ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ ᠤᠨ 2022 ᠣᠨ ᠤ 11 ᠳ᠋ᠣᠭᠡᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/19
     5 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠤ ᠨᠠᠶᠢᠳᠠᠯᠭ᠎ᠠ ᠪᠠᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2022 ᠣᠨ ᠤ 11 ᠳ᠋ᠣᠭᠡᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠰᠠᠶᠢᠳ ᠯᠢ ᠺᠧ ᠴᠢᠶᠠᠩ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠵᠠᠯᠠᠭᠤᠴᠤᠳ ᠢ ᠦᠨᠡᠨ ᠰᠡᠳᠬᠢᠯ ᠠᠴᠠ ᠪᠠᠨ ᠬᠠᠯᠠᠮᠵᠢᠯᠠᠵᠤ᠂ ᠵᠠᠯᠠᠭᠤᠴᠤᠳ ᠢ ᠬᠠᠶᠢᠷᠠᠯᠠᠨ ᠬᠠᠯᠠᠮᠵᠢᠯᠠᠵᠤ᠂ ᠥᠷᠭᠡᠨ ᠤᠯᠠᠨ ᠵᠠᠯᠠᠭᠤᠴᠤᠳ ᠤᠨ ᠢᠮᠠᠭᠲᠠ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠦᠳᠦᠯᠦᠨ ᠵᠢᠯᠣᠭᠤᠳᠴᠤ᠂ ᠵᠠᠯᠠᠭᠤᠴᠤᠳ ᠤᠨ ᠬᠥᠭᠵᠢᠯᠲᠡ ᠶᠢ ᠳᠡᠮᠵᠢᠬᠦ ᠨᠡᠩ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ ᠂ ᠵᠠᠯᠠᠭᠤᠴᠤᠳ ᠤᠨ ᠠᠵᠢᠯ ᠣᠯᠵᠣ ᠦᠢᠯᠡᠰ ᠪᠤᠰᠬᠠᠬᠤ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ︽ᠪᠠᠴᠢᠮ ᠬᠦᠴᠢᠷ ᠵᠣᠪᠠᠨᠢᠯ ᠡᠷᠡᠮᠡᠯᠵᠡᠯ︾ ᠤᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠲᠠᠰᠤᠷᠠᠯᠲᠠ ᠦᠭᠡᠢ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠥᠷᠭᠡᠨ ᠤᠯᠠᠨ ᠵᠠᠯᠠᠭᠤᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠵᠠᠯᠠᠭᠤᠴᠤᠳ ᠢ ᠪᠦᠬᠦ ᠰᠡᠳᠬᠢᠯ ᠢᠶᠠᠷ ᠬᠥᠮᠦᠵᠢᠭᠦᠯᠵᠦ᠂ ᠵᠠᠯᠠᠭᠤᠴᠤᠳ ᠢ ᠬᠦᠳᠦᠯᠦᠨ ᠵᠢᠯᠣᠭᠤᠳᠴᠤ᠂ ᠥᠷᠭᠡᠨ ᠤᠯᠠᠨ ᠵᠠᠯᠠᠭᠤᠴᠤᠳ ᠢ ᠵᠣᠬᠢᠶᠠᠨ ᠪᠠᠶᠢᠭᠤᠯᠵᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠹᠷᠣᠨᠲ ᠳᠡᠭᠡᠷ᠎ᠡ ᠭᠠᠪᠰᠢᠭᠠᠶᠢᠯᠠᠨ ᠤᠷᠤᠭᠰᠢᠯᠠᠵᠤ᠂ ᠵᠣᠷᠢᠭᠲᠠᠢ ᠪᠠᠷ ᠬᠤᠰᠢᠭᠤᠴᠢ ᠪᠤᠯᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢ ᠪᠡᠶᠡᠯᠡᠭᠦᠯᠬᠦ ᠳᠤ ᠨᠡᠩ ᠬᠦᠴᠦᠷᠬᠡᠭ ᠵᠠᠯᠠᠭᠤ ᠨᠠᠰᠤᠨ ᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠠᠵᠢᠯ ᠠᠴᠠ ᠪᠠᠨ ᠰᠠᠯᠵᠤ ᠰᠣᠬᠤᠷ ᠪᠠᠯᠠᠢ ᠪᠠᠷ ᠥᠷᠭᠡᠳᠬᠡᠬᠦ᠂ ᠥᠷᠢ ᠥᠭᠴᠡᠭᠡ ᠶᠡᠬᠡᠲᠡᠢ ᠪᠠᠷ ᠡᠵᠡᠩᠨᠡᠬᠦ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠪᠠᠶᠢᠴᠠᠭᠠᠵᠤ ᠬᠢᠨᠠᠨ ᠬᠡᠮᠵᠢᠬᠦ ᠪᠠᠨ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢᠶᠠᠨ ᠯᠠᠪᠳᠠᠭᠤᠨ ᠪᠥᠭᠡᠳ ᠡᠮᠬᠢ ᠳᠢᠭᠯᠢᠮ ᠲᠠᠢ ᠰᠠᠶᠢᠲᠤᠷ ᠬᠢᠵᠦ᠂ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠨ ᠬᠦᠷᠦᠩᠭᠡ ᠶᠢᠨ ᠢᠳᠡᠪᠬᠢᠵᠢᠯ ᠢ ᠳᠠᠶᠢᠴᠢᠯᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠢᠨ ᠡᡁᠧ ᠶᠢᠨ ᠬᠤᠶᠠᠳᠤᠭᠠᠷ ᠬᠤᠭᠤᠴᠠᠭᠠᠨ ᠤ ᠨᠡᠭᠡᠭᠡᠨ ᠬᠥᠭᠵᠢᠭᠦᠯᠦᠯᠲᠡ᠂ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠶᠢ ᠲᠠᠲᠠᠵᠤ᠂ ᠬᠦᠷᠦᠩᠭᠡ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠤᠬᠠᠪᠤᠷᠢᠯᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠪᠣᠳᠠᠲᠠᠶ ᠠᠷᠭ᠎ᠠ ᠬᠡᠮᠵᠢᠶ᠎ᠡ︾ ᠶᠢ ᠴᠢᠩᠭ᠎ᠠ ᠬᠡᠷᠡᠭᠵᠢᠭᠦᠯᠦᠨ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠦᠨᠡᠨᠬᠦ ᠬᠦᠢᠴᠡᠳᠬᠡᠵᠦ᠂ ᠤᠯᠤᠰ ᠲᠥᠷᠥ ᠶᠢᠨ ᠶᠠᠷᠢᠯᠴᠠᠭ᠎ᠠ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠳᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠥᠭᠵᠢᠯᠲᠡ ᠶᠢ ᠠᠬᠢᠭᠤᠯᠬᠤ︾ ᠰᠤᠷᠲᠠᠯ ᠤᠨ ᠪᠠᠶᠢᠭᠤᠯᠤᠯᠲᠠ ᠪᠠᠨ ᠲᠥᠪᠯᠡᠷᠡᠭᠦᠯᠦᠨ ᠴᠡᠭᠴᠡᠯᠡᠵᠦ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠶᠢ ᠲᠦᠢᠯᠪᠤᠷᠢᠲᠠᠢ ᠠᠷᠢᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠰᠠᠨᠠᠯ︾ ᠢ ᠤᠯᠠᠮᠵᠢᠯᠠᠨ ᠰᠤᠷᠤᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号