠠᠲᠤᠯᠠᠬᠤ᠂ ᠠᠰᠠᠭᠤᠳᠠᠯ ᠢ ᠰᠢᠢᠳᠪᠦᠷᠢᠯᠡᠬᠦ ᠵᠡᠷᠭᠡ ᠭᠤᠭᠴᠤᠭ᠎ᠠ ᠨᠢᠭᠡᠪᠦᠷᠢ ᠶᠢ ᠠᠩᠬᠠᠷᠴᠤ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠦᠲᠦᠮᠵᠢᠲᠡᠶ ᠪᠠᠲᠤᠯᠠᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      ︵ᠬᠤᠶᠠᠷ︶ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠦᠪᠰᠢᠶᠡᠷᠡᠯ ᠤᠨ ᠦᠷ᠎ᠡ ᠪᠦᠲᠦᠮᠵᠢ  ᠪᠠᠨ ᠳᠡᠭᠡᠭᠰᠢᠯᠡᠭᠦᠯᠦᠨ᠎ᠡ      14. ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠠᠴᠠ ᠭᠡᠯᠳᠦᠷᠢᠭᠦᠯᠬᠦ ᠲᠥᠷᠥᠯ ᠵᠦᠢᠯ ᠤᠨ ᠲᠥᠷᠥᠯ ᠬᠡᠯᠪᠡᠷᠢ ᠶᠢᠨ ᠨᠠᠷᠢᠨ ᠬᠠᠭᠤᠳᠠᠰᠤ ᠶᠢ ᠨᠡᠶᠢᠲᠡᠯᠡᠨ᠎ᠡ᠃ ︵ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ︶      15. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︿ᠣᠯᠠᠨ ᠬᠡᠮᠵᠢᠯᠲᠡ ᠶᠢ ᠨᠡᠶᠢᠯᠡᠭᠦᠯᠦᠨ ᠨᠢᠭᠡ ᠪᠣᠯᠭᠠᠬᠤ﹀ ᠮᠡᠷᠭᠡᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠢ ᠴᠢᠩᠭ᠎ᠠ ᠬᠡᠷᠡᠭᠵᠢᠭᠦᠯᠵᠦ᠂ ︽ᠣᠯᠠᠨ ᠬᠡᠮᠵᠢᠯᠲᠡ ᠶᠢ ᠨᠡᠶᠢᠯᠡᠭᠦᠯᠦᠨ ᠨᠢᠭᠡ ᠪᠣᠯᠭᠠᠬᠤ︾ ᠬᠡᠮᠵᠢᠨ ᠵᠢᠷᠤᠭᠰᠠᠨ ᠦᠷ᠎ᠡ ᠪᠦᠲᠦᠭᠡᠯ ᠢ ᠪᠠᠷᠢᠯᠭ᠎ᠠ ᠶᠢᠨ ᠲᠥᠷᠥᠯ ᠵᠦᠢᠯ ᠢ ᠰᠢᠯᠭᠠᠨ ᠠᠪᠬᠤ᠂ ᠳᠠᠩᠰᠠᠯᠠᠬᠤ ᠵᠡᠷᠭᠡ ᠱᠠᠲᠤ ᠦᠶ᠎ᠡ ᠳᠤ ᠡᠯ᠎ᠡ ᠰᠠᠯᠠᠭ᠎ᠠ ᠮᠥᠴᠢᠷ ᠤᠳ ᠬᠠᠮᠲᠤᠪᠠᠷ ᠭᠥᠷᠳᠡᠬᠦ ᠪᠠ ᠬᠡᠷᠡᠭᠯᠡᠬᠦ ᠶᠢ ᠴᠢᠩᠭᠠᠷᠠᠭᠤᠯᠤᠨ᠂ ᠳᠠᠪᠬᠤᠷᠳᠠᠭᠤᠯᠤᠨ ᠬᠡᠮᠵᠢᠨ ᠵᠢᠷᠤᠬᠤ ᠠᠴᠠ ᠵᠠᠶᠢᠯᠠᠰᠬᠢᠬᠦ ᠬᠡᠷᠡᠭᠲᠡᠶ᠃ ︽ᠣᠯᠠᠨ ᠲᠥᠯᠥᠪᠵᠢᠭᠦᠯᠭᠡ ᠶᠢ ᠨᠢᠭᠡᠳᠬᠡᠵᠦ᠂ ᠨᠢᠭᠡ ᠵᠢᠷᠤᠭ ᠲᠥᠯᠥᠪᠯᠡᠭᠡ ᠲᠠᠢ ᠪᠠᠶᠢᠯᠭᠠᠬᠤ︾ ᠲᠤᠭ᠎ᠠ ᠪᠠᠷᠢᠮᠲᠠ ᠶᠢᠨ ᠰᠢᠰᠲ᠋ᠧᠮ ᠵᠢᠴᠢ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠠᠪᠴᠠᠩ ᠢ ᠬᠡᠷᠡᠭᠯᠡᠨ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠰᠢᠨᠵᠢᠯᠡᠬᠦ ᠤᠬᠠᠭᠠᠨᠴᠢ᠂ ᠳᠥᠭᠦᠮ ᠳᠥᠲᠡ ᠡᠮᠦᠨᠡᠬᠢ ᠬᠤᠭᠤᠴᠠᠭᠠᠨ ᠤ ᠲᠥᠰᠦᠪᠯᠡᠬᠦ ᠦᠢᠯᠡᠴᠢᠯᠡᠭᠡ ᠬᠠᠩᠭᠠᠨ᠎ᠠ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶      16. ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠵᠠᠭᠤᠴᠢᠯᠠᠬᠤ ᠦᠢᠯᠡᠴᠢᠯᠡᠭᠡᠨ ᠤ ᠡᠭᠦᠷᠭᠡ ᠶᠢ ᠢᠯᠭᠠᠷᠠᠭᠤᠯᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ᠂ ︽ᠶᠠᠰᠤ ᠴᠢᠨᠠᠷ + ᠢᠲᠡᠭᠡᠯ ᠬᠦᠨᠳᠦ︾ ᠶᠢᠨ ᠬᠤᠤᠰ ᠬᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠥᠷᠥᠯ ᠵᠦᠢᠯ ᠤᠨ ᠨᠠᠶᠢᠳᠠᠭᠰᠠᠨ ᠨᠢᠭᠡᠴᠡ ᠠᠴᠠ ᠪᠡᠶᠡᠯᠡᠭᠦᠯᠬᠦ ᠴᠠᠭ ᠤᠨ ᠬᠢᠵᠠᠭᠠᠷ᠂ ᠦᠢᠯᠡᠴᠢᠯᠡᠭᠡᠨ ᠤ ᠶᠠᠰᠤ ᠴᠢᠨᠠᠷ᠂ ᠦᠨᠡᠨᠴᠢ ᠢᠲᠡᠭᠡᠮᠵᠢᠲᠡᠶ ᠪᠠᠶᠢᠬᠤ ᠵᠡᠷᠭᠡ ᠲᠠᠯ᠎ᠠ ᠪᠠᠷ ᠶᠡᠷᠦᠩᠬᠡᠶᠢᠯᠡᠨ ᠦᠨᠡᠯᠡᠬᠦ ᠶᠢᠨ ᠬᠠᠮᠲᠤ ᠦᠷ᠎ᠡ ᠳ᠋ᠦᠩ ᠢ ᠢᠯᠡ ᠪᠣᠯᠭᠠᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      17. ᠣᠷᠣᠨ ᠪᠦᠰᠡ ᠶᠢᠨ ᠦᠨᠡᠯᠡᠨ ᠵᠢᠱᠢᠬᠦ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠡᠯ᠎ᠡ ᠬᠦᠷᠢᠶᠡᠯᠡᠩ ᠲᠣᠭᠤᠷᠢᠭ ᠪᠣᠯᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ᠨᠢᠭᠡᠨᠲᠡ ᠪᠡᠶᠡᠯᠡᠭᠦᠯᠦᠭᠰᠡᠨ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠳᠤ ᠰᠢᠭᠢᠳᠬᠡᠨ ᠣᠷᠣᠭᠤᠯᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠨᠢᠭᠡᠨᠲᠡ ᠶᠡᠷᠦᠩᠬᠡᠶᠢᠯᠡᠨ ᠦᠨᠡᠯᠡᠨ ᠵᠢᠱᠢᠬᠦ ᠶᠢ ᠪᠡᠶᠡᠯᠡᠭᠦᠯᠦᠭᠰᠡᠨ ᠣᠷᠣᠨ ᠪᠦᠰᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠳᠠᠭᠢᠵᠤ ᠵᠣᠬᠢᠬᠤ ᠦᠨᠡᠯᠡᠨ ᠵᠢᠱᠢᠵᠦ ᠬᠢᠨᠠᠨ ᠲᠣᠭᠲᠠᠭᠠᠬᠤ ᠴᠢᠬᠤᠯᠠ ᠥᠬᠡᠶ ᠪᠠᠶᠢᠵᠤ᠂ ᠦᠨᠡᠯᠡᠨ ᠵᠢᠱᠢᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶      18. ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠷᠥᠯ ᠵᠦᠢᠯ ᠲᠣᠭᠲᠠᠭᠠᠬᠤ ᠠᠴᠠ ᠠᠵᠢᠯ ᠳᠠᠭᠤᠰᠤᠭᠰᠠᠨ ᠢ ᠰᠢᠯᠭᠠᠨ ᠠᠪᠬᠤ ᠪᠠ ᠣᠯᠠᠨ ᠨᠡᠶᠢᠲᠡ ᠶᠢᠨ ᠪᠡᠯᠡᠳᠬᠡᠮᠵᠢ ᠶᠢ ᠵᠠᠯᠭᠠᠨ ᠣᠷᠣᠭᠤᠯᠬᠤ ᠦᠢᠯᠡᠴᠢᠯᠡᠭᠡᠨ ᠤ ᠪᠥᠬᠦ ᠴᠤᠪᠤᠷᠠᠯ ᠵᠢᠴᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠪᠦᠬᠦᠨ ᠢ ᠰᠦᠯᠵᠢᠶᠡᠨ ᠳᠡᠭᠡᠷ᠎ᠡ ᠬᠦᠢᠴᠡᠳᠬᠡᠬᠦ ᠶᠢ ᠪᠡᠶᠡᠯᠡᠭᠦᠯᠵᠦ᠂ ᠨᠢᠭᠡᠳᠦᠯᠲᠡᠶ ᠣᠷᠣᠭᠤᠯᠬᠤ᠂ ᠨᠢᠭᠡᠳᠦᠯᠲᠡᠶ ᠭᠤᠶᠤᠴᠢᠯᠠᠨ ᠮᠡᠳᠡᠭᠦᠯᠬᠦ᠂ ᠴᠤᠪᠤᠷᠠᠯ ᠢ ᠲᠥᠷᠥᠯ ᠬᠤᠪᠢᠶᠠᠬᠤ᠂ ᠨᠢᠭᠡᠳᠦᠯᠲᠡᠶ ᠮᠠᠲ᠋ᠧᠷᠢᠶᠠᠯ ᠭᠠᠷᠭᠠᠬᠤ ᠶᠢ ᠪᠡᠶᠡᠯᠡᠭᠦᠯᠦᠨ᠂ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠤᠨ ᠲᠥᠷᠥᠯ ᠵᠦᠢᠯ ᠢ ᠪᠦᠬᠦᠨ ᠢ ᠬᠠᠮᠤᠷᠬᠤ᠂ ᠬᠢᠨᠠᠨ ᠵᠥᠪᠰᠢᠶᠡᠷᠡᠬᠦ ᠪᠥᠬᠦ ᠴᠤᠪᠤᠷᠠᠯ᠂ ᠲᠤᠭ᠎ᠠ ᠪᠠᠷᠢᠮᠲᠠ ᠶᠢ ᠪᠦᠬᠦᠨ ᠢ ᠴᠤᠭᠯᠠᠭᠤᠯᠬᠤ ᠶᠢ ᠪᠡᠶᠡᠯᠡᠭᠦᠯᠦᠨ᠎ᠡ᠃ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      19. ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠪᠠ ᠬᠡᠷᠡᠭᠵᠢᠭᠦᠯᠬᠦ ᠬᠥᠮᠥᠷᠭᠡ ᠶᠢᠨ ᠬᠢᠨᠠᠨ ᠬᠠᠷᠭᠤᠭᠤᠯᠤᠯᠲᠠ ᠶᠢ ᠰᠠᠶᠢᠲᠤᠷ ᠠᠳᠬᠤᠵᠤ᠂ ᠲᠥᠷᠥᠯ ᠵᠦᠢᠯ ᠤᠨ ᠨᠢᠭᠡᠴᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥ ᠶᠢᠨ ᠪᠣᠳᠣᠯᠭ᠎ᠠ ᠪᠠᠷ ᠬᠠᠪᠰᠤᠷᠤᠨ ᠵᠢᠯᠣᠭᠤᠳᠬᠤ᠂ ᠲᠥᠯᠥᠪᠵᠢᠭᠦᠯᠭᠡ ᠪᠠᠷ ᠬᠥᠲᠥᠯᠦᠨ ᠵᠢᠯᠣᠭᠤᠳᠬᠤ᠂ ᠲᠤᠬᠠᠶᠢᠯᠠᠭᠰᠠᠨ ᠠᠵᠢᠯ ᠢᠶᠠᠷ ᠵᠢᠯᠣᠭᠤᠳᠬᠤ ᠵᠡᠷᠭᠡ ᠦᠢᠯᠡᠴᠢᠯᠡᠭᠡ ᠶᠢ ᠬᠠᠩᠭᠠᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠳᠤ ᠤᠷᠢᠳᠴᠢᠯᠠᠨ ᠣᠷᠣᠯᠴᠠᠵᠤ ᠬᠠᠪᠰᠤᠷᠤᠨ ᠰᠢᠯᠤᠭᠤᠳᠬᠠᠵᠤ᠂ ᠲᠣᠭᠤᠷᠢᠤ ᠵᠠᠮ ᠢᠶᠠᠷ ᠶᠠᠪᠤᠬᠤ᠂ ᠤᠯᠠᠭᠠᠨ ᠱᠤᠭᠤᠮ ᠢ ᠬᠦᠨᠳᠡᠬᠦ ᠠᠴᠠ ᠵᠠᠶᠢᠯᠠᠰᠬᠢᠬᠦ ᠬᠡᠷᠡᠭᠲᠡᠶ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      20. ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠤᠬᠠᠭᠠᠯᠠᠨ ᠰᠡᠳᠦᠵᠦ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠥᠰᠦᠯ ᠲᠠᠢ ᠪᠠᠷ ᠰᠢᠯᠵᠢᠭᠦᠯᠦᠨ ᠬᠤᠳᠠᠯᠳᠤᠬᠤ᠂ ᠭᠠᠵᠠᠷ ᠰᠢᠷᠣᠶ ᠶᠢ ᠠᠪᠤᠮᠠᠭᠴᠠ ᠠᠵᠢᠯ ᠡᠬᠢᠯᠡᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠵᠤ ᠠᠬᠤᠶᠢᠯᠠᠯ ᠤᠳ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠭᠰᠠᠨ ᠤ ᠳᠠᠷᠠᠭ᠎ᠠ᠂ 5 ᠠᠵᠢᠯᠯᠠᠬᠤ ᠡᠳᠦᠷ ᠤᠨ ᠳᠣᠲᠣᠷ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ ᠢ ᠣᠯᠭᠤᠵᠣ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠪᠠ ᠬᠤᠯᠪᠤᠭᠳᠠᠯ ᠪᠥᠬᠦᠶ ᠭᠠᠶᠢᠯᠢ ᠰᠦᠢᠳᠭᠡᠯ ᠢ ᠨᠢᠭᠡ ᠤᠳᠠᠭ᠎ᠠ ᠳᠤ ᠲᠤᠰᠢᠶᠠᠵᠤ ᠳᠠᠭᠤᠰᠬᠠᠪᠠᠯ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠵᠡᠷᠭᠡ ᠳᠤᠨᠢ ᠭᠤᠶᠤᠴᠢᠯᠠᠨ ᠬᠦᠢᠴᠡᠳᠬᠡᠵᠦ ᠪᠣᠯᠤᠨ᠎ᠠ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶      21. ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠶᠢᠨ ᠬᠡᠷᠡᠭᠵᠢᠭᠦᠯᠬᠦ ᠲᠥᠰᠦᠯ ᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠣᠯᠠᠨ ᠰᠠᠯᠠᠭ᠎ᠠ ᠮᠥᠴᠢᠷ ᠬᠠᠮᠲᠤᠷᠠᠨ ᠰᠢᠯᠭᠠᠨ ᠬᠤᠷᠢᠶᠠᠬᠤ ᠶᠢ ᠥᠷᠨᠢᠭᠦᠯᠵᠦ᠂ ᠰᠢᠯᠭᠠᠨ ᠬᠤᠷᠢᠶᠠᠬᠤ ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠴᠤᠪᠤᠷᠠᠯ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠲᠠᠰ ᠳᠠᠷᠠᠭᠠᠯᠠᠯ ᠢ ᠳᠥᠭᠦᠮᠴᠢᠯᠡᠵᠦ᠂ ︽ᠨᠢᠭᠡ ᠯᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ︽ᠬᠠᠮᠵᠢᠯᠴᠠᠨ ᠠᠬᠢᠭᠤᠯᠬᠤ︾ ︽ᠨᠢᠭᠡ ᠯᠡ ᠴᠣᠩᠬᠤᠪᠴᠢ ᠪᠠᠷ ᠰᠢᠯᠭᠠᠨ ᠬᠤᠷᠢᠶᠠᠭᠰᠠᠨ ᠪᠢᠴᠢᠭ ᠭᠠᠷᠭᠠᠬᠤ︾ ᠵᠡᠷᠭᠡ ᠬᠠᠮᠲᠤᠷᠠᠨ ᠰᠢᠯᠭᠠᠨ ᠬᠤᠷᠢᠶᠠᠬᠤ ᠶᠢ ᠪᠠᠶᠠᠯᠠᠬᠦᠯᠦᠨ᠎ᠡ᠃ ︵ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ︶      22. ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠤᠨ ᠦᠢᠯᠡᠳᠦᠯ ᠢᠶᠠᠨ ᠪᠠᠳᠠᠷᠠᠭᠤᠯᠵᠤ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ᠂ ᠪᠠᠯᠠ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠠᠰᠠᠭᠤᠳᠠᠯ ᠢ ᠬᠦᠢᠴᠡᠳᠬᠡᠬᠦ ᠪᠠ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠤᠷᠢᠭ᠎ᠠ ᠴᠢᠭ ᠲᠦᠭᠵᠢᠷᠡᠯ ᠴᠢᠭ ᠢ ᠴᠠᠭ ᠲᠤᠬᠠᠶ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠵᠣᠬᠢᠴᠠᠭᠤᠯᠤᠨ ᠠᠬᠢᠭᠤᠯᠤᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      23. ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠳᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢᠶᠠᠨ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢᠶᠠᠨ ᠪᠠᠭᠠᠰᠬᠠᠵᠤ᠂ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠠᠷᠢᠯᠴᠠᠨ ᠤᠷᠢᠳᠠᠴᠢ ᠨᠥᠬᠦᠴᠡᠯ ᠪᠣᠯᠭᠠᠵᠤ ᠪᠣᠯᠬᠤ ᠥᠬᠡᠶ᠂ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠠᠷᠢᠯᠴᠠᠨ ᠲᠦᠯᠬᠢᠯᠴᠡᠵᠦ ᠪᠣᠯᠬᠤ ᠥᠬᠡᠶ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶     ᠭᠤᠷᠪᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠪᠠᠨ ᠪᠦᠬᠦ ᠲᠠᠯ᠎ᠠ ᠪᠠᠷ ᠴᠢᠩᠭᠠᠳᠬᠠᠨ᠎ᠠ      24. ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠢ ᠦᠷᠭᠦᠯᠵᠢᠯᠡᠨ ᠴᠣᠮᠬᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠡᠭᠡᠭᠡᠨ ᠡᠵᠡᠩᠨᠡᠬᠦ ᠳᠡᠩᠰᠡᠯᠡᠯᠲᠡ᠂ ᠮᠡᠳᠡᠭᠡ ᠵᠠᠩᠭᠢ ᠶᠢ ᠬᠤᠪᠢᠷᠠᠭᠤᠯᠬᠤ᠂ ᠪᠠᠩᠬᠢ ᠶᠢᠨ ᠡᠷᠦᠭᠡᠨ ᠲᠠᠩᠰᠠ ᠨᠡᠭᠡᠭᠡᠬᠦ᠂ ᠵᠥᠪᠰᠢᠶᠡᠷᠡᠨ ᠣᠷᠣᠭᠤᠯᠬᠤ ᠶᠢ ᠬᠦᠢᠴᠡᠳᠬᠡᠬᠦ᠂ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠵᠡᠷᠭᠡ ᠭᠤᠭᠴᠤᠭ᠎ᠠ ᠶᠢ ᠵᠢᠷᠤᠮᠵᠢᠭᠤᠯᠬᠤ᠂ ᠳᠥᠭᠦᠮᠴᠢᠯᠡᠬᠦ᠂ ᠢᠯᠡ ᠲᠣᠳᠣ ᠪᠣᠯᠭᠠᠬᠤ ᠶᠢ ᠠᠬᠢᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      25. ᠠᠵᠤ ᠠᠬᠤᠶᠢᠯᠠᠯ ᠤᠨ ᠨᠡᠭᠡᠭᠡᠨ ᠡᠵᠡᠩᠨᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠠᠵᠤ ᠠᠬᠤᠶᠢᠯᠠᠯ ᠤᠨ ᠨᠡᠭᠡᠭᠡᠨ ᠡᠵᠡᠩᠨᠡᠬᠦ ᠳᠤ ︽ᠨᠢᠭᠡ ᠰᠦᠯᠵᠢᠶ᠎ᠡ ᠪᠠᠷ ᠨᠡᠪᠲᠡᠷᠡᠭᠦᠯᠬᠦ︾ ᠲᠠᠪᠴᠠᠩ ᠢ ᠲᠦᠰᠢᠭᠯᠡᠨ᠂ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ᠂ ᠲᠠᠮᠠᠭ᠎ᠠ ᠰᠡᠶᠢᠯᠦᠨ ᠦᠢᠯᠡᠳᠬᠦ᠂ ᠪᠠᠷᠢᠮᠲᠠ ᠭᠤᠶᠤᠴᠢᠯᠠᠨ ᠠᠪᠬᠤ ᠵᠢᠴᠢ ᠭᠠᠶᠢᠯᠢ ᠡᠵᠡᠮᠳᠡᠬᠦ ᠲᠥᠬᠦᠭᠡᠷᠦᠮᠵᠢ᠂ ᠨᠡᠶᠢᠭᠡᠮ ᠤᠨ ᠳᠠᠭᠠᠳᠬᠠᠯ ᠤᠨ ᠳᠡᠩᠰᠡᠯᠡᠨ ᠲᠡᠮᠳᠡᠭᠯᠡᠬᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠤ ᠠᠬᠤᠶᠢᠯᠠᠯ ᠤᠨ ᠲᠤᠰᠢᠶᠠᠨ ᠬᠠᠳᠠᠭᠠᠯᠠᠭᠤᠯᠬᠤ ᠳᠡᠩᠰᠡᠯᠡᠨ ᠲᠡᠮᠳᠡᠭᠯᠡᠬᠦ ᠵᠡᠷᠭᠡ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠬᠡᠬᠦ ᠶᠢ ᠠᠬᠢᠭᠤᠯᠵᠤ᠂ 0.5 ᠠᠵᠢᠯᠯᠠᠬᠤ ᠡᠳᠦᠷ ᠲᠤ ᠬᠦᠢᠴᠡᠳᠬᠡᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      26. ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠬᠠᠶᠢᠨ ᠰᠦᠪᠡᠭᠴᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠤᠷᠢᠨ ᠭᠠᠷᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠦᠴᠦᠨ ᠥᠬᠡᠶ ᠪᠣᠯᠭᠠᠭᠰᠠᠨ ᠠᠵᠤ ᠠᠬᠤᠶᠢᠯᠠᠯ ᠤᠨ ᠭᠠᠶᠢᠯᠢ ᠶᠢ ᠢᠯᠭᠠᠷᠠᠭᠤᠯᠤᠨ ᠳᠢᠭᠯᠡᠭᠰᠡᠨ ᠭᠡᠷᠡᠴᠢ ᠶᠢ ᠴᠠᠭ ᠲᠤᠬᠠᠶ ᠳᠤᠨᠢ ᠳᠠᠮᠵᠢᠭᠤᠯᠤᠨ ᠬᠦᠷᠭᠡᠬᠦ ᠶᠢ ᠪᠡᠶᠡᠯᠡᠭᠦᠯᠵᠦ᠂ ︽ᠢᠵᠢ ᠦᠢᠯᠡᠴᠢᠯᠡᠭᠡ ᠶᠢᠨ ᠮᠠᠶ᠋ᠢᠭ︾ ᠤᠨ ᠬᠦᠴᠦᠨ ᠥᠬᠡᠶ ᠪᠣᠯᠭᠠᠬᠤ ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠴᠦᠨ ᠥᠬᠡᠶ ᠪᠣᠯᠭᠠᠬᠤ ᠬᠦᠢᠴᠡᠳᠬᠡᠬᠦ ᠴᠤᠪᠤᠷᠠᠯ ᠢᠶᠠᠨ ᠰᠢᠯᠢᠳᠡᠭᠵᠢᠭᠦᠯᠦᠨ᠂ ᠬᠦᠢᠴᠡᠳᠬᠡᠬᠦ ᠴᠠᠭ  ᠢᠶᠠᠨ ᠪᠣᠭᠤᠨᠢᠰᠬᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      27. ᠳᠤᠮᠳᠠ ᠪᠠᠭ᠎ᠠ ᠠᠵᠤ ᠠᠬᠤᠶᠢᠯᠠᠯ‌‍ᠤᠨ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ‌‍ᠤ ᠲᠠᠪᠴᠠᠩ ︵ᠢᠲᠡᠭᠡᠮᠵᠢᠲᠦ ᠵᠢᠭᠡᠯᠡᠯᠭᠡ᠂ ᠪᠠᠩᠬᠢ ᠭᠠᠶᠢᠯᠢ ᠬᠠᠷᠢᠯᠴᠠᠨ ᠬᠥᠳᠡᠯᠦᠯᠴᠡᠬᠦ ᠵᠡᠷᠭᠡ︶ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠡᠶᠢᠭᠡᠮ‌‍ᠤᠨ ᠳᠠᠭᠠᠳᠬᠠᠯ᠂ ᠭᠠᠶᠢᠯᠢ‌‍ᠶᠢᠨ ᠶᠠᠪᠤᠳᠠᠯ᠂ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ ᠤᠰᠤ ᠬᠡᠷᠡᠭᠯᠡᠬᠦ ᠵᠡᠷᠭᠡ ᠣᠯᠠᠨ ᠨᠡᠶᠢᠲᠡ‌‍ᠶᠢᠨ ᠲᠤᠭ᠎ᠠ ᠪᠠᠷᠢᠮᠲᠠ ᠵᠢᠴᠢ ᠡᠯ᠎ᠡ ᠲᠥᠷᠥᠯ ᠤᠨ ᠢᠲᠡᠭᠡᠮᠵᠢ‌‍ᠶᠢᠨ ᠮᠡᠳᠡᠭᠡ ᠵᠠᠩᠭᠢ ᠶᠢ ᠬᠠᠤᠯᠢ ᠲᠣᠭᠲᠠᠭᠠᠯ ᠳᠤ ᠨᠡᠶᠢᠴᠡᠭᠦᠯᠦᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠡᠭᠡᠭᠡᠯᠲᠡ ᠲᠠᠢ ᠪᠣᠯᠭᠠᠬᠤ ᠶᠢ ᠠᠬᠢᠭᠤᠯᠵᠤ᠂ ᠢᠲᠡᠭᠡᠮᠵᠢ ᠣᠯᠭᠤᠬᠤ ᠳᠡᠮᠵᠢᠯᠭᠡ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠪᠡᠯᠡ ᠲᠤᠬᠢᠷᠠᠭᠤᠯᠭ᠎ᠠ ᠶᠢ ᠵᠣᠯᠭᠠᠭᠤᠯᠬᠤ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠵᠡᠷᠭᠡ ᠤᠯᠠᠨ ᠲᠦᠷᠦᠯ ᠤᠨ ᠦᠢᠯᠡᠳᠬᠦᠨ ᠪᠠ ᠦᠢᠯᠡᠴᠢᠯᠡᠭᠡ ᠬᠠᠩᠭᠠᠵᠤ᠂ ᠪᠠᠩᠬᠢ‌‍ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢ ᠬᠢᠨᠠᠨ ᠵᠥᠪᠰᠢᠶᠡᠷᠡᠬᠦ ᠶᠠᠪᠤᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ‌‍ᠤᠨ ᠠᠩᠬᠠᠨ‌‍ᠤ ᠵᠢᠭᠡᠯᠡᠯᠭᠡ ᠤᠯᠬᠤ ᠨᠤᠷᠮ᠎ᠠ ᠪᠠ ᠢᠲᠡᠭᠡᠮᠵᠢᠲᠦ ᠵᠢᠭᠡᠯᠡᠯᠭᠡ‌‍ᠶᠢᠨ ᠬᠠᠷᠢᠴᠠᠯ ᠤᠨ ᠨᠤᠷᠮ᠎ᠠ ᠶᠢ ᠳᠡᠭᠡᠭᠰᠢᠯᠡᠭᠦᠯᠵᠦ᠂ ᠳᠤᠮᠳᠠ ᠵᠢᠵᠢᠭ ᠠᠵᠤ ᠠᠬᠤᠶᠢᠯᠠᠯ‌‍ᠤᠨ ᠪᠡᠯᠡ ᠲᠤᠬᠢᠷᠠᠭᠤᠯᠬᠤ ᠳᠤ ᠬᠦᠴᠢᠷᠲᠡᠶ᠂ ᠪᠡᠯᠡ ᠲᠤᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ︵ᠬᠤᠲᠠ‌‍ᠶᠢᠨ ᠬᠥᠭᠵᠢᠭᠦᠯᠦᠯᠲᠡ ᠪᠠ ᠥᠭᠡᠷᠡᠴᠢᠯᠡᠯᠲᠡ‌‍ᠶᠢᠨ ᠵᠥᠪᠯᠡᠯ᠂ ᠬᠤᠲᠠ‌‍ᠶᠢᠨ ᠵᠠᠰᠠᠭ ᠤᠨ ᠣᠷᠳᠣᠨ‌‍ᠤ ᠮᠥᠩᠭᠦᠨ ᠬᠦᠢᠯᠭᠡᠭᠡᠨ‌‍ᠤ ᠠᠵᠢᠯ‌‍ᠤᠨ ᠠᠯᠪᠠᠨ ᠬᠡᠷ᠂ ᠠᠷᠠᠳ‌‍ᠤᠨ ᠪᠠᠩᠬᠢ‌‍ᠶᠢᠨ ᠦᠬᠠᠶ ᠬᠤᠲᠠ‌‍ᠶᠢᠨ ᠲᠥᠪ ᠰᠠᠯᠪᠤᠷᠢ ᠪᠠᠩᠬᠢ᠂ ᠦᠬᠠᠶ ᠶᠢᠨ ᠪᠠᠩᠬᠢ ᠳᠠᠭᠠᠳᠬᠠᠯ‌‍ᠤᠨ ᠬᠢᠨᠠᠯᠲᠠ ᠬᠠᠮᠢᠶᠠᠷᠤᠯᠲᠠ‌‍ᠶᠢᠨ ᠬᠤᠪᠢᠶᠠᠷᠢ ᠲᠣᠪᠴᠢᠶ᠎ᠠ︶      28. ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠤ ᠵᠢᠷᠤᠮᠵᠢᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠤ ᠪᠦᠷᠢᠯᠳᠦᠯ ᠤᠨ ᠪᠦᠲᠦᠴᠡ ᠪᠠᠨ ᠰᠢᠯᠢᠳᠡᠭᠵᠢᠭᠦᠯᠦᠨ᠂ ᠲᠤᠬᠠᠶ ᠶᠢᠨ ᠲᠠᠯᠠᠪᠤᠷ ᠲᠤ ᠭᠥᠯᠢᠶᠡᠨ ᠠᠪᠴᠤ ᠰᠢᠢᠳᠪᠦᠷᠢᠯᠡᠬᠦ ᠲᠤᠰᠬᠠᠶ ᠮᠡᠷᠭᠡᠵᠢᠯᠲᠡᠨ ᠤ ᠭᠤᠶᠤᠴᠢᠯᠠᠯ ᠢ ᠰᠣᠩᠭᠤᠨ ᠠᠪᠬᠤ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠵᠤ᠂ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠢ ᠲᠣᠬᠢᠶᠠᠯᠳᠤᠯ ᠢᠶᠠᠷ ᠰᠣᠩᠭᠤᠨ ᠠᠪᠴᠤ᠂ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ ︽ᠨᠢᠭᠤᠷ ᠵᠣᠯᠭᠠᠬᠤ ᠥᠬᠡᠶ ᠪᠠᠷ ᠳᠠᠭᠠᠭᠠᠴᠢᠯᠠᠯᠲᠠ ᠨᠡᠶᠢᠲᠡᠯᠡᠬᠦ︾ ᠵᠠᠭᠪᠤᠷ᠂ ︽ᠠᠯᠤᠰ ᠠᠴᠠ ᠣᠨᠳᠣᠤ ᠭᠠᠵᠠᠷ ᠲᠤ ᠳᠠᠭᠠᠭᠠᠴᠢᠯᠠᠯᠲᠠ ᠦᠨᠡᠯᠡᠬᠦ︾ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠳᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠪᠥᠬᠦ ᠶᠠᠪᠤᠴᠠ ᠶᠢ ᠡᠯᠧᠺᠲᠷᠤᠨᠴᠢᠯᠠᠨ ᠠᠵᠢᠯᠯᠠᠭᠤᠯᠬᠤ ᠶᠢ ᠪᠡᠶᠡᠯᠡᠭᠦᠯᠦᠨ᠎ᠡ᠃ ︵ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ︶      29. ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠬᠢᠨᠠᠨ ᠲᠣᠭᠲᠠᠭᠠᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠢᠨᠠᠨ ᠲᠣᠭᠲᠠᠭᠠᠬᠤ ᠠᠵᠢᠯ ᠤᠨ ᠲᠠᠰ ᠳᠠᠷᠠᠭᠠᠯᠠᠯ ᠢᠶᠠᠨ ᠤᠯᠠᠮ ᠨᠢᠭᠡ ᠠᠯᠬᠤᠮ ᠵᠢᠷᠤᠮᠵᠢᠭᠤᠯᠤᠨ᠂ ᠬᠢᠨᠠᠨ ᠲᠣᠭᠲᠠᠭᠠᠬᠤ ᠲᠥᠷᠥᠯ ᠵᠦᠢᠯ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠬᠢᠨᠠᠨ ᠲᠣᠭᠲᠠᠭᠠᠬᠤ ᠴᠠᠭ ᠬᠤᠭᠤᠴᠠᠭ᠎ᠠ᠂ ᠬᠢᠨᠠᠨ ᠲᠣᠭᠲᠠᠭᠠᠬᠤ ᠠᠷᠭ᠎ᠠ ᠮᠠᠶ᠋ᠢᠭ ᠢ ᠱᠠᠲᠤ ᠲᠥᠷᠥᠯ ᠬᠤᠪᠢᠶᠠᠨ ᠲᠣᠳᠣᠷᠬᠠᠶᠢᠯᠠᠵᠤ᠂ ᠬᠢᠨᠠᠨ ᠲᠣᠭᠲᠠᠭᠠᠬᠤ ᠵᠦᠢᠯᠡᠰ ᠢ ᠪᠥᠬᠦ ᠲᠠᠯ᠎ᠠ ᠪᠠᠷ ᠢᠯᠭᠠᠷᠠᠭᠤᠯᠵᠤ᠂ ᠴᠣᠮᠬᠠᠳᠬᠠᠨ ᠰᠢᠯᠢᠳᠡᠭᠵᠢᠭᠦᠯᠦᠨ᠎ᠡ᠃ ︵ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ︶      30. ᠤᠰᠤ ᠬᠡᠶ ᠳᠤᠯᠠᠭᠠᠯᠠᠭ᠎ᠠ ᠵᠡᠷᠭᠡ ᠨᠢᠭᠡ ᠦᠷᠳᠡᠭᠡᠴᠢᠯᠡᠭᠰᠡᠨ ᠮᠠᠶ᠋ᠢᠭ ᠤᠨ ᠳᠥᠭᠦᠮ ᠳᠥᠲᠡ ᠦᠢᠯᠡᠴᠢᠯᠡᠭᠡ ᠶᠢ ᠠᠬᠢᠭᠤᠯᠵᠤ᠂ ᠤᠰᠤ ᠬᠠᠩᠭᠠᠬᠤ᠂ ᠬᠡᠶ ᠬᠠᠩᠭᠠᠬᠤ᠂ ᠳᠤᠯᠠᠭᠠᠯᠠᠭ᠎ᠠ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ︽ᠮᠦᠩᠭᠡ ᠰᠣᠪᠠᠭ︾ APP ᠯᠦᠭᠡ ᠪᠥᠬᠦ ᠲᠠᠯ᠎ᠠ ᠪᠠᠷ ᠵᠣᠯᠭᠠᠭᠤᠯᠬᠤ ᠶᠢ ᠪᠡᠶᠡᠯᠡᠭᠦᠯᠵᠦ᠂ ᠪᠥᠬᠦ ᠶᠠᠪᠤᠴᠠ ᠳᠤ ᠬᠠᠪᠰᠤᠷᠤᠨ ᠬᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠦᠨ᠂ ᠮᠡᠳᠡᠭᠦᠯᠦᠨ ᠤᠭᠰᠠᠷᠠᠬᠤ᠂ ᠪᠠᠶᠢᠴᠠᠭᠠᠨ ᠯᠠᠪᠯᠠᠬᠤ᠂ ᠰᠦᠢᠳᠭᠡᠯ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠬᠡᠬᠦ ᠶᠢ ᠪᠡᠶᠡᠯᠡᠭᠦᠯᠦᠨ᠎ᠡ᠃ ︵ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶      31. ᠡᠳ᠋ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠥᠷᠭᠡᠳᠬᠡᠨ᠂ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ ᠬᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠲᠤᠰᠢᠶᠠᠬᠤ ᠵᠡᠷᠭᠡ ᠶᠢᠨ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠵᠡᠷᠭᠡᠪᠡᠷ ᠬᠦᠢᠴᠡᠳᠬᠡᠬᠦ︾ ᠶᠢ ᠬᠡᠷᠡᠭᠵᠢᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠤ ᠠᠬᠤᠶᠢᠯᠠᠯ ᠳᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶      32. ᠤᠶᠤᠨᠴᠢᠯᠠᠭᠰᠠᠨ ᠭᠠᠶᠢᠯᠢ‌‍ᠶᠢᠨ ᠶᠠᠪᠤᠳᠠᠯ‌‍ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠲᠠ ᠶᠢ ᠡᠯᠧᠺᠲᠷᠤᠨᠴᠢᠯᠠᠬᠤ ᠥᠭᠡᠷᠡᠴᠢᠯᠡᠯᠲᠡ‌‍ᠶᠢ ᠭᠦᠨᠵᠡᠭᠡᠶᠢᠷᠡᠭᠦᠯᠦᠨ᠂ ︽ᠥᠯᠥ ᠬᠦᠷᠦᠯᠴᠡᠬᠦ ᠬᠡᠯᠪᠡᠷᠢ︾ ᠶᠢᠨ ᠵᠣᠯᠭᠠᠬᠤ ᠥᠬᠡᠶ ᠪᠠᠷ ᠭᠠᠶᠢᠯᠢ ᠲᠤᠰᠢᠶᠠᠬᠤ ᠦᠢᠯᠡᠴᠢᠯᠡᠭᠡ‌‍ᠶᠢ ᠥᠷᠭᠡᠳᠬᠡᠵᠦ᠂ ᠭᠠᠶᠢᠯᠢ ᠲᠠᠲᠠᠪᠤᠷᠢᠯᠠᠵᠤ ᠬᠠᠮᠢᠶᠠᠷᠬᠤ ᠦᠢᠯᠡᠳᠦᠯ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︵ᠤᠯᠤᠰ‌‍ᠤᠨ ᠭᠠᠶᠢᠯᠢ‌‍ᠶᠢᠨ ᠶᠠᠪᠤᠳᠠᠯ ᠤᠨ ᠶᠡᠷᠦᠩᠬᠡᠶ ᠲᠤᠪᠴᠢᠶᠠᠨ‌‍ᠤ ᠦᠬᠠᠶ ᠬᠤᠲᠠ‌‍ᠶᠢᠨ ᠭᠠᠶᠢᠯᠢ‌‍ᠶᠢᠨ ᠶᠠᠪᠤᠳᠠᠯ‌‍ᠤᠨ ᠲᠣᠪᠴᠢᠶ᠎ᠠ︶      33. ᠲᠥᠷᠥ‌‍ᠶᠢᠨ ᠪᠣᠳᠣᠯᠭ᠎ᠠ ᠶᠢᠨ ᠤᠬᠠᠭᠤᠯᠭ᠎ᠠ‌‍ᠶᠢᠨ ᠬᠠᠪᠰᠤᠷᠤᠨ ᠵᠢᠯᠣᠭᠤᠳᠬᠤ ᠪᠠᠨ ᠴᠢᠩᠭᠠᠳᠬᠠᠵᠤ᠂ ᠭᠠᠶᠢᠯᠢ ᠰᠦᠢᠳᠭᠡᠯ‌‍ᠤᠨ ᠬᠠᠷᠠᠭᠠᠯᠵᠠᠯ ᠤᠨ ᠲᠥᠷᠥ‌‍ᠶᠢᠨ ᠪᠣᠳᠣᠯᠭ᠎ᠠ‌‍ᠶᠢᠨ ᠵᠢᠯᠣᠭᠤᠳᠣᠯᠭ᠎ᠠ ᠶᠢ ᠬᠥᠳᠡᠯᠦᠩᠭᠦᠶ ᠪᠠᠷ ᠰᠢᠨᠡᠳᠬᠡᠵᠦ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦ᠋ᠭᠡ‌‍ᠶᠢᠨ ᠬᠠᠮᠲᠤᠷᠠᠯᠴᠠᠭ᠎ᠠ ᠬᠢᠭᠡᠳ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠴᠢᠩᠭᠠᠳᠬᠠᠨ᠂ ᠬᠠᠷᠠᠭᠠᠯᠵᠠᠯ ᠦᠵᠡᠬᠦᠯᠦᠨ ᠬᠦᠢᠴᠡᠳᠬᠡᠬᠦ ᠲᠠᠰ ᠳᠠᠷᠠᠭᠠᠯᠠᠯ ᠢᠶᠠᠨ ᠲᠠᠰᠤᠷᠠᠯᠲᠠ ᠥᠬᠡᠶ ᠴᠣᠮᠬᠠᠳᠬᠠᠨ᠎ᠠ᠃ ︵ᠤᠯᠤᠰ‌‍ᠤᠨ ᠭᠠᠶᠢᠯᠢ‌‍ᠶᠢᠨ ᠶᠠᠪᠤᠳᠠᠯ‌‍ᠤᠨ ᠶᠡᠷᠦᠩᠬᠡᠶ ᠲᠤᠪᠴᠢᠶᠠᠨ‌‍ᠤ ᠦᠬᠠᠶ ᠬᠤᠲᠠ‌‍ᠶᠢᠨ ᠭᠠᠶᠢᠯᠢ ᠶᠢᠨ ᠶᠠᠪᠤᠳᠠᠯ‌‍ᠤᠨ ᠲᠣᠪᠴᠢᠶ᠎ᠠ︶      34. ᠠᠵᠤ ᠠᠬᠤᠶᠢᠯᠠᠯ ᠤᠨ ᠳᠠᠮᠫᠤᠷᠠᠬᠤ ᠪᠠ ᠢᠯᠭᠠᠷᠠᠭᠤᠯᠤᠨ ᠪᠤᠳᠤᠬᠤ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠵᠤ᠂ ᠳᠠᠮᠫᠤᠷᠠᠯ ᠤᠨ ᠬᠡᠷᠡᠭ ᠤᠨ ᠶᠠᠷᠰᠢᠭ ᠲᠦᠪᠡᠭᠲᠡᠶ ᠪᠠ ᠲᠦᠭᠦᠮ ᠢ ᠰᠠᠯᠭᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠳᠠᠮᠫᠤᠷᠠᠯ ᠤᠨ ᠬᠡᠷᠡᠭ ᠤᠨ ᠡᠳ᠋ ᠬᠥᠷᠤᠩᠭᠡ ᠶᠢᠨ ᠪᠢᠲᠡᠭᠦᠮᠵᠢᠯᠡᠯ ᠢ ᠲᠠᠶᠢᠯᠬᠤ ᠵᠢᠴᠢ ᠰᠢᠢᠳᠪᠦᠷᠢᠯᠡᠬᠦ ᠲᠣᠭᠲᠠᠴᠠ ᠪᠠᠨ ᠰᠢᠯᠢᠳᠡᠭᠵᠢᠭᠦᠯᠦᠨ᠂ ᠳᠠᠮᠫᠤᠷᠠᠯ ᠤᠨ ᠬᠡᠷᠡᠭ ᠶᠠᠪᠤᠳᠠᠯ ᠢ ᠰᠢᠢᠳᠪᠦᠷᠢᠯᠡᠬᠦ ᠠᠵᠢᠯ ᠤᠨ ᠵᠢᠷᠤᠮᠵᠢᠯ ᠢᠶᠠᠨ ᠲᠡᠭᠦᠯᠳᠡᠷᠵᠢᠭᠦᠯᠵᠦ᠂ ᠳᠠᠮᠫᠤᠷᠠᠯ ᠤᠨ ᠰᠢᠭᠦᠨ ᠲᠠᠰᠤᠯᠤᠯᠳᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠠᠮᠫᠤᠷᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠴᠢᠳᠠᠮᠵᠢ ᠪᠠᠨ ᠲᠡᠭᠦᠯᠳᠡᠷᠵᠢᠭᠦᠯᠵᠦ᠂ ᠳᠠᠮᠫᠤᠷᠠᠯ ᠤᠨ ᠬᠡᠷᠡᠭ ᠢ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠦᠬᠠᠶ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ︶     ᠳᠥᠷᠪᠡ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠪᠠᠨ ᠪᠥᠬᠦ ᠲᠠᠯ᠎ᠠ ᠪᠠᠷ ᠴᠢᠩᠭᠠᠳᠬᠠᠨ᠎ᠠ      35. ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠥᠩᠭᠡᠨ ᠦᠢᠯᠡ ᠠᠵᠢᠯᠯᠠᠭ᠎ᠠ ᠶᠢ ᠲᠣᠷᠭᠠᠬᠤ ᠠᠴᠠ ᠬᠡᠯᠲᠦᠷᠢᠭᠦᠯᠦᠨ᠎ᠡ᠃ ᠵᠠᠰᠠᠭ ᠵᠠᠬᠢᠷᠭᠠᠨ ᠤ ᠰᠢᠳᠬᠡᠯ ᠥᠭᠬᠦ ᠥᠬᠡᠶ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠠᠴᠠ ᠭᠠᠳᠠᠨ᠎ᠠ᠂ ᠰᠢᠭᠦᠮᠵᠢᠯᠡᠨ ᠰᠤᠷᠭᠠᠬᠤ᠂ ᠪᠣᠯᠵᠣᠨ ᠶᠠᠷᠢᠯᠴᠠᠵᠤ ᠵᠢᠯᠣᠭᠤᠳᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠵᠡᠩᠨᠡᠭᠴᠢᠳ ᠤᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ ᠠᠬᠢᠭᠤᠯᠵᠤ᠂ ︽ᠬᠠᠯᠠᠭᠤᠨ ᠪᠦᠯᠢᠶᠡᠨ  ᠲᠠᠢ ᠪᠠᠷ ᠬᠠᠤᠯᠢ ᠬᠡᠷᠡᠭᠵᠢᠭᠦᠯᠬᠦ︾ ᠶᠢ ᠬᠡᠷᠡᠭᠵᠢᠬᠦᠯᠦᠨ᠎ᠡ᠃ ︵ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ︶      36. ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ᠂ ᠰᠦᠷᠳᠡᠭᠦᠯᠦᠯ ᠢ ᠡᠰᠡᠷᠭᠦᠴᠡᠬᠦ᠂ ᠨᠢᠭᠤᠴᠠ ᠶᠢ ᠬᠠᠮᠠᠭᠠᠯᠠᠬᠤ ᠠᠵᠢᠯ ᠲᠥᠷᠥᠯ ᠵᠡᠷᠭᠡ ᠣᠨᠴᠣᠭᠤᠶ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠰᠢᠭᠤᠳ ᠬᠤᠯᠪᠣᠭᠳᠠᠬᠤ ᠶᠢ ᠭᠠᠷᠭᠠᠪᠠᠯ᠂ ᠡᠯ᠎ᠡ ᠰᠠᠯᠠᠭ᠎ᠠ ᠮᠥᠴᠢᠷ ᠤᠨ ᠥᠷᠨᠢᠭᠦᠯᠦᠭᠰᠡᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠥᠮ ︽ᠬᠤᠶᠠᠷ ᠢ ᠲᠣᠬᠢᠶᠠᠯᠳᠤᠯ ᠢᠶᠠᠷ ᠬᠢᠬᠦ︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠰᠤᠭᠤᠴᠢᠨ ᠪᠠᠶᠢᠴᠠᠭᠠᠬᠤ ᠵᠦᠢᠯᠡᠰ᠂ ᠰᠤᠭᠤᠴᠢᠨ ᠪᠠᠶᠢᠴᠠᠭᠠᠬᠤ ᠲᠥᠯᠥᠪᠯᠡᠭᠡ᠂ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠶ ᠳᠤᠨᠢ᠂ ᠣᠨᠣᠪᠴᠢᠲᠠᠶ ᠪᠠᠷ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      37. ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠪᠠ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠠᠳᠠᠯᠢ ᠪᠤᠰᠤ ᠢᠲᠡᠭᠡᠮᠵᠢ ᠶᠢᠨ ᠲᠦᠭᠰᠢᠭᠦᠷᠢ ᠶᠢᠨ ᠪᠠᠶᠢᠳᠠᠯ ᠲᠠᠢ ᠠᠵᠤ ᠠᠬᠤᠶᠢᠯᠠᠯ ᠳᠤ ᠴᠢᠭᠯᠡᠭᠦᠯᠦᠨ᠂ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠰᠤᠭᠤᠴᠢᠨ ᠪᠠᠶᠢᠴᠠᠭᠠᠬᠤ ᠬᠠᠷᠢᠴᠠᠯ ᠪᠠ ᠲᠠᠪᠳᠠᠮᠵᠢ ᠪᠠᠨ ᠵᠦᠶ ᠵᠣᠬᠢᠰᠲᠠᠶ ᠲᠣᠭᠲᠠᠭᠠᠨ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠬᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      38. ᠡᠯ᠎ᠡ ᠱᠠᠲᠤᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠭᠠᠷᠴᠠᠭ ᠢᠶᠠᠨ ᠬᠥᠳᠡᠯᠦᠩᠭᠦᠶ ᠪᠠᠷ ᠳᠣᠭᠢᠷᠠᠭᠤᠯᠬᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠠᠩᠰᠠᠨ ᠡᠷᠦᠬᠡ ᠶᠢ ᠳᠣᠭᠢᠷᠠᠭᠤᠯᠬᠤ᠂ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠪᠢᠴᠢᠵᠦ ᠣᠷᠣᠭᠤᠯᠤᠨ ᠴᠤᠭᠯᠠᠭᠤᠯᠬᠤ ᠪᠠ ᠤᠯᠤᠰ ᠤᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠤᠨ ᠨᠡᠶᠢᠳᠡᠯᠡᠬᠦ ᠲᠦᠭᠰᠢᠭᠦᠷᠢ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢᠶᠠᠨ ᠰᠠᠶᠢᠲᠤᠷ ᠬᠢᠵᠦ᠂ ᠰᠢᠰᠲ᠋ᠧᠮ ᠤᠨ ᠬᠡᠷᠡᠭᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠬᠤᠷᠢᠶᠠᠨ ᠴᠤᠭᠯᠠᠭᠤᠯᠬᠤ ᠪᠠ ᠬᠤᠯᠪᠣᠭᠳᠠᠭᠤᠯᠤᠨ ᠵᠠᠳᠠᠯᠬᠤ ᠶᠢ ᠠᠰᠢᠭᠯᠠᠨ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠴᠠᠵᠢᠭᠤᠯᠬᠤ ᠪᠠ ᠤᠶᠤᠨᠵᠢᠭᠤᠯᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      39. ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠠᠷᠠᠯᠵᠢᠶᠠᠨ ᠤ ᠠᠵᠢᠯᠯᠠᠭ᠎ᠠ ᠶᠢᠨ ᠴᠠᠭ ᠲᠤᠬᠠᠶ ᠳᠤᠨᠢ ᠬᠥᠳᠡᠯᠦᠩᠭᠦᠶ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠲᠠᠢ ᠰᠦᠯᠪᠡᠭᠡᠯᠡᠬᠦ᠂ ᠢᠯᠡ ᠪᠠᠷ ᠵᠠᠷᠯᠠᠨ ᠳᠠᠯᠳᠠᠭᠤᠷ ᠲᠣᠭᠲᠠᠭᠠᠬᠤ᠂ ᠳᠠᠭᠠᠭᠠᠴᠢᠯᠠᠯᠲᠠ ᠶᠢ ᠦᠨᠡᠯᠡᠬᠦ ᠳᠤ ᠭᠤᠤᠯᠴᠢ ᠪᠤᠰᠤ ᠪᠠᠶᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ︶     ᠲᠠᠪᠤ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠨ᠎ᠠ      ︵ᠨᠢᠭᠡ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ      40. ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠣᠭᠲᠠᠭᠤᠨ ᠲᠥᠪ ᠭᠤᠤᠯᠴᠢ ᠢᠯᠡ ᠲᠣᠳᠣ᠂ ᠵᠢᠱᠢᠵᠦ ᠪᠣᠯᠬᠤᠶᠢᠴᠠ ᠬᠠᠤᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃ ᠡᠯ᠎ᠡ ᠵᠦᠢᠯ ᠤᠨ ᠥᠮᠴᠢᠯᠡᠯ ᠤᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠡᠵᠡᠨ ᠮᠡᠳᠡᠵᠦ ᠡᠵᠡᠩᠨᠡᠬᠦ ᠡᠷᠬᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠨ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠠᠵᠢᠯᠯᠠᠭ᠎ᠠ ᠶᠢ ᠦᠨᠡᠨ ᠬᠦ ᠰᠡᠷᠭᠡᠶᠢᠯᠡᠨ᠎ᠡ᠃ ᠨᠢᠭᠡᠳᠦᠯᠲᠡᠶ ᠵᠠᠬ᠎ᠠ ᠳᠡᠯᠭᠡᠭᠦᠷ ᠪᠠ ᠭᠤᠣᠯᠴᠢ ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠠᠭ ᠲᠤᠬᠠᠶ ᠳᠤᠨᠢ ᠴᠡᠪᠡᠷᠯᠡᠨ ᠬᠦᠴᠦᠨ ᠦᠭᠡᠢ ᠪᠣᠯᠭᠠᠵᠤ᠂ ᠨᠢᠭᠡᠳᠦᠯᠲᠡᠶ ᠪᠥᠭᠡᠳ ᠨᠡᠭᠡᠭᠡᠯᠲᠡᠲᠡᠶ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠲᠦᠷᠢᠮ ᠨᠢ ᠪᠦᠷᠢᠨ ᠲᠡᠭᠦᠯᠳᠡᠷ᠂ ᠵᠠᠰᠠᠯᠲᠠ ᠨᠢ ᠪᠦᠷᠢᠨ ᠲᠡᠭᠦᠯᠳᠡᠷ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠦᠷᠢᠯᠳᠦᠬᠦ ᠶᠢ ᠲᠦᠯᠬᠢᠨ ᠠᠬᠢᠭᠤᠯᠤᠨ᠎ᠠ᠃ ︵ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ︶      41. ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢᠶᠠᠨ ᠬᠦᠴᠦᠯᠡᠨ ᠳᠡᠭᠡᠭᠰᠢᠯᠡᠭᠦᠯᠵᠦ᠂ ᠥᠩᠭᠡᠷᠡᠭᠰᠡᠨ ᠤ ᠨᠢᠭᠡ ᠬᠤᠭᠤᠴᠠᠭᠠᠨ ᠳᠤ ᠪᠣᠶ ᠪᠣᠯᠤᠭᠰᠠᠨ ᠰᠢᠢᠳᠪᠦᠷᠢᠲᠦ ᠪᠣᠳᠣᠯᠭ᠎ᠠ ᠨᠢ ᠵᠦᠶ ᠵᠣᠬᠢᠰ ᠥᠬᠡᠶ᠂ ᠬᠡᠯᠡᠯᠴᠡᠭᠡᠷ ᠢᠶᠠᠨ ᠥᠯᠥ ᠬᠦᠢᠴᠡᠳᠬᠡᠬᠦ᠂ ᠲᠥᠷᠥᠯ ᠵᠦᠢᠯ ᠢ ᠥᠯᠥ ᠨᠠᠶᠢᠳᠠᠪᠤᠷᠢᠵᠢᠭᠤᠯᠬᠤ᠂ ᠠᠮᠠᠯᠠᠯᠲᠠ ᠪᠠᠨ ᠥᠯᠥ ᠪᠡᠶᠡᠯᠡᠭᠦᠯᠬᠦ᠂ ᠥᠷᠢᠲᠦᠭᠰᠡᠨ ᠢᠶᠠᠨ ᠥᠯᠥ ᠪᠤᠴᠠᠭᠠᠬᠤ ᠵᠡᠷᠭᠡ ᠲᠡᠤᠬᠡ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠬᠦ ᠠᠰᠠᠭᠤᠳᠠᠯ ᠤᠨ ᠲᠣᠭᠤᠷᠢᠨ ᠳᠤ ᠲᠤᠰᠬᠠᠶ ᠢᠯᠭᠠᠷᠠᠭᠤᠯᠬᠤ ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ᠂ ᠦᠢᠯᠡᠴᠢᠯᠡᠭᠡ ᠪᠠᠨ ᠨᠠᠩ ᠬᠠᠯᠠᠭᠤᠨ ᠳᠤᠯᠠᠭᠠᠨ ᠪᠣᠯᠭᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠶ ᠪᠠᠷ ᠠᠮᠠᠯᠠᠯᠲᠠ ᠪᠠᠨ ᠪᠡᠶᠡᠯᠡᠭᠦᠯᠬᠦ ᠶᠢ ᠠᠬᠢᠭᠤᠯᠤᠨ᠎ᠠ᠃ ︵ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ︵ᠬᠤᠶᠠᠷ︶ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶ ᠲᠥᠯᠬᠢᠨ ᠠᠬᠢᠭᠤᠯᠤᠨ᠎ᠠ      42. ︽ᠦᠬᠠᠶ ᠬᠤᠲᠠ ᠶᠢᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤᠮᠳᠠᠬᠢ ᠥᠯᠢᠭᠡᠷ ᠳᠠᠭᠤᠷᠢᠶᠠᠯ ᠦᠵᠡᠭᠦᠯᠬᠦ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ︽ᠦᠬᠠᠶ ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠠᠷᠴᠠᠭ ᠤᠨ ᠨᠠᠷᠢᠨ ᠲᠠᠩᠰᠠ︾ ᠶᠢ ᠨᠠᠶᠢᠷᠠᠭᠤᠯᠤᠨ ᠵᠣᠬᠢᠶᠠᠵᠤ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      43. ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠯ᠎ᠡ ᠲᠥᠷᠥᠯ ᠤᠨ ᠢᠷᠠᠭᠤ ᠠᠯᠳᠠᠷ ᠤᠨ ᠮᠡᠳᠡᠭᠡ ᠵᠠᠩᠭᠢ᠂ ᠢᠲᠡᠭᠡᠯ ᠠᠯᠳᠠᠭᠰᠠᠨ ᠮᠡᠳᠡᠭᠡ ᠵᠠᠩᠭᠢ ᠶᠢ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠲᠡᠮᠳᠡᠭᠯᠡᠯ ᠳᠤ ᠣᠷᠣᠭᠤᠯᠣᠨ᠎ᠠ᠃ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠠᠯᠬᠤᠮ ᠬᠤᠪᠢᠶᠠᠨ ᠪᠠᠶᠢᠭᠤᠯᠵᠤ᠂ ᠠᠯᠪᠠᠨ ᠲᠤᠰᠢᠶᠠᠯᠲᠠᠨ ᠤ ᠬᠤᠪᠢ ᠬᠥᠮᠦᠨ ᠤ ᠡᠯ᠎ᠡ ᠲᠥᠷᠥᠯ ᠤᠨ ᠬᠥᠬᠢᠭᠦᠯᠦᠯ ᠰᠠᠶᠢᠰᠢᠶᠠᠯ᠂ ᠣᠨ ᠤ ᠬᠢᠨᠠᠨ ᠰᠢᠯᠭᠠᠯᠲᠠ᠂ ᠡᠩ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠨ᠎ᠡ᠃ ᠵᠠᠰᠠᠭ ᠤᠨ ᠣᠷᠳᠣᠨ ᠤ ᠪᠠᠶᠢᠭᠤᠯᠤᠮᠵᠢ ᠵᠢᠴᠢ ᠠᠯᠪᠠᠨ ᠲᠤᠰᠢᠶᠠᠯᠲᠠᠨ ᠤ ᠢᠲᠡᠭᠡᠮᠵᠢ ᠶᠢᠨ ᠲᠠᠩᠰᠠ ᠡᠪᠬᠡᠮᠡᠯ ᠢ ᠬᠤᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢᠶᠠᠷ ᠳᠠᠮᠵᠢᠭᠤᠯᠤᠨ ᠴᠤᠭᠯᠠᠭᠤᠯᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠠᠮᠲᠤ ᠪᠠᠷ ᠡᠳ᠋ᠯᠡᠵᠦ᠂ ᠰᠢᠯᠢᠳᠡᠭ ᠢ ᠰᠢᠯᠭᠠᠷᠠᠭᠤᠯᠤᠨ ᠲᠡᠷᠢᠭᠦᠨ ᠢ ᠰᠢᠯᠭᠠᠷᠠᠭᠤᠯᠬᠤ᠂ ᠲᠤᠰᠢᠶᠠᠯ ᠳᠤ ᠳᠡᠪᠰᠢᠬᠦ ᠵᠡᠷᠭᠡ ᠲᠠᠯ᠎ᠠ ᠶᠢᠨ ᠴᠢᠬᠤᠯᠠ ᠯᠠᠪᠯᠠᠯᠲᠠ ᠪᠣᠯᠭᠠᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      44. ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠤᠬᠠᠶᠢᠯᠠᠭᠰᠠᠨ ᠠᠵᠢᠯ ᠤᠨ ᠰᠢᠰᠲ᠋ᠧᠮ ᠪᠠ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠰᠢᠭᠢᠳᠬᠡᠨ ᠣᠷᠣᠭᠤᠯᠬᠤ ᠶᠢ ᠠᠬᠢᠭᠤᠯᠵᠤ᠂ ᠬᠡᠷᠡᠭ ᠤᠨ ᠡᠮᠦᠨ᠎ᠡ ᠢᠲᠡᠭᠡᠮᠵᠢ ᠶᠢᠨ ᠠᠮᠠᠯᠠᠯᠲᠠ ᠬᠢᠬᠦ᠂ ᠬᠡᠷᠡᠭ ᠤᠨ ᠳᠤᠮᠳᠠ ᠲᠥᠷᠥᠯ ᠬᠤᠪᠢᠶᠠᠨ ᠬᠢᠨᠠᠨ ᠬᠠᠮᠢᠶᠠᠷᠬᠤ᠂ ᠬᠡᠷᠡᠭ ᠤᠨ ᠳᠠᠷᠠᠭ᠎ᠠ ᠱᠠᠩᠨᠠᠵᠤ ᠵᠠᠯᠬᠠᠭᠠᠵᠤ ᠰᠡᠷᠭᠦᠭᠡᠬᠦ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      45. ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠨ ᠮᠡᠳᠡᠭᠡ ᠵᠠᠩᠭᠢ ᠶᠢ ᠰᠡᠷᠭᠦᠭᠡᠬᠦ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠳᠤ ᠣᠷᠣᠭᠤᠯᠤᠨ᠂ ᠢᠲᠡᠭᠡᠯ ᠠᠯᠳᠠᠭᠰᠠᠨ ᠮᠡᠳᠡᠭᠡ ᠵᠠᠩᠭᠢ ᠶᠢ ᠰᠡᠷᠭᠦᠭᠡᠬᠦ ᠨᠥᠬᠦᠴᠡᠯ᠂ ᠪᠠᠷᠢᠮᠵᠢᠶ᠎ᠠ᠂ ᠴᠤᠪᠤᠷᠠᠯ ᠵᠡᠷᠭᠡ ᠬᠦᠴᠦᠨ ᠵᠦᠢᠯ ᠢ ᠲᠣᠳᠣᠷᠬᠠᠶᠢᠯᠠᠵᠤ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠠᠯᠳᠠᠭ᠎ᠠ ᠪᠠᠨ ᠥᠪᠡᠰᠦᠪᠡᠨ ᠵᠠᠯᠠᠷᠠᠭᠤᠯᠬᠤ ᠶᠢ ᠵᠣᠷᠢᠭᠵᠢᠭᠤᠯᠤᠨ᠂ ᠰᠡᠷᠭᠦᠭᠡᠬᠦ ᠨᠥᠬᠦᠴᠡᠯ ᠳᠤ ᠨᠡᠶᠢᠴᠡᠬᠦ ᠢᠲᠡᠭᠡᠯ ᠠᠯᠳᠠᠭᠰᠠᠨ ᠭᠤᠤᠯ ᠴᠣᠭᠴᠠ ᠶᠢ ᠢᠲᠡᠭᠡᠯ ᠠᠯᠳᠠᠭᠰᠠᠨ ᠨᠡᠷᠡᠰ ᠠᠴᠠ ᠴᠠᠭ ᠲᠤᠬᠠᠶ ᠳᠤᠨᠢ ᠰᠢᠯᠵᠢᠭᠦᠯᠦᠨ ᠭᠠᠷᠭᠠᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      ︵ᠭᠤᠷᠪᠠ︶ ᠵᠠᠰᠠᠭ ᠠᠵᠤ ᠠᠬᠤᠶᠢᠯᠠᠯ ᠤᠨ ᠠᠷᠠᠳ ᠲᠤ ᠲᠦᠭᠦᠮ ᠦᠵᠡᠭᠦᠯᠬᠦ ᠨᠡᠪᠲᠡᠷᠡᠯᠴᠡᠬᠦ ᠲᠠᠪᠴᠠᠩ ᠢ ᠤᠯᠠᠨ ᠠᠷᠭ᠎ᠠ ᠵᠠᠮ ᠢᠶᠠᠷ ᠪᠠᠶᠢᠭᠤᠯᠤᠨ᠎ᠠ       46. 12345 ᠬᠠᠯᠠᠮᠰᠢᠯ ᠤᠲᠠᠰᠤ ᠶᠢ ᠬᠦᠯᠢᠶᠡᠨ ᠠᠪᠬᠤ᠂ ᠠᠵᠢᠯ ᠳᠤ ᠲᠣᠮᠢᠯᠠᠬᠤ᠂ ᠭᠦᠢᠴᠡᠳᠬᠡᠬᠦ᠂ ᠬᠠᠷᠢᠭᠤᠯᠲᠠ ᠥᠭᠬᠦ ᠵᠡᠷᠭᠡ ᠭᠤᠭᠴᠤᠭ᠎ᠠ ᠶᠢᠨ ᠠᠵᠢᠯ ᠤᠨ ᠶᠠᠪᠤᠴᠠ ᠶᠢ ᠬᠠᠤᠯᠢ ᠲᠣᠭᠲᠠᠭᠠᠯ ᠶᠣᠰᠣᠭᠠᠷ ᠲᠡᠭᠦᠯᠳᠡᠷᠵᠢᠭᠦᠯᠵᠦ᠂ ᠭᠤᠮᠣᠳᠠᠯ ᠱᠠᠭᠠᠷᠳᠠᠯᠭ᠎ᠠ ᠶᠢ ᠲᠡᠰ ᠬᠤᠪᠢᠶᠠᠨ ᠲᠦᠷᠦᠯ ᠬᠤᠪᠢᠶᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠦᠯᠢᠶᠡᠨ ᠠᠪᠴᠤ ᠰᠢᠢᠳᠪᠦᠷᠢᠯᠡᠬᠦ᠂ ᠲᠡᠷᠡ ᠳᠠᠷᠤᠶ ᠳᠤᠨᠢ ᠰᠢᠯᠵᠢᠭᠦᠯᠦᠨ ᠰᠢᠢᠳᠪᠦᠷᠢᠯᠡᠭᠦᠯᠬᠦ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠬᠦ᠂ ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠬᠤ ᠵᠡᠷᠭᠡ ᠱᠠᠭᠠᠷᠳᠠᠯᠭ᠎ᠠ ᠶᠢ ᠲᠣᠳᠣᠷᠬᠠᠶ ᠵᠢᠷᠤᠮᠵᠢᠭᠤᠯᠵᠤ᠂ ᠬᠡᠷᠡᠭ ᠶᠠᠪᠤᠳᠠᠯ ᠢ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠂ ᠬᠠᠷᠢᠶᠠᠯᠠᠯ ᠤᠨ ᠡᠷᠬᠡ ᠮᠡᠳᠡᠯ ᠤᠨ ᠬᠡᠪᠴᠢᠶ᠎ᠡ ᠪᠠᠷ ᠰᠠᠯᠭᠠᠨ ᠰᠢᠢᠳᠪᠦᠷᠢᠯᠡᠬᠦ ᠪᠠ ᠤᠯᠠᠨ ᠰᠠᠯᠠᠭ᠎ᠠ ᠮᠥᠴᠢᠷ ᠬᠠᠮᠵᠢᠯᠴᠠᠨ ᠰᠢᠢᠳᠪᠦᠷᠢᠯᠡᠬᠦ ᠲᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠪᠠᠷᠢᠮᠵᠢᠶ᠎ᠡ ᠪᠠᠷ ᠵᠠᠭᠠᠯᠳᠤᠯᠭ᠎ᠠ ᠶᠢ ᠲᠡᠷᠡ ᠳᠠᠷᠤᠶ ᠳᠤᠨᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠦᠷᠢᠨᠰᠢᠬᠦᠯᠦᠨ᠎ᠠ᠃ ︵ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠥᠪ︶      47. ︽ᠮᠦᠩᠭᠡ ᠴᠢᠳᠠᠮᠵᠢ︾ ᠲᠠᠪᠴᠠᠩ ᠢ ᠰᠠᠶᠢᠲᠤᠷ ᠬᠡᠷᠡᠭᠯᠡᠨ᠂ ᠲᠠᠪᠴᠠᠩ ᠤᠨ ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠠᠪᠴᠠᠩ ᠤᠨ ᠴᠢᠳᠠᠮᠵᠢ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠠᠵᠤ ᠠᠬᠤᠶᠢᠯᠠᠯ ᠳᠤ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠴᠦ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ᠂ ᠡᠯ᠎ᠡ ᠰᠠᠯᠠᠭ᠎ᠠ ᠮᠥᠴᠢᠷ ᠲᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠯᠪᠤᠭᠳᠠᠯ ᠪᠥᠬᠦᠶ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠦᠢᠯᠡᠴᠢᠯᠡᠭᠡ ᠬᠠᠩᠭᠠᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      48. ᠠᠵᠤ ᠠᠬᠤᠶᠢᠯᠠᠯ ᠤᠨ ᠲᠤᠰᠬᠠᠭᠰᠠᠨ ᠭᠤᠮᠣᠳᠠᠯ ᠲᠣᠭᠠᠴᠢᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠳᠤ ᠴᠠᠭ ᠲᠤᠬᠠᠶ ᠳᠤᠨᠢ ᠲᠤᠬᠢᠷᠠᠭᠤᠯᠤᠯᠳᠠ ᠬᠢᠵᠦ᠂ ᠤᠳᠠᠭᠠᠰᠢᠷᠠᠭᠤᠯᠤᠭᠠᠳ ᠰᠢᠢᠳᠪᠦᠷᠢᠯᠡᠭᠰᠡᠨ ᠥᠬᠡᠶ ᠪᠠᠶᠢᠪᠠᠯ ᠵᠠᠬᠢᠳᠠᠯ ᠢᠶᠠᠷ ᠠᠰᠠᠭᠤᠬᠤ᠂ ᠪᠠᠶᠢᠳᠠᠯ ᠢ ᠬᠢᠨᠠᠨ ᠬᠠᠷᠭᠤᠭᠤᠯᠬᠤ᠂ ᠳ᠋ᠤᠭᠠᠷᠯᠠᠨ ᠰᠢᠮᠳᠠᠭᠤᠯᠤᠨ ᠰᠢᠢᠳᠪᠦᠷᠢᠯᠡᠭᠦᠯᠬᠦ  ᠪᠠᠷ ᠲᠠᠮᠵᠢᠨ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠭᠰᠠᠨ ᠨᠢ ᠪᠠᠷᠢᠮᠵᠢᠶ᠎ᠠ ᠳᠤ ᠬᠥᠷᠬᠦ ᠥᠬᠡᠶ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠮᠦᠷᠳᠡᠯᠳᠡ ᠬᠢᠯᠭᠡᠨ᠎ᠡ᠃ ︵ᠬᠤᠲᠠ ᠶᠢᠨ ᠬᠠᠤᠯᠢ ᠶᠣᠰᠣᠭᠠᠷ ᠬᠤᠲᠠ ᠶᠢ ᠵᠠᠰᠠᠬᠤ ᠠᠯᠪᠠᠨ ᠬᠡᠷ︶      49. ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠨᠠᠯᠲᠠ ᠲᠠᠯᠪᠢᠯᠲᠠ ᠶᠢ ᠨᠡᠪᠲᠡᠷᠡᠭᠦᠯᠬᠦ ᠪᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠨᠡᠶᠢᠭᠡᠮ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯᠲᠠᠨ ᠤ ᠲᠥᠯᠥᠭᠡᠯᠡᠭᠴᠢ ᠶᠢ ᠤᠷᠢᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠨᠠᠯᠲᠠ ᠲᠠᠯᠪᠢᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠵᠡᠷᠭᠡ ᠠᠵᠢᠯ ᠳᠤ ᠪᠠᠶᠢᠩᠭᠤ ᠶᠢᠨ ᠬᠢᠨᠠᠯᠲᠠ ᠲᠠᠯᠪᠢᠵᠤ᠂ ᠬᠤᠯᠪᠤᠭᠳᠠᠯ ᠪᠥᠬᠦᠶ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠦᠨᠡᠨᠬᠦ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠠᠵᠢᠯ᠂ ᠡᠭᠦᠷᠭᠡ ᠶᠢᠨ ᠨᠠᠷᠢᠨ ᠲᠠᠩᠰᠠ᠂ ᠴᠡᠭᠴᠡᠯᠡᠨ ᠵᠠᠰᠠᠬᠤ ᠡᠬᠡ ᠲᠠᠩᠰᠠ᠂ ᠭᠤᠮᠣᠳᠠᠯ ᠱᠠᠭᠠᠷᠳᠠᠯᠭ᠎ᠠ ᠶᠢ ᠬᠦᠢᠴᠡᠳᠬᠡᠭᠰᠡᠨ ᠵᠡᠷᠭᠡ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠮᠡᠳᠡᠭᠡᠯᠡᠬᠦ ᠲᠦᠷᠢᠮ ᠢ ᠪᠠᠶᠢᠭᠤᠯᠤᠨ᠂ ᠭᠡᠳᠡᠷᠭᠦ ᠰᠢᠬᠠᠮᠳᠠᠭᠤᠯᠵᠤ ᠪᠠᠶᠢᠭᠠᠳ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠬᠤᠷᠳᠤᠴᠠ ᠪᠠᠨ ᠲᠦᠷᠭᠡᠳᠬᠡᠬᠦ ᠶᠢ ᠠᠬᠢᠭᠤᠯᠤᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      50. ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ ᠭᠤᠣᠯᠳᠠᠯᠭ᠎ᠠ ᠲᠠᠢ ᠬᠦᠷᠢᠶᠡᠨ ᠳᠤ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠦᠷᠲᠡᠮᠵᠢ ᠶᠢᠨ ᠮᠡᠳᠡᠷᠡᠮᠵᠢ ᠪᠠᠷ ᠥᠨᠳᠥᠷ ᠨᠢᠭᠡ ᠪᠦᠯᠦᠭ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠪᠤᠢ ᠪᠣᠯᠭᠠᠨ ᠳᠡᠯᠭᠡᠷᠡᠭᠦᠯᠦᠨ᠎ᠡ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠲᠢᠺ ᠲᠤᠺ ᠵᠡᠷᠭᠡ ᠲᠠᠪᠴᠠᠩ ᠳᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠲᠤᠰᠬᠠᠶ ᠪᠤᠯᠤᠩ ᠭᠠᠷᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦᠯᠦᠭᠰᠡᠨ ᠦᠢᠯᠡᠳᠦᠯᠭᠡ ᠪᠠ ᠦᠷ᠎ᠡ ᠪᠦᠲᠦᠮᠵᠢ ᠪᠠᠨ ᠴᠠᠭ ᠲᠤᠬᠠᠶ ᠳᠤᠨᠢ ᠤᠬᠠᠭᠤᠯᠤᠨ ᠮᠡᠳᠡᠭᠡᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠎ᠠ᠃ ︵ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号