ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠬᠠᠶᠢᠨᠠᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/19
     5 ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠪᠦᠯᠬᠦᠮ ᠳᠠᠭᠠᠭᠤᠯᠤᠨ ᠬᠠᠶᠢᠨᠠᠨ ᠲᠣᠭᠤᠷᠢᠭ ᠲᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠬᠠᠶᠢᠨᠠᠨ ᠲᠣᠭᠤᠷᠢᠭ ᠤᠨ ᠪᠠᠶᠠᠨᠳᠤᠬᠤᠢ ᠪᠠᠯᠭᠠᠰᠤ ᠶᠢᠨ ᠰᠧ ᠰᠢᠨ ᠲᠣᠰᠬᠤᠨ ᠳᠤ᠂ ᠹᠧᠩ ᠰᠢᠤᠸᠠᠢ ᠲᠤᠤ ᠨᠠᠷ ᠮᠥᠬᠦᠯᠢᠭᠲᠦ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠹᠧᠩ ᠰᠢᠤᠸᠠᠢ ᠲᠤᠤ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠬᠥᠳᠡᠭᠡ ᠲᠣᠰᠬᠤᠨ ᠳᠠᠬᠢ ᠠᠵᠢᠯ ᠤᠨ ᠰᠠᠭᠤᠷᠢ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠢᠭᠤᠳ ᠤᠳᠤᠷᠢᠳᠬᠤ ᠬᠦᠴᠦᠨ ᠪᠠ ᠲᠦᠷᠦᠭᠦᠯᠡᠨ ᠪᠥᠲᠥᠭᠡᠨ ᠪᠠᠶᠢᠭᠤᠯᠬᠤ ᠬᠦᠴᠦᠨ ᠮᠥᠨ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠪᠠᠷᠢᠮᠲᠠᠯᠠᠵᠤ ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ ᠪᠣᠯᠤᠨ ᠨᠡᠶᠢᠭᠡᠮ ᠤᠨ ᠤᠷᠢᠶᠠᠯᠠᠬᠤ ᠬᠦᠴᠦᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠬᠦᠳᠦᠯᠦᠨ ᠳᠠᠭᠠᠭᠤᠯᠬᠤ ᠪᠠ ᠠᠬᠢᠭᠤᠯᠵᠤ᠂ ᠮᠠᠨ ᠤ ᠬᠤᠳᠠ ᠶᠢᠨ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠡᠢ᠃      ᠳᠠᠷᠠᠭ᠎ᠠ ᠳᠤᠨᠢ᠂ ᠹᠧᠩ ᠰᠢᠤᠸᠠᠢ ᠲᠤᠤ ᠨᠠᠷ ᠪᠠᠶᠠᠨᠳᠤᠬᠤᠢ ᠪᠠᠯᠭᠠᠰᠤ ᠶᠢᠨ ᠢ ᠺᠧ ᠱᠣ᠋ ᠲᠣᠰᠬᠤᠨ ᠳᠤ ᠬᠦᠷᠴᠦ᠂ ᠬᠤᠵᠢᠷᠯᠢᠭ ᠤᠰᠤ ᠪᠠᠷ ᠡᠮᠦᠨᠡᠲᠦ ᠠᠮᠧᠷᠢᠺᠠ ᠶᠢᠨ ᠵᠦᠢᠷᠡᠢ ᠴᠠᠭᠠᠨ ᠰᠠᠮ ᠬᠤᠷᠣᠬᠠᠢ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠪᠠᠶᠢᠳᠠᠯ ᠢ ᠨᠢ ᠨᠠᠷᠢᠨ ᠣᠶᠢᠯᠠᠭᠠᠪᠠ᠃ ᠹᠧᠩ ᠰᠢᠤᠸᠠᠢ ᠲᠤᠤ ᠴᠢᠬᠤᠯᠠᠴᠢᠯᠠᠭᠰᠠᠨ   ᠨᠢ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠠᠩᠬᠠᠷᠴᠤ᠂ ᠬᠥᠲᠥᠴᠢ ᠠᠵᠤ ᠠᠬᠤᠶᠢᠯᠠᠯ ᠤᠨ ᠬᠥᠲᠥᠯᠦᠨ ᠳᠠᠭᠠᠭᠤᠯᠬᠤ ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠨᠠᠷᠢᠯᠢᠭ ᠰᠢᠯᠢᠳᠡᠭ ᠬᠦᠴᠦᠷᠭᠡᠭ ᠪᠤᠯᠭᠠᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠨ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠶ᠃      ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠠᠶᠢᠨᠠᠨ ᠤ ᠠᠵᠤ ᠦᠢᠯᠡᠰ ᠤᠨ ᠬᠦᠷᠢᠶᠡᠯᠡᠩ ᠳᠤ᠂ ᠹᠧᠩ ᠰᠢᠤᠸᠠᠢ ᠲᠤᠤ ᠨᠠᠷ ᠤᠷᠢᠳ ᠬᠤᠵᠢᠳ ᠶᠠᠳᠦ᠋ᠩ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠿᠦᠩ ᠰᠢᠨ ᠡᠨᠧᠷᠭᠢ ᠶᠢᠨ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠬᠢᠮᠢ ᠶᠢᠨ ᠺᠣᠮᠫᠠᠨᠢ ᠶᠢᠨ ᠰᠢ ᠯᠠᠢ ᠹᠧᠩ ᠬᠤᠪᠢᠶᠠᠷᠢ ᠺᠣᠮᠫᠠᠨᠢ᠂ ᠺᠧ ᠱᠦᠸᠧ ᠰᠢᠨ᠎ᠡ ᠮᠠᠲ᠋ᠧᠷᠢᠶᠠᠯ ᠤᠨ ᠺᠣᠮᠫᠠᠨᠢ᠂ ᠴᠢᠩ ᠱᠢ ᠬᠢᠮᠢ ᠶᠢᠨ ᠺᠣᠮᠫᠠᠨᠢ ᠵᠡᠷᠭᠡ ᠬᠡᠪᠴᠢᠶᠡᠵᠢᠯ ᠠᠴᠠ ᠲᠡᠭᠡᠭᠰᠢᠭᠢ ᠠᠵᠤ ᠠᠬᠤᠶᠢᠯᠠᠯ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠬᠤ ᠬᠤᠷᠠᠯ ᠬᠤᠷᠠᠯᠳᠣᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠦᠢᠯᠡᠳᠪᠦᠷᠢᠯᠡᠬᠦ ᠴᠢᠳᠠᠪᠤᠷᠢ᠂ ᠤᠷᠠᠨ ᠲᠠᠷᠬᠠᠯᠠᠯ ᠤᠨ ᠴᠤᠪᠤᠷᠠᠯ᠂ ᠬᠡᠦᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠵᠡᠷᠭᠡ ᠪᠠᠶᠢᠳᠠᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠢ ᠣᠶᠢᠯᠠᠭᠠᠪᠡ᠃ ᠹᠧᠩ ᠰᠢᠤᠸᠠᠢ ᠲᠤᠤ ᠵᠢᠭᠠᠵᠤ ᠭᠠᠷᠭᠠᠭᠰᠠᠨ ᠨᠢ᠂ ︽ᠠᠮᠢ ᠠᠬᠤᠶ ᠶᠢ ᠤᠷᠢᠳᠠᠪᠡᠷ ᠪᠤᠲᠤᠯᠬᠢᠯᠠᠵᠤ᠂ ᠪᠣᠬᠢᠷᠲᠤᠯ ᠥᠬᠡᠶ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ  ᠪᠠᠨ ᠰᠠᠶᠢᠲᠤᠷ ᠠᠳᠬᠤᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠰᠢᠯᠢᠳᠡᠭᠵᠢᠭᠦᠯᠦᠨ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ︽ᠬᠡᠯᠬᠢᠶ᠎ᠡ ᠪᠠᠨ ᠤᠷᠲᠤᠳᠬᠠᠬᠤ᠂ ᠬᠡᠯᠬᠢᠶ᠎ᠡ ᠪᠠᠨ ᠨᠥᠬᠦᠪᠥᠷᠢᠯᠡᠬᠦ᠂ ᠬᠡᠯᠬᠢᠶ᠎ᠡ ᠪᠠᠨ ᠴᠢᠩᠭᠠᠳᠬᠠᠬᠤ︾ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠶ᠃      ᠹᠧᠩ ᠰᠢᠤᠸᠠᠢ ᠲᠤᠤ ᠪᠠᠰᠠ ᠪᠠᠶᠠᠨᠲᠤᠬᠤᠢ ᠪᠠᠯᠭᠠᠰᠤ ᠶᠢᠨ ᠰᠧ ᠰᠢᠨ ᠲᠣᠰᠬᠤᠨ ᠤ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠡᠲᠡᠭᠡᠳ ᠸᠠᠩ ᠹᠧᠩ ᠭᠠᠩ ᠢ ᠲᠣᠬᠤᠨᠢᠭᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号