ᠲᠠᠩ ᠢ ᠬᠤᠳᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠢ ᠡᠷᠭᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/5/20
     5 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠳ᠋ᠧᠩ ᠺᠠᠶ᠂ ᠵᠢᠶᠠ ᠴᠢᠩ ᠳ᠋ᠦᠩ ᠂ ᠰᠦᠨ ᠬᠤᠤ᠂ ᠯᠢ ᠴᠦᠨ ᠰᠢᠶᠤᠤ᠂ ᠮᠧᠩ ᠫᠸᠢ ᠶᠦᠨ᠂ ᠮᠤᠤ ᠵᠧᠨ ᠬᠠᠶ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠤᠨ᠎ᠠ᠂ ᠤᠯᠤᠰ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠠᠮᠤᠷ ᠲᠦᠪᠰᠢᠨ ᠲᠣᠭᠲᠠᠭᠤᠨ ᠤ ᠪᠠᠶᠢᠳᠠᠯ ᠢ ᠰᠡᠷᠭᠡᠭ ᠢᠶᠠᠷ ᠲᠠᠨᠢᠵᠤ᠂ ᠵᠥᠪ ᠣᠨᠣᠪᠴᠢᠲᠠᠶ ᠮᠠᠭᠠᠳᠯᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠡᠯ᠎ᠡ ᠬᠦᠷᠢᠶ᠎ᠡ᠂ ᠡᠯ᠎ᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠪᠠᠷᠠᠭᠤᠨ ᠬᠠᠭᠠᠯᠭ᠎ᠠ︾ ᠶᠢ ᠰᠠᠶᠢᠲᠤᠷ ᠬᠠᠷᠠᠵᠤ᠂ ᠠᠮᠤᠷ ᠲᠦᠪᠰᠢᠨ ᠲᠣᠭᠲᠠᠭᠤᠨ ᠤᠯᠤᠰ ᠲᠦᠷᠦ ᠠᠵᠤ ᠠᠬᠤᠢ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃   ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠡᠷᠲᠡ ᠠᠴᠠ ᠴᠣᠬᠢᠯᠲᠠ ᠥᠭᠴᠦ ᠪᠠᠭ᠎ᠠ ᠳᠤᠨᠢ ᠴᠣᠬᠢᠯᠲᠠ ᠥᠭᠬᠦ᠂ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠪᠠᠷᠢᠮᠲᠠᠯᠠᠨ᠂ ᠬᠦᠴᠦᠷᠬᠡᠭᠯᠡᠯ ᠰᠦᠷᠳᠡᠭᠦᠯᠦᠯ ᠢ ᠡᠰᠡᠷᠭᠦᠴᠡᠬᠦ᠂ ᠨᠡᠪᠴᠢᠯᠲᠡ ᠶᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠤᠯᠤᠰ ᠲᠥᠷᠥ ᠶᠢᠨ ᠠᠮᠤᠷ ᠲᠦᠪᠰᠢᠨ ᠢ ᠨᠥᠯᠥᠭᠡᠯᠡᠬᠦ ᠠᠯᠢᠪᠠ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠬᠦ ᠬᠦᠴᠦ ᠪᠠᠷ ᠢᠶᠠᠨ ᠠᠷᠢᠯᠭᠠᠬᠤ ᠬᠡᠷᠡᠭᠲᠡᠶ᠃ ᠠᠵᠤ ᠠᠬᠤᠶ ᠶᠢᠨ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠢᠳᠡᠪᠬᠢᠲᠡᠶ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠠᠷᠭᠠᠴᠠᠭᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠡᠷᠭᠡᠶᠢᠯᠡᠨ ᠠᠷᠢᠯᠭᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠯᠡᠨ ᠠᠵᠤ ᠠᠬᠤᠶ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠣᠯᠤᠨ ᠠᠵᠤ ᠦᠢᠯᠡᠰ ᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠬᠠᠮᠠᠭᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠦᠬᠠᠢ ᠶᠢᠨ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ︽ᠳᠤᠯᠤᠭ᠎ᠠ ᠶᠢ ᠵᠠᠰᠠᠬᠤ︾ ᠳᠡᠭᠡᠷ᠎ᠡ ᠦᠷᠭᠦᠯᠵᠢᠯᠡᠨ ᠰᠢᠰᠲ᠋ᠧᠮ ᠲᠠᠢ ᠬᠦᠴᠦᠯᠡᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠨᠡᠶᠢᠭᠡᠮ ᠤᠨ ᠠᠮᠤᠷ ᠲᠦᠪᠰᠢᠨ ᠢ ᠪᠠᠲᠤ ᠰᠠᠬᠢᠵᠤ᠂ ᠨᠡᠶᠢᠭᠡᠮ ᠤᠨ ᠵᠥᠷᠢᠴᠡᠯ ᠢ ᠰᠡᠷᠭᠡᠶᠢᠯᠡᠬᠦ ᠪᠠ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠠᠮᠤᠭᠤᠯᠠᠩ ᠦᠬᠠᠢ ᠶᠢᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠤᠯᠠᠨ ᠲᠦᠮᠡᠨ ᠤ ᠲᠤᠰᠬᠠᠯ ᠴᠢᠩᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ᠂ ᠲᠤᠰ ᠭᠠᠵᠠᠷ ᠣᠷᠣᠨ᠂ ᠲᠤᠰ ᠬᠦᠷᠢᠶᠡᠨ ᠤ ᠠᠵᠢᠯ ᠢᠶᠠᠨ ᠰᠦᠪᠡᠭᠴᠢᠯᠡᠬᠦ ᠬᠡᠷᠡᠭᠲᠡᠢ᠃ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠪᠡᠶ᠎ᠡ ᠪᠠᠷ ᠢᠶᠠᠨ ᠴᠢᠬᠤᠯᠠ ᠠᠵᠢᠯ ᠢ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ ᠬᠠᠮᠢᠶᠠᠷᠴᠤ᠂ ᠭᠤᠣᠯᠳᠠᠯᠭ᠎ᠠ ᠲᠠᠢ ᠭᠤᠭᠴᠤᠭ᠎ᠠ ᠶᠢ ᠵᠣᠬᠢᠴᠠᠭᠤᠯᠬᠤ ᠬᠡᠷᠡᠭᠲᠡᠢ᠃ ᠬᠤᠳᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠬᠢᠨ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠲᠥᠯᠥᠪᠵᠢᠭᠦᠯᠭᠡ ᠪᠠ ᠠᠬᠢᠭᠤᠯᠤᠯᠲᠠ ᠪᠠᠨ ᠴᠢᠩᠭᠠᠳᠬᠠᠵᠤ᠂ ᠠᠵᠢᠯ ᠤᠨ ᠳᠤᠮᠳᠠᠬᠢ ᠭᠤᠣᠯᠳᠠᠯᠭ᠎ᠠ ᠲᠠᠢ ᠠᠰᠠᠭᠤᠳᠠᠯ᠂ ᠳᠤᠲᠠᠭᠤᠳᠠᠯ ᠪᠠᠭᠤᠷᠠᠢ ᠵᠦᠢᠯ ᠢᠶᠠᠨ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠣᠯᠣᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠯᠪᠠᠨ ᠬᠡᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠬᠠᠮᠲᠤ ᠪᠠᠷ ᠣᠷᠣᠯᠴᠠᠬᠤ᠂ ᠬᠠᠮᠵᠢᠯᠴᠠᠨ ᠪᠠᠶᠢᠯᠳᠤᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠠᠵᠢᠯ ᠢᠶᠠᠨ ᠰᠠᠯᠭᠠᠵᠤ᠂ ᠨᠢᠭᠲᠠ ᠬᠠᠮᠵᠢᠯᠴᠠᠬᠤ ᠬᠡᠷᠡᠭᠲᠡᠶ᠃ ᠬᠤᠲᠠ ᠶᠢᠨ ᠬᠢᠨᠠᠨ ᠰᠢᠯᠭᠠᠬᠤ ᠠᠯᠪᠠᠨ ᠬᠡᠷ᠂ ᠬᠤᠲᠠ ᠶᠢᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠬᠡᠷ ᠵᠡᠷᠭᠡ ᠰᠠᠯᠠᠭ᠎ᠠ ᠮᠥᠴᠢᠷ ᠤᠳ ᠤᠯᠤᠰ ᠤᠨ ᠠᠮᠤᠷ ᠲᠦᠪᠰᠢᠨ ᠤ ᠠᠵᠢᠯ ᠢ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠭᠤᠯᠭ᠎ᠠ ᠪᠠ ᠲᠤᠭᠤᠷᠢᠨ ᠪᠠᠶᠢᠴᠠᠭᠠᠬᠤ ᠠᠵᠢᠯ ᠤᠨ ᠬᠠᠷᠠᠭᠠᠨ ᠳᠤ ᠣᠷᠣᠭᠤᠯᠵᠤ᠂ ᠴᠢᠩᠭ᠎ᠠ ᠬᠦᠴᠦᠲᠡᠶ ᠬᠢᠨᠠᠯᠲᠠ ᠲᠠᠯᠪᠢᠯᠲᠠ ᠪᠠᠷ ᠤᠯᠤᠰ ᠤᠨ ᠠᠮᠤᠷ ᠲᠦᠪᠰᠢᠨ ᠤ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号