ᠲᠠᠩ ᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ ᠥᠪᠡᠷ ᠢᠶᠠᠨ ᠪᠠᠶᠢᠭᠤᠯᠤᠭᠰᠠᠨ ᠣᠷᠣᠨ ᠰᠠᠭᠤᠴᠠ ᠶᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/5/20

    5 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠨᠠᠨ

ᠲᠣᠭᠤᠷᠢᠭ ᠲᠤ ᠭᠦᠨᠵᠡᠭᠡᠶᠢᠷᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ

ᠥᠪᠡᠷ ᠢᠶᠠᠨ ᠪᠠᠶᠢᠭᠤᠯᠤᠭᠰᠠᠨ ᠣᠷᠣᠨ ᠰᠠᠭᠤᠴᠠ ᠶᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠣᠳᠣᠯᠣᠯᠳᠠ

ᠬᠢᠪᠡ᠃ ︵ᠱᠢ ᠯᠢ ᠽᠧᠩ ᠰᠡᠭᠦᠳᠡᠷᠯᠡᠪᠡ︶

     5 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠨᠠᠨ

ᠲᠣᠭᠤᠷᠢᠭ ᠲᠤ ᠭᠦᠨᠵᠡᠭᠡᠶᠢᠷᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ

ᠥᠪᠡᠷ ᠢᠶᠠᠨ ᠪᠠᠶᠢᠭᠤᠯᠤᠭᠰᠠᠨ ᠣᠷᠣᠨ ᠰᠠᠭᠤᠴᠠ ᠶᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠣᠳᠣᠯᠣᠯᠳᠠ

ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ

ᠰᠢᠶᠤᠤ᠂ ᠬᠤᠲᠠ ᠶᠢᠨ ᠳᠡᠳ᠋ ᠳᠠᠷᠤᠭ᠎ᠠ ᠭᠦᠸᠧ ᠢ ᠵᠢᠶᠧ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃

     ᠲᠠᠩ ᠢ ᠨᠡᠷ ᠢ ᠮᠢᠨ ᠵᠢᠵᠢᠭ ᠲᠤᠭᠤᠷᠢᠭ᠂ ᠬᠠᠶᠢᠷᠣᠪ ᠤᠨ ᠲᠤᠬᠤᠢ ᠶᠢᠨ ᠴᠠᠭᠢᠯᠭᠠᠨ ᠭᠠᠷᠭᠠᠬᠤ

ᠦᠢᠯᠡᠳᠪᠦᠷᠢ ᠶᠢᠨ ᠣᠷᠣᠨ ᠰᠠᠭᠤᠴᠠ᠂ ᠬᠡᠦᠷᠰᠢᠭᠦᠯᠬᠦ ᠦᠢᠯᠡᠳᠪᠦᠷᠢ ᠶᠢᠨ ᠣᠷᠣᠨ ᠰᠠᠭᠤᠴᠠ ᠵᠡᠷᠭᠡ 3 ᠬᠠᠭᠤᠴᠢᠨ

ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ ᠪᠠᠶᠢᠭ᠎ᠠ ᠲᠤᠬᠠᠶ ᠶᠢᠨ ᠲᠠᠯᠠᠪᠤᠷ ᠲᠤ ᠬᠦᠷᠴᠦ᠂ ᠲᠥᠷᠥᠯ

ᠵᠦᠢᠯ ᠤᠨ ᠠᠬᠢᠴᠠ᠂ ᠪᠠᠷᠢᠯᠭ᠎ᠠ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠭᠰᠠᠨ ᠪᠥᠭᠡᠳ ᠵᠢᠵᠢᠭ

ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ᠂ ᠥᠭᠡᠷᠡᠴᠢᠯᠡᠨ ᠪᠠᠶᠢᠭᠤᠯᠬᠤ ᠠᠵᠢᠯ ᠤᠨ

ᠲᠤᠬᠠᠶ ᠰᠠᠨᠠᠯ ᠰᠠᠨᠠᠭᠤᠯᠭ᠎ᠠ ᠶᠢ ᠠᠰᠠᠭᠤᠬᠤ ᠶᠢᠨ ᠬᠠᠮᠲᠤ ᠣᠯᠠᠨ ᠢᠶᠠᠷ ᠢᠶᠠᠨ ᠵᠢᠵᠢᠭ ᠲᠣᠭᠤᠷᠢᠭ ᠤᠨ

ᠬᠠᠮᠢᠶᠠᠷᠤᠯᠲᠠ ᠳᠤ ᠢᠳᠡᠪᠬᠢᠲᠡᠶ ᠣᠷᠣᠯᠴᠠᠵᠤ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠢ

ᠰᠠᠨᠠᠭᠠᠴᠢᠯᠠᠭ᠎ᠠ ᠠᠴᠠ ᠪᠠᠨ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠯ ᠲᠠᠢ ᠬᠡᠷ ᠣᠷᠣᠨ ᠢᠶᠠᠨ

ᠬᠠᠮᠲᠤ ᠪᠠᠷ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃

     ᠲᠠᠩ ᠢ ᠵᠢᠭᠠᠵᠤ ᠭᠠᠷᠭᠠᠭᠰᠠᠨ ᠨᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ

ᠪᠠᠶᠢᠭᠤᠯᠬᠤ ᠪᠣᠯ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠴᠢᠬᠤᠯᠠ

ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ

ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ

ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ

ᠰᠠᠶᠢᠵᠢᠷᠠᠭᠤᠯᠬᠤ᠂ ᠰᠠᠭᠤᠭᠠᠯᠢ ᠠᠷᠠᠳ ᠤᠨ ᠲᠣᠭᠤᠷᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠦᠷᠭᠦᠯᠵᠢᠯᠡᠨ

ᠠᠬᠢᠭᠤᠯᠵᠤ᠂ ᠤᠯᠠᠨ ᠲᠦᠮᠡᠨ ᠳᠤ ᠦᠨᠡᠨᠬᠦ ᠬᠤᠪᠢᠷᠠᠯᠲᠠ ᠶᠢ ᠦᠵᠡᠭᠦᠯᠵᠦ᠂ ᠪᠣᠳᠠᠲᠠᠢ ᠠᠰᠢᠭ ᠬᠦᠷᠲᠡᠭᠡᠬᠦ ᠬᠡᠷᠡᠭᠲᠡᠢ

ᠭᠡᠵᠡᠢ᠃

     ᠲᠠᠩ ᠢ ᠴᠢᠬᠤᠯᠠᠴᠢᠯᠠᠭᠰᠠᠨ ᠨᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ

ᠪᠠᠶᠢᠭᠤᠯᠬᠤ ᠪᠣᠯ ᠰᠢᠰᠲ᠋ᠧᠮᠲᠦ ᠢᠨᠵᠧᠨᠧᠷᠢᠩ ᠪᠣᠯᠤᠨ᠎ᠠ᠂ ᠪᠣᠳᠠᠲᠠᠢ ᠲᠠᠢ ᠤᠶᠠᠯᠳᠤᠭᠤᠯᠤᠨ ᠨᠢᠭᠡᠳᠦᠯᠲᠡᠢ

ᠲᠥᠯᠥᠪᠵᠢᠭᠦᠯᠦᠨ ᠠᠬᠢᠭᠤᠯᠬᠤ ᠪᠠᠷ ᠪᠠᠷᠠᠬᠤ ᠦᠭᠡᠢ ᠪᠠᠰᠠ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠨᠠᠷᠢᠨ ᠵᠦᠢᠯᠡᠰ ᠢ

ᠴᠢᠬᠤᠯᠠᠴᠢᠯᠠᠵᠤ᠂ ︽ᠰᠠᠭᠤᠷᠢ ᠳᠦᠷᠦᠯ᠂ ᠲᠡᠭᠦᠯᠳᠡᠷᠵᠢᠭᠦᠯᠬᠦ ᠳᠦᠷᠦᠯ᠂ ᠳᠡᠭᠡᠭᠰᠢᠯᠡᠭᠦᠯᠬᠦ ᠳᠦᠷᠦᠯ︾ ᠤᠨ

ᠶᠣᠰᠣᠭᠠᠷ ᠬᠠᠨᠳᠤᠯᠭᠠᠲᠤ ᠴᠢᠨᠠᠷᠲᠠᠢ ᠪᠠᠷ ᠥᠭᠡᠷᠡᠴᠢᠯᠡᠨ ᠰᠠᠶᠢᠵᠢᠷᠠᠭᠤᠯᠵᠤ᠂ ᠰᠠᠶᠢᠨ ᠶᠠᠪᠤᠳᠠᠯ ᠢ ᠪᠣᠳᠠᠲᠠᠢ ᠬᠢᠵᠦ᠂

ᠪᠣᠳᠠᠲᠠᠢ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ︽ᠭᠠᠵᠠᠷ ᠳᠡᠭᠡᠷ᠎ᠡ᠂ ᠭᠠᠵᠠᠷ ᠳᠣᠣᠷ᠎ᠠ︾ ᠶᠢ ᠵᠡᠷᠭᠡᠪᠡᠷ

ᠴᠢᠬᠤᠯᠠᠴᠢᠯᠠᠬᠤ ᠶᠢ ᠪᠠᠷᠢᠮᠲᠠᠯᠠᠵᠤ᠂ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ ᠵᠡᠷᠭᠡ ᠭᠠᠵᠠᠷ ᠳᠣᠣᠷᠠᠬᠢ

ᠬᠤᠭᠤᠯᠠᠢ ᠲᠣᠣᠷ ᠢ ᠰᠢᠨᠡᠳᠬᠡᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠣᠷᠣᠨ ᠵᠠᠢ ᠶᠢ ᠵᠣᠬᠢᠰᠲᠠᠢ

ᠬᠠᠲᠠᠭᠤᠷᠠᠭᠤᠯᠵᠤ᠂ ᠨᠣᠭᠤᠭᠠᠷᠠᠭᠤᠯᠵᠤ᠂ ᠭᠤᠶᠤᠵᠢᠭᠤᠯᠵᠤ᠂ ᠵᠤᠭ᠎ᠠ ᠴᠡᠩᠭᠡᠯ ᠤᠨ ᠪᠠᠭᠠᠵᠢ ᠬᠡᠷᠡᠭᠰᠡᠯ᠂ ᠲᠡᠷᠭᠡ

ᠵᠣᠭᠰᠣᠬᠤ ᠪᠠᠶᠢᠷᠢ ᠵᠡᠷᠭᠡ ᠠᠷᠠᠳ ᠲᠤ ᠲᠦᠭᠦᠮ ᠦᠵᠡᠭᠦᠯᠬᠦ ᠤᠯᠠᠨ ᠨᠡᠶᠢᠲᠡ ᠶᠢᠨ ᠦᠢᠯᠡᠴᠢᠯᠡᠭᠡᠨ ᠤ

ᠲᠥᠬᠦᠭᠡᠷᠦᠮᠵᠢ ᠶᠢ ᠪᠠᠶᠢᠷᠢᠯᠠᠭᠤᠯᠬᠤ ᠬᠡᠷᠡᠭᠲᠡᠢ᠃ ᠭᠠᠵᠠᠷ ᠳᠣᠣᠷᠠᠬᠢ ᠬᠤᠭᠤᠯᠠᠶ ᠲᠣᠣᠷ ᠤᠨ ᠪᠠᠷᠢᠯᠭ᠎ᠠ ᠶᠢᠨ ᠵᠢᠷᠤᠭ

ᠲᠥᠯᠥᠪᠯᠡᠭᠡ ᠵᠡᠷᠭᠡ ᠶᠢᠨ ᠮᠠᠲ᠋ᠧᠷᠢᠶᠠᠯ ᠢ ᠬᠠᠳᠠᠭᠠᠯᠠᠵᠤ ᠰᠢᠯᠵᠢᠭᠦᠯᠦᠨ ᠲᠤᠰᠢᠶᠠᠬᠤ ᠠᠵᠢᠯ ᠢᠶᠠᠨ ᠰᠠᠶᠢᠲᠤᠷ ᠬᠢᠵᠦ᠂

ᠬᠤᠳᠠ ᠶᠢᠨ ᠬᠤᠶᠢᠰᠢᠳᠠ ᠶᠢᠨ ᠪᠥᠳᠥᠭᠡᠨ ᠪᠠᠶᠢᠭᠤᠯᠤᠯᠲᠠ ᠶᠢᠨ ᠬᠥᠭᠵᠢᠯᠲᠡ ᠳᠤ ᠰᠠᠭᠤᠷᠢ ᠬᠠᠩᠭᠠᠬᠤ ᠬᠡᠷᠡᠭᠲᠡᠶ᠃

ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠪᠠᠶᠢᠬᠤ ᠶᠢ ᠴᠢᠬᠤᠯᠠᠴᠢᠯᠠᠭᠰᠠᠨ

ᠤᠷᠢᠲᠠᠯ ᠳᠣᠣᠷ᠎ᠠ᠂ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠲᠣᠭᠲᠠᠭᠰᠠᠨ

ᠬᠤᠭᠤᠴᠠᠭᠠᠨ ᠳᠠᠭᠠᠨ ᠪᠠᠷᠢᠯᠭ᠎ᠠ ᠶᠢᠨ ᠠᠵᠢᠯ ᠢᠶᠠᠨ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃

     ᠬᠠᠲᠤᠨ ᠭᠤᠣᠯ ᠵᠠᠬ᠎ᠠ ᠳᠡᠯᠭᠡᠭᠦᠷ ᠤᠨ ᠡᠮᠦᠨ᠎ᠡ ᠲᠠᠯ᠎ᠠ ᠶᠢᠨ ᠡᠵᠡᠩᠨᠡᠯᠲᠡ ᠶᠢᠨ ᠴᠢᠨᠠᠷᠲᠠᠢ ᠳᠡᠯᠭᠡᠭᠦᠷ ᠪᠠ

ᠬᠠᠲᠤᠨ ᠭᠤᠣᠯ ᠤᠨ ᠠᠵᠤ ᠦᠢᠯᠡᠳᠪᠦᠷᠢ ᠠᠷᠠᠯᠵᠢᠶᠠᠨ ᠤ ᠬᠡᠦᠷᠰᠢᠭᠦᠯᠬᠦ ᠦᠢᠯᠡᠳᠪᠦᠷᠢ ᠶᠢᠨ ᠥᠪᠡᠷ ᠢᠶᠠᠨ

ᠪᠠᠶᠢᠭᠤᠯᠤᠭᠰᠠᠨ ᠤᠷᠤᠨ ᠰᠠᠭᠤᠴᠠ ᠳᠤ ᠲᠠᠩ ᠢ ᠭᠡᠷ ᠪᠠᠶᠢᠰᠢᠩ ᠤᠨ ᠣᠳᠣᠬᠢ ᠪᠠᠶᠢᠳᠠᠯ᠂ ᠪᠠᠷᠢᠯᠭ᠎ᠠ ᠶᠢᠨ

ᠪᠦᠲᠦᠴᠡ᠂ ᠥᠭᠡᠷᠡᠴᠢᠯᠡᠨ ᠪᠠᠶᠢᠭᠤᠯᠵᠤ ᠨᠡᠮᠡᠵᠦ ᠪᠠᠶᠢᠭᠤᠯᠤᠭᠰᠠᠨ ᠵᠡᠷᠭᠡ ᠪᠠᠶᠢᠳᠠᠯ ᠢ ᠨᠢ ᠨᠠᠷᠢᠨ ᠯᠠᠪᠯᠠᠨ ᠠᠰᠠᠭᠤᠪᠠ᠃

ᠲᠡᠷᠡ ᠴᠢᠬᠤᠯᠠᠴᠢᠯᠠᠭᠰᠠᠨ ᠨᠢ᠂ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠨᠢ ᠠᠷᠠᠳ ᠣᠯᠠᠨ ᠤ ᠠᠮᠢ

ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠣᠯᠠᠨ ᠲᠦᠮᠡᠨ ᠤ ᠬᠠᠮᠤᠭ ᠤᠨ ᠰᠢᠭᠤᠳ᠂

ᠬᠠᠮᠤᠭ ᠤᠨ ᠠᠩᠬᠠᠷᠤᠯ ᠲᠠᠯᠪᠢᠵᠤ ᠪᠠᠶᠢᠭ᠎ᠠ᠂ ᠬᠠᠮᠤᠭ ᠤᠨ ᠴᠢᠬᠤᠯᠠ ᠶᠡᠭᠡ ᠠᠰᠢᠭ ᠲᠤᠰᠠ ᠮᠥᠨ᠃ ︽ᠠᠷᠠᠳ

ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠴᠠᠩᠱᠠ ᠶᠢᠨ

ᠰᠠᠭᠤᠭᠠᠯᠢ ᠠᠷᠠᠳ ᠤᠨ ᠥᠪᠡᠷ ᠢᠶᠠᠨ ᠪᠠᠶᠢᠭᠤᠯᠤᠭᠰᠠᠨ ᠬᠡᠷ ᠪᠠᠶᠢᠰᠢᠩ ᠨᠤᠷᠠᠭᠰᠠᠨ ᠠᠳᠡᠯ ᠠᠴᠠ ᠭᠦᠨᠵᠡᠭᠡᠶ

ᠰᠤᠷᠭᠠᠮᠵᠢ ᠠᠪᠴᠤ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠳᠤ

ᠴᠢᠭᠯᠡᠭᠦᠯᠦᠨ ᠪᠠᠶᠢᠴᠠᠭᠠᠵᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠬᠡᠷ ᠪᠠᠶᠢᠰᠢᠩ ᠤᠨ ᠭᠤᠤᠯ ᠴᠣᠭᠴᠠ ᠶᠢᠨ

ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ

ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠦᠨᠳᠦ ᠶᠡᠭᠡ ᠠᠶᠤᠯ ᠲᠦᠭᠰᠢᠭᠦᠷᠢ ᠶᠢ

ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ

ᠰᠠᠶᠢᠲᠤᠷ ᠬᠠᠮᠠᠭᠠᠯᠠᠬᠤ ᠬᠡᠷᠡᠭᠲᠡᠶ ᠭᠡᠵᠡᠢ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号